ᠣᠳᠣᠬᠠᠨ ᠳᠤ᠂ ᠮᠠᠨ ᠤ ᠣᠷᠣᠨ ᠤ ᠬᠤᠲᠠ ᠪᠠᠯᠭᠠᠰᠤ ᠵᠢᠨᠡᠮᠨᠡᠯᠭᠡ ᠶᠢᠨ ᠶᠢᠨ ᠳᠠᠭᠠᠳᠬᠠᠯ ᠳᠤ ᠤᠷᠤᠭᠰᠠᠨ | ᠬᠥᠮᠦᠨ ᠤ ᠲᠤᠭ᠎ᠠ 1002.68 ᠲᠦᠮᠡᠨ ᠬᠥᠮᠦᠨ ᠳᠤ ᠬᠦᠷᠴᠦ ᠂ ᠬᠠᠮᠤᠷᠤᠭᠰᠠᠨ ᠨᠣᠷᠮ᠎ᠠ ᠨᠢ 98% ᠠᠴᠠ | ᠳᠡᠭᠡᠭᠰᠢ ᠳᠤ ᠬᠦᠷᠴᠦ᠂ ᠳᠠᠭᠠᠳᠬᠠᠪᠠᠰᠤ ᠵᠤᠬᠢᠬᠤ ᠶᠢ ᠪᠦᠬᠦᠨ ᠢ ᠳᠠᠭᠠᠳᠬᠠᠬᠤ᠂ ᠪᠦᠬᠦ ᠠᠷᠠᠳ ᠢ ᠳᠠᠭᠠᠳᠬᠠᠯ ᠳᠤ | ᠤᠷᠤᠯᠴᠠᠭᠤᠯᠬᠤ ᠶᠢ ᠦᠨᠳᠦᠰᠦᠨ ᠳᠡᠭᠡᠨ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠮᠠᠨ ᠣᠷᠣᠨ ᠤ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ | ᠨᠢ ᠰᠦᠢᠳᠬᠡᠯ ᠲᠤᠰᠢᠶᠠᠬᠤ ᠨᠢ ᠪᠠᠭ᠎ᠠ᠂ ᠬᠠᠮᠤᠷᠤᠯᠲᠠᠨᠢ ᠥᠷᠭᠡᠨ᠂ ᠳᠠᠭᠠᠳᠬᠠᠬᠤ ᠨᠢ ᠪᠦᠷᠢᠨ ᠪᠠ ᠳᠠᠩᠰᠠ | ᠴᠠᠶᠢᠷᠠᠭᠤᠯᠬᠤ ᠨᠢ ᠦᠨᠳᠦᠷ ᠵᠡᠷᠭᠡ ᠣᠨᠴᠠᠯᠢᠭ ᠲᠠᠢ ᠪᠠᠶᠢᠨ᠎ᠠ᠃ ᠣᠳᠣᠬᠠᠨ ᠳᠤ ᠬᠤᠲᠠ ᠪᠠᠯᠭᠠᠰᠤ ᠶᠢᠨ ᠠᠵᠢᠯᠲᠠᠨ | ᠠᠵᠢᠯᠴᠢᠨ ᠤ ᠡᠮᠨᠡᠯᠭᠡ ᠶᠢᠨ ᠳᠠᠭᠠᠳᠬᠠᠯ ᠨᠢ ᠪᠠᠶᠢᠭᠤᠯᠭ᠎ᠠ ᠪᠠ ᠬᠤᠪᠢ ᠬᠥᠮᠦᠨ ᠬᠠᠮᠲᠤ ᠪᠠᠷ ᠰᠦᠢᠳᠬᠡᠯ | ᠲᠤᠰᠢᠶᠠᠬᠤ ᠶᠢ ᠬᠡᠷᠡᠭᠵᠢᠭᠦᠯᠵᠦ᠂ ᠡᠭᠦᠨ ᠳᠤ ᠬᠤᠪᠢ ᠬᠥᠮᠦᠨ ᠤ ᠲᠤᠰᠢᠶᠠᠬᠤ ᠰᠦᠢᠳᠬᠡᠯ ᠨᠢ ᠵᠢᠯ ᠤᠨ ᠴᠠᠯᠢᠩ ᠤᠨ | 2% ᠪᠣᠯᠬᠤ ᠪᠦᠭᠡᠳ ᠪᠠᠷᠤᠭ 1000 ᠲᠥᠭᠦᠷᠢᠭ ᠣᠷᠴᠢᠮ ᠪᠣᠯᠣᠨ᠎ᠠ︔ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠨᠢ ᠬᠤᠪᠢ ᠬᠥᠮᠦᠨ ᠰᠦᠢᠳᠬᠡᠯ ᠲᠤᠰᠢᠶᠠᠬᠤ ᠪᠠ ᠡᠳ᠋ ᠤᠨ ᠵᠠᠰᠠᠭ ᠠᠴᠠ | ᠨᠥᠬᠦᠪᠥᠷᠢ ᠦᠭᠬᠦ ᠶᠢ ᠤᠶᠠᠯᠳᠤᠭᠤᠯᠤᠭᠰᠠᠨ ᠬᠡᠯᠪᠡᠷᠢ ᠶᠢ ᠬᠡᠷᠡᠭᠵᠢᠭᠦᠯᠵᠦ᠂ ᠬᠤᠪᠢ ᠬᠥᠮᠦᠨ ᠵᠢᠯ ᠪᠦᠷᠢ 50 | —300 ᠲᠥᠭᠦᠷᠢᠭ ᠣᠷᠴᠢᠮ ᠤᠨ ᠰᠦᠢᠳᠭᠡᠯ ᠲᠤᠰᠢᠶᠠᠵᠤ ᠂ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ | ᠨᠢ ᠡᠨᠡ ᠵᠢᠯ ᠤᠨ ᠬᠥᠮᠦᠨ ᠪᠦᠷᠢ ᠳᠤ 380 ᠲᠥᠭᠦᠷᠢᠭ ᠪᠤᠯᠤᠨ᠎ᠠ᠃ | ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠨᠢ ᠬᠤᠲᠠ ᠪᠠᠯᠭᠠᠰᠤ ᠶᠢᠨ ᠡᠷᠦᠬᠡ ᠠᠮᠠ | ᠲᠠᠢ ᠪᠦᠬᠦ ᠬᠦᠮᠦᠨ ᠠᠮᠠ ᠶᠢ ᠬᠠᠮᠤᠷᠴᠤ᠂ ᠰᠢᠨ᠎ᠡ ᠲᠦᠷᠦᠭᠰᠡᠨ ᠨᠢᠯᠬ᠎ᠠ ᠬᠡᠦᠬᠡᠳ ᠠᠴᠠ ᠠᠪᠤᠭᠠᠳ ᠨᠠᠰᠤᠲᠠᠨ | ᠪᠤᠭᠤᠷᠤᠯ ᠬᠦᠷᠲᠡᠯ᠎ᠡ ᠂ ᠴᠦᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠪᠣᠯᠤᠨ᠎ᠠ᠃ ᠪᠠᠲᠤᠯᠠᠬᠤ ᠬᠡᠪᠴᠢᠶ᠎ᠡ ᠨᠢ | ᠪᠤᠶ ᠪᠦᠬᠦᠢ ᠳᠠᠭᠠᠳᠬᠠᠯ ᠳᠤ ᠣᠷᠣᠯᠴᠠᠭᠰᠠᠨ ᠬᠥᠮᠦᠰ ᠤᠨ ᠳᠣᠲᠣᠷᠠᠬᠢ ᠡᠪᠡᠳᠴᠢᠲᠡᠨ ᠪᠠᠶᠢᠵᠤ᠂ ᠡᠪᠡᠳᠴᠢᠨ ᠤ | ᠵᠦᠢᠯ ᠭᠡᠵᠦ ᠢᠯᠭᠠᠬᠤ ᠦᠭᠡᠶ᠂ ᠡᠭᠦᠳᠡᠨ ᠡᠮᠨᠡᠯᠭᠡ ᠳᠤ ᠡᠪᠡᠳᠴᠢᠨ ᠢᠶᠠᠨ ᠦᠵᠡᠭᠦᠯᠬᠦ ᠪᠠ ᠡᠮᠨᠡᠯᠭᠡ ᠳᠤ ᠰᠠᠭᠤᠬᠤ | ᠪᠠᠰᠠ ᠪᠠᠶᠢᠨ᠎ᠠ᠃ ᠲᠡᠷᠡᠴᠢᠯᠡᠨ ᠨᠢᠭᠡ ᠵᠦᠢᠯ ᠤᠨ ᠡᠪᠡᠳᠴᠢᠨ ᠳᠤ ᠳᠠᠬᠢᠨᠲᠠ ᠪᠠᠲᠤᠯᠠᠭ᠎ᠠ ᠣᠯᠵᠣ ᠪᠤᠯᠤᠨ᠎ᠠ᠂ | ᠳᠠᠭᠠᠳᠬᠠᠯ ᠤᠨ ᠵᠠᠷᠤᠳᠠᠯ ᠢ ᠨᠡᠮᠡᠭᠳᠡᠭᠦᠯᠬᠦ ᠦᠭᠡᠢ᠃ ᠣᠳᠣᠬᠠᠨ ᠳᠤ᠂ ᠮᠠᠨ ᠤ ᠣᠷᠣᠨ ᠤ ᠬᠤᠲᠠ ᠪᠠᠯᠭᠠᠰᠤ ᠶᠢᠨ | ᠦᠨᠳᠦᠰᠦᠨ ᠡᠮᠨᠡᠯᠭᠡ ᠶᠢᠨ ᠳᠠᠭᠠᠳᠬᠠᠯ ᠪᠦᠬᠦ ᠲᠠᠯ᠎ᠠ ᠶᠢᠨ ᠣᠯᠠᠨ ᠳᠡᠰ ᠳᠠᠪᠬᠤᠷᠭ᠎ᠠ ᠪᠦᠬᠦᠢ ᠪᠠᠲᠤᠯᠠᠭ᠎ᠠ ᠶᠢᠨ | ᠰᠢᠰᠲ᠋ᠧᠮᠵᠢ ᠪᠣᠯᠵᠤ ᠪᠦᠷᠢᠯᠳᠦᠪᠡ᠃ ᠣᠳᠣᠬᠠᠨ ᠳᠤ᠂ ᠮᠠᠨ ᠤ ᠣᠷᠣᠨ ᠤ ᠬᠤᠲᠠ ᠪᠠᠯᠭᠠᠰᠤ ᠶᠢᠨ ᠠᠵᠢᠯᠲᠠᠨ | ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠠᠬᠢ ᠡᠮᠨᠡᠯᠭᠡ ᠳᠤ ᠰᠠᠭᠤᠭᠰᠠᠨ ᠤ ᠵᠠᠷᠤᠳᠠᠯ | ᠤᠨ ᠳᠠᠩᠰᠠ ᠲᠠᠶᠢᠯᠬᠤ ᠳᠣᠮᠳᠠᠴᠢ ᠬᠠᠷᠢᠴᠠᠯ ᠨᠢ 83.88% ᠪᠠᠶᠢᠵᠤ᠂ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠨᠢ 70.92% ᠪᠤᠯᠤᠨ᠎ᠠ᠃ ᠡᠭᠦᠪᠡᠷ ᠪᠦᠬᠦ ᠤᠯᠤᠰ ᠤᠨ ᠡᠮᠦᠨ᠎ᠡ 10 ᠳᠤ ᠪᠠᠶᠢᠷᠢᠯᠠᠵᠤ᠂ ᠡᠷᠭᠢᠨ | ᠲᠣᠭᠤᠷᠢᠨ ᠤ ᠮᠤᠵᠢ ᠣᠷᠣᠨ ᠠᠴᠠ ᠨᠡᠶᠢᠳᠡᠮ ᠳᠡᠭᠡᠨ ᠳᠡᠭᠡᠭᠦᠷ ᠪᠠᠶᠢᠭ᠎ᠠ ᠶᠤᠮ᠃ ᠡᠨᠡ ᠵᠢᠯ᠂ ᠮᠠᠨ ᠣᠷᠣᠨ ᠤ | ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠬᠢᠭᠡᠳ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠢ 85% ᠪᠠ 75% ᠣᠷᠴᠢᠮ ᠳᠤ ᠬᠦᠷᠲᠡᠯ᠎ᠡ | ᠳᠡᠭᠡᠭᠰᠢᠯᠡᠭᠦᠯᠦᠨ᠎ᠡ᠃ |