| 8 ᠳ᠋ᠤᠭᠠᠷ ᠰᠠᠷ᠎ᠠ ᠶᠢᠨ 15 ᠤ ᠡᠳᠦᠷ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠪᠦᠬᠦ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠲᠡᠷᠢᠭᠦᠯᠡᠭᠴᠢ ᠸᠠᠩ | ᠴᠢᠨ ᠮᠢᠨ ᠦᠬᠠᠶ ᠬᠤᠲᠠ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ | 8 ᠳ᠋ᠤᠭᠠᠷ ᠰᠠᠷ᠎ᠠ ᠶᠢᠨ 15 ᠤ ᠡᠳᠦᠷ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠤᠨ ᠭᠤᠷᠪᠠᠳᠠᠬᠢ | ᠲᠠᠯ᠎ᠠ ᠶᠢᠨ ᠦᠨᠡᠯᠡᠨ ᠵᠢᠱᠢᠬᠦ ᠠᠵᠢᠯ ᠤᠨ ᠲᠤᠬᠠᠢ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠪᠦᠬᠦ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠲᠡᠷᠢᠭᠦᠯᠡᠭᠴᠢ ᠸᠠᠩ | ᠴᠢᠨ ᠮᠢᠨ ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠳᠠᠭᠠᠭᠤᠯᠵᠤ ᠦᠬᠠᠶ ᠬᠤᠲᠠ ᠳᠤ ᠪᠠᠶᠢᠴᠠᠭᠠᠨ | ᠰᠤᠳᠤᠯᠤᠯᠲᠠ ᠬᠢᠭᠰᠡᠨ ᠪᠦᠭᠡᠳ ᠦᠬᠠᠶ ᠬᠤᠲᠠ ᠳᠤ 23 ᠵᠢᠵᠢᠭ ᠪᠢᠴᠢᠯ ᠠᠵᠤ ᠠᠬᠤᠶᠢᠯᠠᠯ ᠤᠨ ᠲᠦᠯᠦᠭᠡᠯᠡᠭᠴᠢ | ᠯᠦᠭᠡ ᠶᠠᠷᠢᠯᠴᠠᠬᠤ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠶᠠᠩ ᠲᠢᠶᠧ | ᠴᠸᠡᠭ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭ᠎ᠠ ᠶᠢᠨ ᠲᠡᠷᠢᠭᠦᠯᠡᠭᠴᠢ | ᠲᠢᠶᠠᠨ ᠵᠧᠨ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | ᠬᠤᠲᠠ ᠶᠢᠨ ᠳᠠᠷᠤᠭ᠎ᠠ ᠠᠢ ᠯᠢ ᠬᠤᠸᠠ ᠶᠠᠷᠢᠯᠴᠠᠬᠤ ᠬᠤᠷᠠᠯ ᠢ ᠡᠷᠬᠢᠯᠡᠪᠡ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠲᠤᠰ ᠤᠳᠠᠭᠠᠨ ᠤ ᠵᠣᠷᠢᠯᠭ᠎ᠠ ᠪᠤᠯ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠬᠦᠯᠵᠤ ᠪᠠᠶᠢᠭ᠎ᠠ ᠪᠠᠶᠢᠳᠠᠯ ᠢ ᠭᠦᠨᠵᠡᠭᠡᠶ ᠤᠶᠢᠯᠠᠭᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠤᠰᠤᠳᠴᠢ ᠪᠠᠷ ᠦᠨᠡᠯᠡᠨ᠂ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠳᠤ ᠲᠤᠯᠭᠠᠷᠠᠵᠤ ᠪᠦᠬᠦᠢ ᠬᠦᠴᠢᠷ ᠪᠡᠷᠬᠡᠰᠢᠶᠡᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠶᠢᠯᠠᠭᠠᠵᠤ᠂ ᠬᠠᠨᠳᠤᠯᠭᠠᠲᠤ ᠴᠢᠨᠠᠷ | ᠪᠦᠬᠦᠢ ᠰᠠᠨᠠᠯ ᠪᠤᠯᠤᠨ ᠰᠠᠨᠠᠭᠤᠯᠭ᠎ᠠ ᠳᠤᠷᠠᠳᠴᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠪᠤᠳᠠᠲᠤ ᠭᠠᠵᠠᠷ | ᠲᠤᠨᠢ ᠨᠠᠢᠳᠠᠪᠤᠷᠢᠵᠢᠭᠤᠯᠬᠤ᠂ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠵᠤ᠂ ᠵᠢᠵᠢᠭ ᠪᠢᠴᠢᠯ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠤᠯᠠᠨ ᠢᠶᠠᠷ ᠢᠶᠠᠨ ᠠᠳᠠᠯ ᠦᠢᠯᠡᠰ | ᠴᠤᠭᠴᠠᠯᠠᠬᠤ᠂ ᠳᠠᠶᠠᠭᠠᠷ ᠢᠶᠠᠨ ᠰᠢᠨ᠎ᠡ ᠶᠢ ᠡᠭᠦᠳᠬᠦ ᠶᠢ ᠬᠦᠭᠵᠢᠭᠡᠨ ᠢᠳᠡᠪᠬᠢ ᠬᠤᠪᠢ ᠨᠡᠮᠡᠷᠢ ᠦᠵᠡᠬᠦᠯᠬᠦ ᠶᠢᠨ | ᠲᠦᠯᠦᠭᠡ ᠶᠤᠮ᠃ ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠡᠳ᠋ ᠤᠨ ᠵᠠᠰᠠᠭ ᠭᠠᠶᠢᠯᠢ᠂ ᠮᠥᠩᠭᠦᠨ | ᠬᠦᠢᠯᠭᠡᠭᠡᠨ᠂ ᠨᠡᠶᠢᠳᠡᠮ ᠤᠨ ᠴᠢᠨᠠᠷᠲᠠᠶ ᠰᠦᠢᠳᠭᠡᠯ ᠪᠠᠭᠤᠷᠠᠭᠤᠯᠬᠤ ᠪᠠ ᠠᠵᠤ ᠠᠬᠤᠶᠢᠯᠠᠯ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ ᠶᠠᠪᠤᠳᠠᠯ ᠢ ᠢᠯᠭᠠᠷᠠᠭᠤᠯᠤᠨ ᠵᠢᠷᠤᠮᠵᠢᠭᠤᠯᠵᠤ᠂ ᠬᠡᠷᠡᠭ ᠵᠦᠪᠯᠡᠬᠦ ᠳᠦᠷᠢᠮ ᠤᠨ | ᠥᠭᠡᠷᠡᠴᠢᠯᠡᠯᠲᠡ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠪᠠᠶᠢᠭ᠎ᠠ ᠪᠠᠶᠢᠳᠠᠯ ᠬᠢᠭᠡᠳ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠭᠤᠤᠯᠳᠠᠯᠭ᠎ᠠ ᠲᠠᠢ ᠦᠨᠡᠯᠡᠨ ᠵᠢᠱᠢᠯᠲᠡ | ᠬᠢᠪᠡ᠃ | ᠶᠠᠷᠢᠯᠴᠠᠬᠤ ᠬᠤᠷᠠᠯ ᠳᠡᠭᠡᠷ᠎ᠡ᠂ ᠠᠢ ᠯᠢ ᠬᠤᠸᠠ ᠦᠬᠠᠶ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠦᠨᠳᠦᠰᠦᠨ ᠪᠠᠶᠢᠳᠠᠯ ᠢ ᠬᠠᠷᠢᠭᠤ ᠮᠡᠳᠡᠭᠦᠯᠪᠡ᠃ ᠬᠤᠷᠠᠯ ᠳᠤ ᠣᠷᠣᠯᠴᠠᠭᠰᠠᠨ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠬᠢᠭᠡᠳ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠥᠯᠥᠭᠡᠯᠡᠭᠴᠢ ᠦᠪᠡᠷ | ᠦᠪᠡᠷᠰᠡᠳ ᠤᠨ ᠬᠥᠭᠵᠢᠯᠲᠡ ᠶᠢᠨ ᠪᠠᠶᠢᠳᠠᠯ ᠬᠢᠭᠡᠳ ᠰᠢᠢᠳᠪᠦᠷᠢᠯᠡᠬᠦ ᠴᠢᠬᠤᠯᠠᠲᠠᠢ ᠪᠠᠶᠢᠭ᠎ᠠ ᠭᠤᠤᠯ ᠠᠰᠠᠭᠤᠳᠠᠯ ᠢᠶᠠᠨ | ᠲᠠᠨᠢᠯᠴᠠᠭᠤᠯᠪᠠ᠃ | ᠦᠬᠠᠶ ᠬᠤᠲᠠ ︽ᠡᠯᠡᠰᠦᠨ ᠴᠥᠯ ᠤᠨ ᠨᠣᠭᠤᠭᠠᠨ ᠪᠦᠷᠢᠳᠦ︾᠂ ︽ᠤᠷᠠᠨ ᠪᠢᠴᠢᠯᠭᠡ ᠶᠢᠨ ᠬᠤᠲᠠ︾᠂ | ︽ᠦᠵᠦᠮ ᠤᠨ ᠨᠤᠲᠤᠭ︾᠂ ︽ᠬᠠᠲᠤᠨ ᠭᠤᠣᠯ ᠤᠨ ᠭᠡᠷᠡᠯᠲᠦ ᠰᠤᠪᠤᠳ︾᠂ ︽ᠰᠤᠨᠢᠷᠬᠠᠯᠲᠤ ᠴᠢᠯᠠᠭᠤ ᠶᠢᠨ | ᠬᠤᠲᠠ︾ ᠵᠡᠷᠭᠡ ᠰᠠᠶᠢᠬᠠᠨ ᠨᠡᠷ᠎ᠡ ᠲᠠᠢ ᠶᠤᠮ᠂ ᠤᠶᠢᠷ᠎ᠡ ᠶᠢᠨ ᠵᠢᠯ ᠠᠴᠠ ᠨᠠᠰᠢ᠂ ᠪᠦᠬᠦ ᠤᠯᠤᠰ ᠤᠨ | ᠨᠤᠭᠤᠭᠠᠷᠠᠭᠤᠯᠤᠯᠲᠠ ᠶᠢᠨ ᠦᠯᠢᠭᠡᠷ ᠳᠠᠭᠤᠷᠢᠶᠠᠯ ᠬᠤᠲᠠ᠂ ᠪᠦᠬᠦ ᠤᠯᠤᠰ ᠤᠨ ᠡᠬᠢ ᠪᠠᠶᠠᠯᠢᠭ ᠤᠨ ᠬᠡᠯᠪᠡᠷᠢᠲᠦ | ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠢᠭ᠋᠂ ᠤᠯᠤᠰ ᠤᠨ ᠣᠷᠴᠢᠯ ᠠᠵᠤ ᠠᠬᠤᠶ ᠶᠢᠨ | ᠵᠢᠱᠢᠶ᠎ᠡ ᠦᠵᠡᠭᠦᠯᠬᠦ ᠬᠤᠲᠠ᠂ ᠪᠦᠬᠦ ᠤᠯᠤᠰ ᠤᠨ ᠤᠰᠤᠨ ᠤ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ | ᠬᠤᠲᠠ᠂ ᠪᠦᠬᠦ ᠤᠯᠤᠰ ᠤᠨ ᠪᠣᠬᠢᠷᠲᠤᠯ ᠦᠭᠡᠶ ᠵᠠᠮ ᠬᠠᠷᠢᠯᠴᠠᠭᠠᠨ ᠤ ᠬᠤᠲᠠ ᠪᠤᠯᠪᠠ᠃ 2014 ᠣᠨ ᠳᠤ ᠂ | ᠦᠬᠠᠶ ᠬᠤᠲᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 600 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 8.8 % ᠪᠠᠷ ᠨᠡᠮᠡᠭᠳᠡᠵᠦ᠂ ᠡᠷᠦᠬᠡ ᠠᠮᠠ ᠶᠢᠨ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ | GDP ᠪᠠᠷ 2 ᠲᠦᠮᠡᠨ ᠳ᠋ᠣᠯᠯᠠᠷ ᠢ ᠳᠠᠪᠠᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 488 | ᠳ᠋ᠦᠡᠭᠰᠢᠭᠤᠷ ᠲᠥᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 17.1% ᠪᠠᠷ ᠨᠡᠮᠡᠭᠳᠡᠪᠡ︔ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 75.2 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ | ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ 127 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 11.7 % ᠪᠠᠷ ᠨᠡᠮᠡᠭᠳᠡᠪᠡ︔ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 31481 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ︔ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 13422 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠸᠠᠩ ᠴᠢᠨ ᠮᠢᠨ ᠣᠷᠴᠢᠮ ᠤᠨ ᠵᠢᠯ ᠠᠴᠠ ᠨᠠᠰᠢᠬᠢ | ᠦᠬᠠᠶ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ | ᠲᠡᠷᠡ ᠵᠢᠭᠠᠵᠤ ᠭᠠᠷᠭᠠᠭᠰᠠᠨ ᠨᠢ᠂ ᠵᠢᠵᠢᠭ ᠪᠢᠴᠢᠯ ᠠᠵᠤ ᠠᠬᠤᠶᠢᠯᠠᠯ ᠪᠣᠯ ᠤᠯᠤᠰ ᠠᠷᠠᠳ ᠤᠨ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠦᠴᠦᠨ᠂ ᠠᠵᠢᠯ ᠣᠯᠭᠤᠬᠤ ᠭᠤᠣᠯ ᠠᠷᠭ᠎ᠠ ᠵᠠᠮ᠂ ᠰᠢᠨ᠎ᠡ ᠶᠢ ᠡᠭᠦᠳᠬᠦ | ᠴᠢᠬᠤᠯᠠ ᠡᠬᠢ ᠪᠤᠯᠠᠭ ᠪᠤᠯᠬᠤ ᠪᠦᠭᠡᠳ᠂ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ | ᠠᠬᠤᠶ ᠶᠢᠨ ᠨᠡᠮᠡᠭᠳᠡᠯ ᠢ ᠲᠤᠭᠲᠠᠪᠤᠷᠢᠵᠢᠭᠤᠯᠬᠤ᠂ ᠠᠵᠢᠯ ᠤᠯᠭᠤᠯᠲᠠ ᠶᠢ ᠲᠤᠭᠲᠠᠪᠤᠷᠢᠵᠢᠭᠤᠯᠬᠤ ᠪᠠ ᠦᠷᠭᠡᠳᠭᠡᠬᠦ | ᠵᠡᠷᠭᠡ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠭ᠎ᠠ ᠶᠤᠮ᠃ ᠣᠷᠣᠨ ᠨᠤᠲᠤᠭ ᠤᠨ | ᠵᠠᠰᠠᠭ ᠤᠨ ᠣᠷᠳᠣᠨ ᠨᠤᠭᠤᠳ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠬᠦᠭᠵᠢᠬᠦᠯᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠪᠤᠷᠢᠯᠠᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ | ᠪᠣᠳᠣᠯᠭ᠎ᠠ ᠶᠢ ᠮᠡᠳᠡᠵᠤ ᠠᠪᠬᠤ ᠬᠡᠪᠴᠢᠶ᠎ᠡ ᠶᠢ ᠦᠷᠭᠡᠳᠭᠡᠨ᠂ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠰᠤᠷᠴᠤ ᠠᠮᠢᠳᠤᠯᠢᠭ ᠢᠶᠠᠷ ᠬᠡᠷᠡᠭᠯᠡᠨ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠰᠠᠶᠢᠲᠤᠷ ᠰᠤᠷᠴᠤ ᠰᠠᠶᠢᠲᠤᠷ ᠬᠡᠷᠡᠭᠯᠡᠬᠦᠯᠦᠨ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠪᠥᠭᠡᠳ ᠦᠷᠭᠦᠯᠵᠢᠯᠡᠨ ᠬᠦᠭᠵᠢᠬᠦ ᠶᠢ ᠠᠬᠢᠭᠤᠯᠬᠤ ᠬᠡᠷᠡᠭᠲᠠᠢ | ᠭᠡᠪᠡ᠃ | ᠸᠠᠩ ᠴᠢᠨ ᠮᠢᠨ ᠨᠠᠷ ᠶᠤᠸᠠᠨ ᠯᠢᠶᠠᠨ ᠢᠳᠡᠭᠡᠨ ᠤ ᠬᠢᠵᠠᠭᠠᠷᠲᠤ ᠺᠣᠮᠫᠠᠨᠢ᠂ ᠤᠶᠤᠲᠠᠳ ᠤᠨ ᠠᠳᠠᠯ ᠦᠢᠯᠡᠰ | ᠴᠤᠭᠴᠠᠯᠠᠬᠤ ᠬᠦᠷᠢᠶᠡᠯᠡᠩ ᠵᠡᠷᠭᠡ ᠭᠠᠵᠠᠷ ᠤᠳ ᠢᠶᠠᠷ ᠬᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠪᠡ᠃ | ᠶᠤᠸᠠᠨ ᠯᠢᠶᠠᠨ ᠢᠳᠡᠭᠡᠨ ᠤ ᠬᠢᠵᠠᠭᠠᠷᠲᠤ ᠺᠣᠮᠫᠠᠨᠢ ᠳᠤ᠂ ᠸᠠᠩ ᠴᠢᠨ ᠮᠢᠨ ᠨᠠᠷ ᠠᠵᠤ ᠠᠬᠤᠶᠢᠯᠠᠯ ᠤᠨ | ᠪᠠᠺᠲ᠋ᠧᠷᠢ ᠦᠭᠡᠶ ᠲᠣᠭᠤᠰᠣ ᠦᠭᠡᠶ ᠲᠤᠩᠭᠠᠯᠠᠭ ᠦᠢᠯᠡᠳᠪᠦᠷᠢ ᠶᠢᠨ ᠲᠠᠰᠤᠭ ᠢ ᠲᠣᠭᠤᠷᠢᠨ ᠦᠵᠡᠵᠦ᠂ ᠠᠵᠤ | ᠠᠬᠤᠶᠢᠯᠠᠯ ᠤᠨ ᠦᠢᠯᠡᠳᠪᠦᠷᠢᠯᠡᠯ᠂ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠤᠶᠢᠯᠠᠭᠠᠪᠠ᠃ | ᠠᠵᠤ ᠠᠬᠤᠶᠢᠯᠠᠯ ᠤᠨ ᠦᠢᠯᠡᠳᠪᠦᠷᠢᠯᠡᠭᠰᠡᠨ ᠮᠠᠨᠲᠠᠤ᠂ ᠪᠤᠷᠴᠠᠭ ᠤᠨ ᠡᠭᠡᠳᠡᠩ ᠵᠡᠷᠭᠡ ᠦᠢᠯᠡᠳᠬᠦᠨ ᠢ | ᠠᠮᠲᠠᠯᠠᠵᠤ ᠦᠵᠡᠭᠰᠡᠨ ᠤ ᠳᠠᠷᠠᠭ᠎ᠠ᠂ ᠸᠠᠩ ᠴᠢᠨ ᠮᠢᠨ ᠡᠷᠡᠬᠡᠶ ᠭᠤᠵᠤᠶᠢᠯᠭᠠᠨ ᠮᠠᠭᠲᠠᠪᠠ᠃ ᠲᠡᠷᠡ ᠬᠡᠯᠡᠭᠰᠡᠨ ᠨᠢ᠂ | ᠢᠳᠡᠭᠡᠨ ᠤ ᠠᠮᠤᠷ ᠲᠦᠪᠰᠢᠨ ᠨᠢ ᠠᠷᠠᠳ ᠤᠯᠠᠨ ᠤ ᠡᠷᠡᠭᠦᠯ ᠮᠡᠨᠳᠦ ᠲᠠᠢ ᠨᠢᠭᠲᠠ ᠬᠤᠯᠪᠤᠭᠳᠠᠬᠤ ᠪᠤᠯᠬᠤᠷ᠂ | ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠳ ᠦᠢᠯᠡᠳᠪᠦᠷᠢᠯᠡᠯ ᠤᠨ ᠴᠤᠪᠤᠷᠠᠯ ᠢᠶᠠᠨ ᠵᠢᠷᠤᠮᠵᠢᠭᠤᠯᠵᠤ᠂ ᠢᠳᠡᠭᠡᠨ ᠤ | ᠠᠶᠤᠯ ᠦᠭᠡᠢ ᠶᠢᠨ ᠪᠠᠶᠢᠴᠠᠭᠠᠨ ᠰᠢᠯᠭᠠᠬᠤ ᠶᠢ ᠦᠪᠡᠷ ᠲᠡᠭᠡᠨ ᠴᠢᠩᠭᠠᠳᠬᠠᠵᠤ᠂ ᠦᠢᠯᠡᠳᠪᠦᠷᠢᠯᠡᠯ ᠤᠨ ᠴᠤᠪᠤᠷᠠᠯ | ᠱᠤᠭᠤᠮ ᠳᠤ ᠪᠦᠬᠦ ᠶᠠᠪᠤᠴᠠ ᠶᠢ ᠬᠢᠨᠠᠨ ᠡᠵᠡᠮᠳᠡᠬᠦ ᠶᠢ ᠪᠡᠶᠡᠯᠡᠭᠦᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠦᠢᠯᠡᠳᠪᠦᠷᠢᠯᠡᠯ᠂ ᠬᠦᠢᠯᠭᠡᠭᠡᠨ ᠤ ᠭᠤᠭᠴᠤᠭ᠎ᠠ ᠨᠢᠭᠡᠪᠦᠷᠢ ᠶᠢᠨ ᠪᠤᠭᠤᠮᠲᠠ ᠶᠢ ᠴᠢᠩᠭ᠎ᠠ ᠠᠳᠬᠤᠨ᠂ ᠣᠯᠠᠨ ᠲᠦᠮᠡᠨ | ᠰᠠᠨᠠᠭ᠎ᠠ ᠠᠮᠤᠷ ᠢᠳᠡᠭᠡᠨ ᠢᠳᠡᠬᠦ ᠶᠢ ᠦᠨᠡᠨ ᠬᠦ ᠪᠠᠲᠤᠯᠠᠬᠤ ᠬᠡᠷᠡᠭᠲᠠᠢ ᠭᠡᠪᠡ᠃ | ᠤᠶᠤᠲᠠᠳ ᠤᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠪᠤᠯ ᠦᠬᠠᠶ ᠬᠤᠲᠠ ᠠᠴᠠ ᠤᠶᠤᠲᠠᠳ ᠢ | ᠬᠠᠪᠰᠤᠷᠤᠨ ᠠᠳᠠᠯ ᠦᠢᠯᠡᠰ ᠴᠤᠭᠴᠠᠯᠠᠬᠤ ᠬᠦᠰᠡᠯ ᠢ ᠨᠢ ᠪᠡᠶᠡᠯᠡᠭᠦᠯᠬᠦ ᠶᠢᠨ ᠲᠥᠯᠥᠭᠡ ᠲᠤᠰᠬᠠᠶᠢᠯᠠᠨ | ᠪᠠᠶᠢᠭᠤᠯᠤᠭᠰᠠᠨ ᠨᠢᠭᠡᠨ ᠪᠠᠶᠢᠭᠤᠯᠤᠮᠵᠢ ᠪᠤᠯᠤᠨ᠎ᠠ᠂ ᠣᠳᠣᠬᠠᠨ ᠳᠤ ᠤᠶᠤᠲᠠᠳ ᠤᠨ ᠠᠳᠠᠯ ᠦᠢᠯᠡᠰ ᠴᠤᠭᠴᠠᠯᠠᠬᠤ | ᠬᠦᠷᠢᠶᠡᠯᠡᠩ ᠳᠤ ᠠᠳᠠᠯ ᠦᠢᠯᠡᠰ ᠴᠤᠭᠴᠠᠯᠠᠬᠤ 14 ᠪᠣᠳᠠᠲᠤ ᠴᠣᠭᠴᠠ ᠰᠠᠭᠤᠷᠢᠰᠢᠪᠡ᠃ ᠤᠶᠤᠲᠠᠳ ᠤᠨ ᠠᠳᠠᠯ | ᠦᠢᠯᠡᠰ ᠴᠤᠭᠴᠠᠯᠠᠬᠤ ᠬᠦᠷᠢᠶᠡᠯᠡᠩ ᠳᠤ᠂ ᠸᠠᠩ ᠴᠢᠨ ᠮᠢᠨ ᠨᠠᠷ ᠤᠷᠢᠳ ᠬᠤᠵᠢᠳ ᠬᠠᠢ ᠨᠠ ᠮᠡᠳᠡᠭᠡ ᠵᠠᠩᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠦᠨ ᠪᠦᠸᠧ ᠮᠡᠳᠡᠭᠡ ᠵᠠᠩᠭᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠢ ᠯᠢᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ | ᠤᠶᠤᠲᠠᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠤᠭᠴᠠᠯᠠᠵᠤ ᠪᠠᠶᠢᠭ᠎ᠠ ᠬᠡᠳᠦᠨ ᠠᠵᠤ ᠠᠬᠤᠶᠢᠯᠠᠯ ᠢ | ᠲᠣᠭᠤᠷᠢᠨ ᠦᠵᠡᠪᠡ᠃ ᠸᠠᠩ ᠴᠢᠨ ᠮᠢᠨ ᠬᠡᠯᠡᠭᠰᠡᠨ ᠨᠢ᠂ ᠤᠶᠤᠲᠠᠳ ᠤᠨ ᠰᠡᠳᠬᠢᠴᠡ ᠨᠢ ᠠᠮᠢᠳᠤ ᠴᠣᠪᠣᠭᠤᠯᠢᠭ᠂ | ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠪᠠᠶᠢᠳᠠᠭ᠂ ᠭᠡᠪᠡᠴᠦ ᠪᠠᠰᠠ ᠦᠢᠯᠡᠳᠦᠯᠭᠡ ᠶᠢᠨ ᠲᠤᠷᠰᠢᠯᠭ᠎ᠠ | ᠬᠤᠷᠠᠮᠳᠤᠭᠤᠯᠬᠤ ᠶᠢ ᠴᠢᠬᠤᠯᠠᠴᠢᠯᠠᠬᠤ ᠬᠡᠷᠡᠭᠲᠠᠢ ᠬᠡᠪᠡ᠃ ᠲᠡᠷᠡ ᠠᠳᠠᠯ ᠦᠢᠯᠡᠰ ᠴᠤᠭᠴᠠᠯᠠᠵᠤ ᠪᠠᠶᠢᠭ᠎ᠠ | ᠤᠶᠤᠲᠠᠳ ᠢ ᠵᠤᠷᠢᠭᠵᠢᠭᠤᠯᠤᠨ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠣᠷᠣᠨ ᠪᠠᠶᠢᠷᠢ ᠪᠠᠨ ᠵᠥᠪ ᠡᠵᠡᠮᠰᠢᠵᠤ᠂ ᠦᠢᠯᠡᠴᠢᠯᠡᠬᠦ ᠴᠢᠳᠠᠪᠤᠷᠢ | ᠪᠤᠯᠤᠨ ᠶᠠᠰᠤ ᠴᠢᠨᠠᠷ ᠢᠶᠠᠨ ᠲᠠᠰᠤᠷᠠᠯᠲᠠ ᠦᠭᠡᠶ ᠳᠡᠭᠡᠭᠰᠢᠯᠡᠭᠦᠯᠦᠨ᠂ ᠯᠠᠪᠳᠠᠭᠤᠨ ᠪᠠᠳᠤᠲᠠᠢ ᠪᠠᠷ ᠠᠵᠤ | ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠭᠡᠭᠵᠢᠭᠦᠯᠬᠦ ᠬᠡᠷᠡᠭᠲᠠᠢ ᠬᠡᠪᠡ᠃ ᠳᠠᠷᠠᠭ᠎ᠠ ᠨᠢ᠂ ᠸᠠᠩ ᠴᠢᠨ ᠮᠢᠨ ᠨᠠᠷ | ᠠᠳᠠᠯ ᠦᠢᠯᠡᠰ ᠴᠤᠭᠴᠠᠯᠠᠵᠤ ᠪᠠᠶᠢᠭ᠎ᠠ ᠬᠡᠰᠡᠭ ᠤᠶᠤᠲᠠᠳ ᠤᠨ ᠲᠦᠯᠦᠭᠡᠯᠡᠭᠴᠢ ᠯᠦᠭᠡ ᠶᠠᠷᠢᠯᠴᠠᠬᠤ ᠬᠤᠷᠠᠯ | ᠬᠢᠪᠡ᠃ | ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ | ᠹᠧᠩ᠂ ᠬᠤᠳᠠ ᠶᠢᠨ ᠤᠯᠤᠰ ᠲᠥᠷᠤ ᠵᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᡁᠢ ᠵᠢᠶᠧ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠪᠡ᠃ |