2015 ᠤᠨ ᠤ ᠪᠦᠬᠦ ᠤᠷᠤᠨ ᠤ ᠠᠵᠢᠯᠴᠢᠨ ᠤ ᠡᠪᠯᠠᠯ ᠤᠨ ᠠᠯᠳᠠᠨ ᠨᠠᠮᠤᠷ ᠤᠨ ᠰᠤᠷᠤᠯᠭ᠎ᠠ ᠶᠢᠨ ᠲᠤᠰᠠᠯᠠᠮᠵᠢ ᠶᠢᠨ ᠠᠵᠢᠯᠯᠠᠭ᠎ᠠ ᠡᠬᠢᠯᠡᠵᠦ  ᠯᠢ ᠫᠸᠡᠭ ᠰᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2015/8/18
     8 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠠᠵᠢᠯᠴᠢᠨ ᠤ ᠶᠡᠷᠦᠩᠭᠡᠢ ᠡᠪᠯᠡᠯ 2015 ᠤᠨ ᠤ  ᠪᠦᠬᠦ ᠤᠷᠤᠨ ᠤ ᠠᠵᠢᠯᠴᠢᠨ ᠤ ᠡᠪᠯᠠᠯ ᠤᠨ ᠠᠯᠳᠠᠨ ᠨᠠᠮᠤᠷ ᠤᠨ ᠰᠤᠷᠤᠯᠭ᠎ᠠ ᠶᠢᠨ ᠲᠤᠰᠠᠯᠠᠮᠵᠢ ᠶᠢᠨ ᠶᠤᠰᠤᠯᠠᠯ ᠶᠠᠪᠤᠭᠤᠯᠵᠤ᠂ ᠲᠤᠬᠠᠢ ᠶᠢᠨ ᠲᠠᠯᠠᠪᠠᠢ ᠳᠤ ᠮᠤᠷᠠᠯ ᠰᠤᠷᠤᠯᠭ᠎ᠠ ᠬᠤᠣᠰᠯᠠᠭᠰᠠᠨ ᠪᠦᠭᠡᠳ ᠠᠮᠢᠳᠤᠷᠠᠯ ᠨᠢ ᠶᠠᠳᠠᠭᠤ ᠬᠦᠴᠢᠷ ᠲᠠᠢ ᠭᠡᠷ ᠪᠦᠯᠢ ᠶᠢᠨ 100 ᠤᠶᠤᠳᠠᠨ ᠪᠦᠷᠢ ᠳᠤ 6000 ᠲᠦᠬᠦᠷᠢᠭ  ᠤᠨ ᠰᠤᠷᠤᠯᠭ᠎ᠠ ᠶᠢᠨ ᠳᠣᠰᠠᠯᠠᠮᠵᠢ ᠶᠢᠨ ᠮᠦᠡᠭᠬᠦ ᠭᠠᠷᠳᠠᠭᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠯᠢ ᠫᠸᠡᠭ ᠰᠢᠨ᠂ ᠦᠪᠡᠷᠳᠡᠬᠡᠨ ᠵᠠᠰᠠᠬᠤ ᠤᠷᠤᠨ ᠤ ᠠᠷᠡᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠭᠡᠢ ᠡᠪᠯᠡᠯ ᠤᠨ ᠳᠡᠷᠢᠬᠦᠯᠡᠭᠴᠢ ᠬᠠᠩ ᠬᠦᠢ ᠯᠢᠨ ᠶᠤᠰᠤᠯᠠᠯ ᠳᠤ ᠤᠷᠤᠯᠴᠠᠪᠠ᠃      ᠤᠢᠢᠯᠠᠭᠠᠭᠰᠠᠨ ᠢᠶᠠᠷ᠂ 2005 ᠤᠨ ᠠᠴᠠ ᠨᠠᠰᠢ᠂ ᠪᠦᠬᠦ ᠤᠯᠤᠰ ᠤᠨ ᠠᠵᠢᠯᠴᠢᠨ ᠤ ᠡᠪᠯᠠᠯ ᠠᠯᠳᠠᠨ ᠨᠠᠮᠤᠷ ᠤᠨ ᠰᠤᠷᠤᠯᠭ᠎ᠠ ᠶᠢᠨ ᠲᠤᠰᠠᠯᠠᠮᠵᠢ ᠶᠢᠨ ᠠᠵᠢᠯᠯᠠᠭ᠎ᠠ ᠶᠢ ᠨᠢᠭᠡᠳᠤᠯᠳᠠᠢ ᠦᠷᠨᠢᠬᠦᠯᠵᠤ᠂ ᠮᠠᠨ ᠤ ᠤᠷᠤᠨ ᠤ ᠡᠯ᠎ᠠ ᠱᠠᠳᠤᠨ ᠤ ᠠᠵᠢᠯᠴᠢᠨ ᠤ ᠡᠪᠯᠠᠯ ᠤᠨ ᠵᠤᠬᠢᠶᠠᠨ ᠪᠠᠶᠢᠭᠤᠯᠤᠯᠳᠠ ᠤᠷᠢᠳ ᠬᠤᠵᠢᠳ 1.86 ᠳ᠋ᠦᠡᠭᠰᠢᠭᠤᠷ ᠲᠦᠬᠦᠷᠢᠭ ᠬᠤᠷᠠᠮᠳᠤᠭᠤᠯᠤᠨ᠂ ᠠᠮᠢᠳᠤᠷᠠᠯ ᠨᠢ ᠶᠠᠳᠠᠭᠤ ᠬᠦᠴᠢᠷ ᠲᠠᠢ ᠠᠵᠢᠯᠳᠠᠨ ᠠᠵᠢᠯᠴᠢᠨ ᠵᠢᠴᠢ ᠮᠠᠯᠴᠢᠨ ᠲᠠᠷᠢᠶᠠᠴᠢᠨ ᠤ ᠦᠷ᠎ᠠ ᠭᠡᠤᠭᠡᠳ ᠤᠨ ᠤᠶᠤᠳᠠᠨ ᠪᠤᠯᠬᠤ ᠬᠦᠰᠡᠯ ᠢ ᠲᠡᠷᠭᠡᠯᠰᠢᠬᠦᠯᠪᠠ᠃ ᠡᠨᠡ ᠵᠢᠯ ᠰᠤᠷᠤᠯᠭ᠎ᠠ ᠶᠢᠨ ᠲᠣᠰᠠᠯᠠᠮᠵᠢ ᠶᠢᠨ ᠮᠦᠡᠭᠬᠦ ᠶᠢ 5000 ᠲᠦᠮᠡᠨ ᠲᠦᠬᠦᠷᠢᠭ ᠴᠤᠭᠯᠠᠭᠤᠯᠵᠤ᠂ ᠠᠮᠢᠳᠤᠷᠠᠯ ᠨᠢ ᠶᠠᠳᠠᠭᠤ ᠬᠦᠴᠢᠷ ᠲᠠᠢ ᠠᠵᠢᠯᠳᠠᠨ ᠠᠵᠢᠯᠴᠢᠨ ᠪᠠ ᠮᠠᠯᠴᠢᠨ ᠲᠠᠷᠢᠶᠠᠴᠢᠨ ᠤ 1.4 ᠲᠦᠮᠡᠨ ᠦᠷ᠎ᠠ ᠭᠡᠤᠭᠡᠳ ᠤᠨ ᠤᠶᠤᠳᠠᠨ ᠪᠤᠯᠬᠤ ᠬᠦᠰᠡᠯ ᠢ ᠲᠡᠷᠭᠡᠯᠰᠢᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号