ᠲᠦᠪ ᠠᠴᠠ 23.5 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ ᠦᠪᠦᠷ ᠮᠤᠩᠭᠤᠯ ᠤᠨ ᠨᠡᠶᠢᠭᠡᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ
ᠨᠡᠶᠢᠲᠡᠯᠡᠭᠰᠡᠨ ᠴᠠᠭ᠄
2015/8/17
      ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠨᠡᠶᠢᠭᠡᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠨᠢ ᠲᠦᠪ ᠤᠨ23.5 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢᠨ ᠳᠡᠮᠵᠢᠯᠭᠡ ᠶᠢ ᠬᠦᠷᠲᠡᠪᠡ᠃ ᠡᠭᠦᠨ ᠳᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠥᠪᠥᠷ ᠮᠣᠩᠭᠤᠯ ᠲᠥᠪ ᠤᠨ 21.9 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠤᠯᠵᠤ᠂ ᠨᠢᠳᠤᠨᠤᠨ ᠤ ᠬᠢ ᠠᠴᠠ 4.1 ᠳ᠋ᠦᠡᠭᠰᠢᠭᠤᠷ ᠲᠥᠭᠦᠷᠢᠭ ᠨᠡᠮᠡᠭᠳᠡᠪᠡ︔ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠥᠪ ᠤᠨ 1.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠤᠯᠵᠤ᠂ ᠪᠦᠲᠦᠭᠡᠨ ᠪᠠᠶᠢᠭᠤᠯᠬᠤ ᠲᠥᠯᠥᠪᠵᠢᠭᠦᠯᠭᠡ ᠤᠨ ᠳᠤᠲᠤᠷᠠᠬᠢ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠡᠯᠡ ᠮᠥᠩᠭᠦ ᠲᠤᠬᠢᠷᠠᠭᠤᠯᠬᠤ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠡᠭᠦᠨ ᠤ ᠬᠠᠮᠲᠤ᠂ ᠥᠪᠥᠷ ᠮᠣᠩᠭᠤᠯ ᠨᠡᠶᠢᠭᠡᠮ ᠤᠨ ᠠᠵᠢᠯ ᠦᠢᠯᠡᠰ ᠤᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠭᠡᠨ ᠠᠬᠢᠭᠤᠯᠵᠤ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠢ ᠨᠡᠭᠦᠯᠭᠡᠨ ᠪᠠᠶᠢᠭᠤᠯᠬᠤ ᠵᠡᠷᠭᠡ ᠨᠢᠭᠡ ᠶᠡᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠨᠲᠡ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠪᠦᠬᠦ ᠣᠷᠣᠨ ᠤ ᠬᠥᠯ ᠪᠦᠮᠪᠦᠭᠡ ᠶᠢᠨ ᠬᠥᠭᠵᠢᠯᠲᠡ ᠶᠢᠨ ᠣᠷᠳᠣ ᠪᠠ ᠤᠷᠲᠤᠪᠲᠤᠷ ᠬᠤᠭᠤᠴᠠᠭᠠᠨ ᠤ ᠲᠥᠯᠥᠪᠵᠢᠭᠦᠯᠭᠡ ᠪᠤᠯᠤᠨ ᠬᠥᠯ ᠪᠥᠮᠪᠦᠭᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠤᠰ ᠤᠨ ᠬᠥᠯ ᠪᠦᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠵᠢᠴᠢ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠵᠤᠰᠠᠯᠠᠩ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠤᠷᠤᠭᠤᠯᠤᠯᠲᠠ ᠳᠤ 5000 ᠲᠦᠮᠡᠨ ᠲᠥᠭᠦᠷᠢᠭ ᠲᠤᠬᠢᠷᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号