8 ᠳ᠋ᠤᠭᠠᠷ ᠰᠠᠷ᠎ᠠ ᠶᠢᠨ 17 ᠤ ᠡᠳᠦᠷ᠂ ᠦᠪᠡᠷᠳᠡᠭᠡᠨ ᠵᠠᠰᠬᠠᠤ ᠤᠷᠤᠨ ᠤ ᠠᠵᠢᠯᠴᠢᠨ ᠤ ᠶᠡᠷᠦᠩᠭᠡᠢ ᠡᠪᠯᠡᠯ | ᠭᠤᠣᠯᠴᠢᠯᠠᠨ ᠡᠷᠬᠢᠯᠡᠵᠦ᠂ ᠬᠦᠬᠡᠬᠤᠲᠠ ᠶᠢᠨ ᠠᠵᠢᠯᠴᠢᠨ ᠤ ᠶᠡᠷᠦᠩᠭᠡᠢ ᠡᠪᠯᠡᠯ ᠳᠠᠭᠠᠭᠠᠨ ᠡᠷᠬᠢᠯᠡᠭᠰᠡᠨ 2015 | ᠤᠨ ᠤ ︽ᠠᠯᠲᠠᠨ ᠨᠠᠮᠤᠷ ᠰᠤᠷᠤᠯᠭ᠎ᠠ ᠶᠢᠨ ᠲᠤᠰᠠᠯᠠᠮᠵᠢ︾ ᠠᠵᠢᠯᠯᠠᠭ᠎ᠠ ᠡᠬᠢᠯᠡᠬᠦ ᠶᠣᠰᠣᠯᠠᠯ ᠬᠦᠬᠡᠬᠤᠲᠠ ᠳᠤ | ᠶᠠᠪᠣᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠵᠤᠬᠢᠶᠠᠨ | ᠪᠠᠶᠢᠭᠤᠯᠬᠤ ᠭᠡᠯᠳᠡᠰ ᠤᠨ ᠲᠠᠷᠤᠭ᠎ᠠ ᠯᠢ ᠫᠸᠡᠭ ᠰᠢᠨ᠂ ᠦᠪᠡᠷᠳᠡᠬᠡᠨ ᠵᠠᠰᠠᠬᠤ ᠤᠷᠤᠨ ᠤ ᠠᠷᠡᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ | ᠶᠡᠷᠦᠩᠭᠡᠢ ᠡᠪᠯᠡᠯ ᠤᠨ ᠳᠡᠷᠢᠬᠦᠯᠡᠭᠴᠢ ᠬᠠᠩ ᠬᠦᠢ ᠯᠢᠨ ᠶᠤᠰᠤᠯᠠᠯ ᠳᠤ ᠤᠷᠤᠯᠴᠠᠪᠠ᠃ | | ᠡᠬᠢᠯᠡᠯᠲᠡ ᠶᠢᠨ ᠶᠣᠰᠣᠯᠠᠯ ᠤᠨ ᠲᠣᠬᠠᠢ ᠶᠢᠨ ᠲᠠᠯᠠᠪᠠᠢ | ︽ᠠᠯᠲᠠᠨ ᠨᠠᠮᠤᠷ ᠰᠤᠷᠤᠯᠭ᠎ᠠ ᠶᠢᠨ ᠲᠤᠰᠠᠯᠠᠮᠵᠢ︾ ᠠᠵᠢᠯᠯᠠᠭ᠎ᠠ ᠶᠢᠨ ᠵᠣᠷᠢᠯᠭ᠎ᠠ ᠨᠢ ᠠᠮᠢᠳᠤᠷᠠᠯ ᠨᠢ ᠶᠠᠳᠠᠭᠤ | ᠬᠦᠴᠢᠷᠲᠡᠢ ᠰᠤᠷᠤᠭᠴᠢᠳ ᠢ ᠲᠤᠰᠠᠯᠠᠵᠤ ᠰᠤᠷᠭᠠᠭᠤᠯᠢ ᠳᠤ ᠣᠷᠣᠬᠤ ᠬᠦᠰᠡᠯ ᠢ ᠨᠢ ᠪᠡᠶᠡᠯᠡᠭᠦᠯᠦᠨ᠂ ᠠᠮᠢᠳᠤᠷᠠᠯ ᠨᠢ | ᠶᠠᠳᠠᠭᠤ ᠬᠦᠴᠢᠷᠲᠠᠢ ᠠᠵᠢᠯᠴᠢᠨ ᠪᠣᠯᠣᠨ ᠮᠠᠯᠴᠢᠨ ᠲᠠᠷᠢᠶᠠᠴᠢᠨ ᠠᠵᠢᠯᠴᠢᠨ ᠤ ᠦᠷ᠎ᠡ ᠬᠡᠦᠭᠡᠳ ᠤᠨ ᠰᠤᠷᠭᠠᠭᠤᠯᠢ ᠳᠤ | ᠣᠷᠣᠬᠤ ᠳᠤ ᠬᠦᠴᠢᠷ᠂ ᠠᠵᠢᠯ ᠣᠯᠬᠤ ᠳᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠶᠠᠪᠤᠳᠠᠯ ᠪᠣᠯᠣᠨ᠎ᠠ᠃ | 2000 ᠣᠨ ᠠᠴᠠ ᠨᠠᠰᠢ᠂ ᠬᠦᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠡᠳ᠋ ᠮᠥᠩᠭᠦ ᠪᠠᠷ ᠰᠤᠷᠣᠯᠭ᠎ᠠ ᠶᠢ | ᠲᠤᠰᠠᠯᠠᠬᠤ ᠪᠠ ︽ᠠᠯᠲᠠᠨ ᠨᠠᠮᠤᠷ ᠰᠤᠷᠤᠯᠭ᠎ᠠ ᠶᠢᠨ ᠲᠤᠰᠠᠯᠠᠮᠵᠢ︾ ᠶᠠᠳᠠᠭᠤ ᠶᠢ ᠳᠡᠳᠬᠦᠬᠦ ᠠᠵᠢᠯᠯᠠᠭ᠎ᠠ ᠶᠢ 16 | ᠵᠢᠯ ᠦᠷᠭᠦᠯᠵᠢᠯᠡᠨ ᠦᠷᠨᠢᠭᠦᠯᠵᠦ᠂ ᠨᠡᠶᠢᠲᠡ 3153 ᠨᠡᠷᠡᠰ ᠶᠠᠳᠠᠭᠤ ᠬᠦᠴᠢᠷᠲᠠᠢ ᠰᠣᠷᠣᠭᠴᠢᠳ ᠢ ᠵᠣᠭᠤᠰ | ᠮᠥᠩᠭᠦ ᠪᠠᠷ ᠲᠤᠰᠠᠯᠠᠵᠤ᠂ ᠰᠤᠷᠤᠯᠭ᠎ᠠ ᠶᠢᠨ ᠲᠤᠰᠠᠯᠠᠮᠵᠢ ᠶᠢᠨ ᠮᠥᠩᠭᠦ 586 ᠲᠦᠮᠡᠨ ᠲᠦᠬᠦᠷᠢᠭ ᠲᠠᠷᠬᠠᠭᠠᠵᠠᠢ᠃ | 2015 ᠣᠨ ᠳᠤ᠂ ᠬᠦᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ 120 ᠲᠦᠮᠡᠨ ᠲᠦᠬᠦᠷᠢᠭ ᠴᠤᠭᠯᠠᠭᠤᠯᠵᠤ᠂ | ᠠᠮᠢᠳᠤᠷᠠᠯ ᠨᠢ ᠶᠠᠳᠠᠭᠤ ᠬᠦᠴᠢᠷᠲᠠᠢ 200 ᠣᠶᠤᠲᠠᠳ ᠢ ᠳᠡᠮᠵᠢᠨ ᠲᠤᠰᠠᠯᠠᠪᠠ᠃ | |