2015 ᠣᠨ ᠳᠤ᠂ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠪᠠᠶᠢᠷᠢᠯᠠᠭᠤᠯᠤᠯᠲᠠ ᠬᠢᠭᠡᠳ ᠱᠠᠭᠠᠷᠳᠠᠯᠭ᠎ᠠ ᠶᠣᠰᠣᠭᠠᠷ᠂ 2015 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤ ᠦᠶ᠎ᠡ ᠶᠢᠨ ᠰᠤᠷᠭᠠᠭᠤᠯᠢ ᠶᠢᠨ ᠪᠠᠭᠰᠢ ᠶᠢᠨ ᠤᠨᠴᠠ ᠲᠤᠬᠢᠷᠠᠭᠤᠯᠤᠭᠰᠠᠨ ᠠᠵᠢᠯ ᠤᠨ ᠪᠠᠶᠢᠷᠢ ᠶᠢᠨ ᠡᠯᠰᠡᠬᠦ | ᠠᠵᠢᠯ ᠨᠢ ︽ᠢᠯᠡ᠂ ᠲᠥᠪ ᠭᠤᠣᠯᠴᠢ᠂ ᠰᠠᠶᠢᠨ ᠳᠤᠷ᠎ᠠ ᠠᠴᠠ ᠪᠠᠨ ᠪᠠᠶᠢᠬᠤ᠂ ᠰᠢᠯᠢᠳᠡᠭ ᠢ ᠨᠢ ᠰᠣᠩᠭᠤᠬᠤ︾ | ᠪᠠ ᠬᠤᠰᠢᠭᠤ ᠰᠢᠶᠠᠨ᠂ ᠰᠤᠷᠭᠠᠭᠤᠯᠢ᠂ ᠠᠵᠢᠯ ᠤᠨ ᠪᠠᠶᠢᠷᠢ ᠲᠣᠭᠲᠠᠭᠠᠬᠤ ᠵᠠᠷᠴᠢᠮ ᠢ ᠪᠠᠷᠢᠮᠲᠠᠯᠠᠨ᠂ ᠪᠢᠷ ᠤᠨ | ᠰᠢᠯᠭᠠᠯᠲᠠ ᠪᠤᠯᠤᠨ ᠨᠢᠭᠤᠷᠲᠠᠨ ᠰᠢᠯᠭᠠᠬᠤ ᠶᠢ ᠤᠶᠠᠯᠳᠤᠭᠤᠯᠤᠨ᠎ᠠ᠃ ᠠᠵᠢᠯ ᠤᠨ ᠪᠠᠶᠢᠷᠢ ᠶᠢ ᠨᠡᠶᠢᠲᠡᠯᠡᠬᠦ᠂ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠ ᠨᠤᠲᠠᠯᠠᠬᠤ᠂ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠵᠣᠬᠢᠶᠠᠨ | ᠪᠠᠶᠢᠭᠤᠯᠤᠭᠰᠠᠨ ᠲᠤᠰᠬᠠᠶ ᠵᠦᠢᠯ ᠤᠨ ᠪᠢᠷ ᠰᠢᠯᠭᠠᠯᠲᠠ᠂ ᠠᠶᠢᠮᠠᠭ ᠬᠤᠲᠠ ︵ᠡᠯ᠎ᠡ ᠠᠵᠢᠯ ᠤᠨ ᠪᠠᠶᠢᠷᠢ | ᠲᠤᠬᠢᠷᠠᠭᠤᠯᠤᠭᠰᠠᠨ ᠬᠤᠰᠢᠭᠤ ᠰᠢᠶᠠᠨ ᠣᠷᠣᠯᠴᠠᠬᠤ︶ ᠨᠢᠭᠤᠷᠳᠠᠨ ᠰᠢᠯᠭᠠᠬᠤ ᠶᠢ ᠵᠣᠬᠢᠶᠠᠨ ᠪᠠᠶᠢᠭᠤᠯᠬᠤ ︵ᠲᠤᠷᠰᠢᠨ | ᠬᠢᠴᠢᠶᠡᠯ ᠵᠢᠭᠠᠬᠤ︶᠂ ᠬᠢᠷᠢ ᠬᠡᠮ ᠢ ᠬᠢᠨᠠᠨ ᠪᠠᠶᠢᠴᠠᠭᠠᠬᠤ᠂ ᠨᠡᠷᠡᠰ ᠢ ᠨᠡᠶᠢᠲᠡᠯᠡᠬᠦ ᠵᠡᠷᠭᠡ ᠤᠷᠢᠵᠤ ᠲᠤᠮᠢᠯᠠᠬᠤ ᠳᠡᠰ | ᠳᠠᠷᠠᠭᠠᠯᠠᠯ ᠶᠤᠰᠤᠭᠠᠷ᠂ 2015 ᠤᠨ ᠤ 8 ᠳ᠋ᠤᠭᠠᠷ ᠰᠠᠷ᠎ᠠ ᠶᠢᠨ 12 ᠤᠨ ᠡᠳᠦᠷ ᠲᠡᠭᠦᠰ ᠠᠮᠵᠢᠯᠲᠠ ᠲᠠᠢ | ᠳᠠᠭᠤᠰᠪᠠ᠃ ᠡᠨᠡ ᠵᠢᠯ ᠣᠨᠴᠠ ᠠᠵᠢᠯ ᠤᠨ ᠪᠠᠶᠢᠷᠢ ᠶᠢᠨ ᠪᠠᠭᠰᠢ ᠳᠤ 9983 ᠬᠥᠮᠦᠨ ᠨᠡᠷ᠎ᠡ ᠮᠡᠳᠡᠭᠦᠯᠵᠤ᠂ | 8599 ᠬᠥᠮᠦᠨ ᠨᠢᠭᠤᠷᠳᠠᠨ ᠰᠢᠯᠭᠠᠬᠤ ᠳᠤ ᠣᠷᠣᠯᠴᠠᠪᠠ᠃ ᠨᠢᠭᠤᠷᠲᠠᠨ ᠰᠢᠯᠭᠠᠬᠤ᠂ ᠪᠡᠶ᠎ᠡ ᠪᠠᠶᠢᠴᠠᠭᠠᠬᠤ᠂ | ᠰᠢᠯᠭᠠᠨ ᠬᠢᠨᠠᠬᠤ ᠪᠠᠷ ᠳᠠᠮᠵᠢᠭᠠᠳ᠂ ᠡᠴᠦᠰ ᠲᠤ 391 ᠬᠥᠮᠦᠨ ᠰᠣᠩᠭᠤᠭᠳᠠᠭᠰᠠᠨ ᠪᠠᠶᠢᠨ᠎ᠠ᠃ ᠣᠳᠣᠬᠠᠨ ᠳᠤ᠂ | ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ᠂ ᠥᠪᠥᠷ | ᠮᠣᠩᠭᠤᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠮᠡᠳᠡᠭᠡ ᠵᠠᠩᠭᠢ ᠶᠢᠨ ᠰᠦᠯᠵᠢᠶ᠎ᠡ ᠪᠤᠯᠤᠨ | ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶ᠎ᠡ ᠪᠠᠷ ᠨᠡᠶᠢᠲᠡ ᠳᠤ ᠵᠠᠷᠯᠠᠵᠤ ᠪᠠᠶᠢᠨ᠎ᠠ᠃ |