︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2015/8/18
     ᠰᠤᠷᠪᠤᠯᠵᠢᠯᠠᠨ ᠶᠠᠷᠢᠯᠴᠠᠭᠰᠠᠨ ᠴᠠᠭ᠄      2015 ᠤᠨ ᠤ 8 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨᠠᠬᠢ 3 ᠴᠠᠭ       ᠰᠤᠷᠪᠤᠯᠵᠢᠯᠠᠨ ᠶᠠᠷᠢᠯᠴᠠᠭᠰᠠᠨ ᠵᠣᠴᠢᠨ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ   ᠵᠢᠶᠠ ᠯᠢ      ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠶᠢᠨ ᠲᠣᠪᠴᠢ᠄      ᠮᠠᠨ ᠤ ᠣᠷᠣᠨ ᠤ ᠠᠵᠤ ᠠᠬᠤᠶ ᠪᠤᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠳᠳᠦᠷ ᠲᠦᠷᠭᠡᠨ ᠬᠥᠭᠵᠢᠯᠲᠡ ᠶᠢ ᠳᠠᠭᠠᠯᠳᠤᠨ᠂ ᠪᠦᠬᠦ ᠣᠷᠣᠨ ᠤ ᠴᠠᠬᠢᠯᠭᠠᠨ ᠱᠠᠲᠤᠨ ᠤ ᠶᠡᠷᠦᠩᠬᠡᠶ ᠬᠡᠮᠵᠢᠶ᠎ᠡ ᠲᠦᠷᠭᠡᠨ ᠨᠡᠮᠡᠭᠳᠡᠵᠤ᠂ ᠴᠠᠬᠢᠯᠭᠠᠨ ᠱᠠᠲᠤ ᠬᠡᠷᠡᠭᠯᠡᠬᠦ ᠬᠡᠮᠵᠢᠶ᠎ᠡ ᠨᠢ 2008 ᠣᠨ ᠳᠤ 8000 ᠭᠠᠷᠤᠢ ᠪᠠᠶᠢᠭᠰᠠᠨ ᠠᠴᠠ ᠪᠠᠨ 2014 ᠤᠨ ᠤ ᠰᠡᠭᠦᠯᠴᠢ ᠪᠤᠯᠬᠤ ᠳᠤ 54000 ᠭᠠᠷᠤᠢ ᠪᠤᠯᠤᠨ ᠨᠡᠮᠡᠭᠳᠡᠭᠡᠳ᠂ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ ᠨᠢ 36.45% ᠪᠤᠯᠪᠠ᠃ ᠴᠠᠬᠢᠯᠭᠠᠨ ᠱᠠᠲᠤᠨ ᠤ ᠰᠠᠭᠠᠳ ᠬᠠᠷᠰᠢ ᠪᠤᠯᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢ ᠲᠤᠭᠲᠠᠭᠠᠨ ᠨᠡᠶᠢᠲᠡᠯᠡᠭᠰᠡᠨ ᠪᠦᠭᠡᠳ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠪᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠤᠯᠠᠳᠠ᠂ ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ ᠵᠢᠶᠠ ᠯᠢ ᠶᠢ ᠤᠷᠢᠵᠤ ︽ᠳᠤᠮᠳᠠᠳᠤ ᠤᠯᠤᠰ  ᠥᠪᠥᠷ ᠮᠣᠩᠭᠤᠯ︾ ᠰᠦᠯᠵᠢᠶ᠎ᠡ ᠳᠡᠭᠡᠷ᠎ᠡ ᠲᠠ ᠨᠠᠷ ᠲᠠᠢ ᠶᠠᠷᠢᠯᠴᠠᠭᠤᠯᠬᠤ ᠪᠤᠯᠤᠨ᠎ᠠ᠂ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠡᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕       ﹇ᠬᠥᠲᠥᠯᠥᠭᠴᠢ﹈      ᠰᠦᠯᠵᠢᠶᠡᠨ ᠠᠨᠳᠠ ᠨᠡᠷ᠂ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠲᠠᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ ᠵᠢᠶᠠ ᠯᠢ ᠶᠢ ᠤᠷᠢᠨ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠠᠶᠢᠯᠪᠤᠷᠢᠯᠠᠭᠤᠯᠬᠤ ᠪᠠᠷ ᠪᠤᠯᠪᠠ᠂ ᠰᠦᠯᠵᠢᠶᠡᠨ ᠠᠨᠳᠠ ᠨᠡᠷ ᠮᠢᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠶ᠎ᠠ᠃ ᠵᠢᠶᠠ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕       ﹇ᠵᠢᠶᠠ ᠯᠢ﹈      ᠬᠦᠲᠦᠯᠦᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠ ᠪᠦᠬᠦᠨ ᠲᠠᠢ ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ︕       ﹇ᠬᠥᠲᠥᠯᠥᠭᠴᠢ﹈      ᠶᠠᠭᠤᠨ ᠤ ᠡᠮᠦᠨ᠎ᠡ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢᠨ ᠬᠠᠤᠯᠢ ᠲᠣᠭᠲᠠᠭᠠᠭᠰᠠᠨ ᠠᠬᠤᠶ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖       ﹇ᠵᠢᠶᠠ ᠯᠢ﹈      ᠵᠠ ᠲᠡᠭᠡᠶ᠎ᠡ᠃ ᠴᠠᠬᠢᠯᠭᠠᠨ ᠱᠠᠲᠤ ᠨᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠲᠡᠷᠡ ᠨᠢ ᠬᠥᠮᠦᠨ ᠪᠠᠷᠠᠭ᠎ᠠ ᠠᠴᠢᠬᠤ ᠴᠢᠬᠤᠯᠠ ᠵᠠᠮ ᠲᠡᠭᠡᠭᠡᠪᠦᠷᠢ ᠶᠢᠨ ᠪᠠᠭᠠᠵᠢ ᠪᠦᠭᠡᠳ ᠳᠡᠯᠭᠡᠭᠦᠷ ᠂ ᠵᠣᠴᠢᠳ ᠤᠨ ᠪᠠᠭᠤᠳᠠᠯ᠂ ᠣᠷᠣᠨ ᠰᠠᠭᠤᠴᠠ᠂ ᠠᠯᠪᠠᠨ ᠠᠰᠠᠷ᠂ ᠲᠡᠷᠭᠡᠨ ᠥᠷᠲᠡᠭᠡ᠂ ᠡᠮᠨᠡᠯᠭᠡ ᠶᠢᠨ ᠬᠤᠷᠢᠶ᠎ᠠ ᠵᠡᠷᠭᠡ ᠣᠯᠠᠨ ᠨᠡᠶᠢᠲᠡ ᠶᠢᠨ ᠬᠤᠷᠠᠨ ᠴᠤᠭᠯᠠᠷᠠᠳᠠᠭ ᠭᠠᠵᠠᠷ ᠲᠤ ᠦᠷᠭᠡᠨ ᠬᠡᠷᠡᠭᠯᠡᠭᠳᠡᠵᠤ᠂ ᠴᠠᠬᠢᠯᠭᠠᠨ ᠱᠠᠲᠤᠨ ᠤ ᠠᠮᠤᠷ ᠲᠦᠪᠰᠢᠨ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠢ ᠬᠤᠯᠪᠤᠭᠳᠠᠵᠤ᠂ ᠡᠳᠦᠷ ᠢᠷᠡᠬᠦᠶ᠎ᠡ ᠨᠡᠶᠢᠭᠡᠮ ᠨᠡᠶᠢᠲᠡ ᠶᠢᠨ ᠠᠩᠬᠠᠷᠤᠯ ᠢ ᠲᠦᠢᠯ ᠤᠨ ᠶᠡᠭᠡ ᠪᠠᠷ ᠲᠠᠲᠠᠵᠤ ᠪᠠᠶᠢᠳᠠᠭ᠃ ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠤᠯᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠳᠲᠦᠷ ᠲᠦᠷᠭᠡᠨ ᠬᠥᠭᠵᠢᠯᠲᠡ ᠶᠢ ᠳᠠᠭᠠᠯᠳᠤᠨ᠂ ᠪᠦᠬᠦ ᠣᠷᠣᠨ ᠤ ᠴᠠᠬᠢᠯᠭᠠᠨ ᠱᠠᠲᠤᠨ ᠤ ᠶᠡᠷᠦᠩᠬᠡᠶ ᠬᠡᠮᠵᠢᠶ᠎ᠡ ᠴᠤ ᠲᠦᠷᠭᠡᠨ ᠨᠡᠮᠡᠭᠳᠡᠭᠡᠳ᠂ ᠴᠠᠬᠢᠯᠭᠠᠨ ᠬᠡᠷᠡᠭᠯᠡᠬᠦ ᠬᠡᠮᠵᠢᠶ᠎ᠡ ᠨᠢ 2008 ᠣᠨ ᠳᠤ 8000 ᠭᠠᠷᠤᠢ ᠪᠠᠶᠢᠭᠰᠠᠨ ᠠᠴᠠ ᠪᠠᠨ 2014 ᠤᠨ ᠤ ᠰᠡᠭᠦᠯᠴᠢ ᠪᠤᠯᠬᠤ ᠳᠤ 54000 ᠭᠠᠷᠤᠢ ᠪᠤᠯᠤᠨ ᠨᠡᠮᠡᠭᠳᠡᠭᠡᠳ᠂ ᠵᠢᠯ ᠤᠨ ᠳᠤᠮᠳᠠᠴᠢ ᠨᠡᠮᠡᠭᠳᠡᠯ ᠤᠨ ᠨᠣᠷᠮ᠎ᠠ ᠨᠢ 36.45% ᠪᠤᠯᠪᠠ᠃ ᠴᠠᠬᠢᠯᠭᠠᠨ ᠱᠠᠲᠤᠨ ᠤ ᠲᠤᠭ᠎ᠠ ᠲᠦᠷᠭᠡᠨ ᠨᠡᠮᠡᠭᠳᠡᠭᠰᠡᠡᠨ ᠠᠴᠠ᠂ ᠬᠢᠨᠠᠨ ᠬᠠᠮᠢᠶᠠᠷᠬᠤ ᠶᠠᠪᠤᠴᠠ ᠳᠤ ᠵᠠᠷᠢᠮ ᠰᠢᠨ᠎ᠡ ᠠᠰᠠᠭᠤᠳᠠᠯ ᠢᠯᠡᠷᠡᠭᠰᠡᠨ ᠪᠠᠶᠢᠨ᠎ᠠ᠄ ᠨᠢᠭᠡ ᠳᠤ ᠬᠢᠨᠠᠨ ᠪᠠᠶᠢᠴᠠᠭᠠᠬᠤ᠂ ᠪᠠᠶᠢᠴᠠᠭᠠᠨ ᠰᠢᠯᠭᠠᠬᠤ ᠬᠦᠴᠦᠨ ᠯᠦᠭᠡ ᠠᠳᠠᠯᠢᠳᠬᠠᠪᠠᠯ ᠢᠯᠡᠳᠲᠡ ᠳᠤᠲᠠᠮᠠᠭ ᠪᠠᠶᠢᠵᠤ᠂ ᠬᠢᠨᠠᠨ ᠬᠠᠮᠢᠶᠠᠷᠬᠤ ᠬᠦᠴᠢᠷᠳᠡᠯ ᠨᠡᠮᠡᠭᠳᠡᠵᠦ ᠪᠠᠶᠢᠨ᠎ᠠ︔ ᠬᠤᠶᠠᠷ ᠲᠤ ᠬᠠᠭᠤᠴᠢᠨ ᠴᠠᠬᠢᠯᠭᠠᠨ ᠱᠠᠲᠤᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠰᠢᠨᠡᠳᠭᠡᠨ ᠥᠭᠡᠷᠡᠴᠢᠯᠡᠬᠦ ᠠᠵᠢᠯ ᠢ ᠳᠦᠷᠢᠮᠵᠢᠭᠦᠯᠬᠦ ᠴᠢᠬᠤᠯᠠᠲᠠᠶ ᠪᠠᠶᠢᠵᠤ᠂ ᠣᠷᠣᠨ ᠰᠠᠭᠤᠴᠠ ᠶᠢᠨ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠡᠷᠬᠡᠲᠡᠶ ᠪᠠᠶᠢᠨ᠎ᠠ︔ ᠭᠤᠷᠪᠠ ᠳᠤ ᠴᠠᠬᠢᠯᠭᠠᠨ ᠱᠠᠲᠤᠨ ᠤ ᠬᠡᠷᠡᠭᠯᠡᠯᠲᠡ ᠬᠠᠮᠢᠶᠠᠷᠤᠯᠲᠠ ᠶᠢᠨ ᠬᠠᠷᠢᠭᠤᠴᠠᠯᠭᠠᠲᠤ ᠨᠢᠭᠡᠴᠡ ᠶᠢᠨ ᠬᠠᠤᠯᠢ ᠴᠠᠭᠠᠵᠠ ᠶᠢᠨ ᠤᠬᠠᠮᠰᠠᠷ  ᠳᠤᠷᠤᠢ ᠪᠠᠶᠢᠵᠤ᠂ ᠠᠮᠤᠷ ᠲᠦᠪᠰᠢᠨ ᠤ ᠬᠠᠮᠢᠶᠠᠷᠤᠯᠲᠠ ᠨᠢ ᠪᠡᠶᠡᠯᠡᠭᠳᠡᠬᠦ ᠦᠭᠡᠶ ᠪᠠᠶᠢᠨ᠎ᠠ︔ ᠳᠥᠷᠪᠡ ᠳᠤ ᠵᠠᠬ᠎ᠠ ᠳᠡᠯᠭᠡᠭᠦᠷ ᠢ ᠠᠷᠠᠴᠢᠯᠠᠨ ᠬᠠᠮᠠᠭᠠᠯᠠᠬᠤ ᠳᠤ ᠮᠠᠭᠤ ᠰᠠᠨᠠᠭ᠎ᠠ ᠲᠠᠢ ᠦᠷᠢᠰᠦᠯᠳᠦᠵᠤ᠂ ᠠᠷᠠᠴᠢᠯᠠᠨ ᠬᠠᠮᠠᠭᠠᠯᠠᠬᠤ ᠨᠢᠭᠡᠴᠡ ᠨᠢ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠬᠦ ᠦᠭᠡᠢ ᠪᠠᠶᠢᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ ᠳᠡᠶᠢᠯᠬᠦ ᠦᠭᠡᠶ ᠪᠠᠶᠢᠨ᠎ᠠ᠃ ᠴᠠᠬᠢᠯᠭᠠᠨ ᠱᠠᠲᠤ ᠶᠢᠨ ᠬᠡᠷᠡᠭᠯᠡᠯᠲᠡ ᠬᠠᠮᠢᠶᠠᠷᠤᠯᠲᠠ ᠶᠢᠨ ᠳᠤᠮᠳᠠ ᠢᠯᠡᠷᠡᠵᠤ ᠪᠠᠶᠢᠭ᠎ᠠ ᠠᠰᠠᠭᠤᠳᠠᠯ ᠢ ᠨᠡᠩ ᠰᠠᠶᠢᠨ ᠰᠢᠢᠳᠪᠦᠷᠢᠯᠡᠵᠤ᠂ ᠴᠠᠬᠢᠯᠭᠠᠨ ᠱᠠᠲᠤᠨ ᠤ ᠰᠠᠭᠠᠳ ᠬᠠᠷᠰᠢ ᠪᠤᠯᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠬᠤ ᠶᠢᠨ ᠲᠤᠯᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢ ᠲᠤᠭᠲᠠᠭᠠᠨ ᠬᠡᠷᠡᠭᠵᠢᠬᠦᠯᠬᠦ  ᠨᠢ ᠮᠠᠰᠢ ᠴᠢᠬᠤᠯᠠ ᠶᠤᠮ᠃       ﹇ᠬᠥᠲᠥᠯᠥᠭᠴᠢ﹈      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ ᠶᠠᠮᠠᠷ ᠠᠴᠢ ᠬᠤᠯᠪᠣᠭᠳᠠᠯ ᠪᠤᠯᠤᠨ ᠦᠢᠯᠡᠳᠦᠯ ᠲᠠᠢ ᠪᠤᠶ︖       ﹇ᠵᠢᠶᠠ ᠯᠢ﹈      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠶᠢ 2015 ᠤᠨ ᠤ 6 ᠳ᠋ᠤᠭᠠᠷ ᠰᠠᠷ᠎ᠠ ᠶᠢᠨ 17 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠠᠳ᠂ 2015 ᠤᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠲᠤᠰ ︽ᠠᠷᠭ᠎ᠠ︾ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠡᠯᠪᠡᠷᠢ ᠪᠠᠷ ᠴᠠᠬᠢᠯᠭᠠᠨ ᠱᠠᠲᠤᠨ ᠤ ᠠᠮᠤᠷ ᠲᠦᠪᠰᠢᠨ ᠢ ᠬᠠᠮᠢᠶᠠᠷᠬᠤ ᠲᠤᠭᠲᠠᠴᠠ ᠶᠢ ᠵᠢᠷᠤᠮᠵᠢᠭᠤᠯᠵᠤ᠂ ᠴᠠᠬᠢᠯᠭᠠᠨ ᠱᠠᠲᠤ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ᠂ ᠬᠠᠮᠠᠭᠠᠯᠠᠵᠤ ᠠᠷᠠᠴᠢᠯᠠᠬᠤ᠂ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ᠂ ᠪᠦᠲᠦᠭᠡᠨ ᠪᠠᠶᠢᠭᠤᠯᠬᠤ ᠵᠡᠷᠭᠡ ᠨᠢᠭᠡᠴᠡ ᠵᠢᠴᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠭᠰᠠᠨ ᠪᠠᠶᠢᠨ᠎ᠠ᠃ ᠡᠭᠦᠨ ᠤ ᠬᠠᠮᠲᠤ᠂ ︽ᠠᠷᠭ᠎ᠠ︾ ᠳᠤ ᠪᠠᠰᠠ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠴᠠᠬᠢᠯᠭᠠᠨ ᠱᠠᠲᠤ ᠦᠢᠯᠡᠳᠪᠦᠷᠢᠯᠡᠬᠦ᠂ ᠬᠡᠷᠡᠭᠯᠡᠬᠦ᠂ ᠬᠠᠮᠠᠭᠠᠯᠠᠵᠤ ᠠᠷᠠᠴᠢᠯᠠᠬᠤ᠂ ᠪᠠᠶᠢᠴᠠᠭᠠᠨ ᠰᠢᠯᠭᠠᠬᠤ᠂  ᠪᠠᠶᠢᠴᠠᠭᠠᠨ ᠬᠡᠮᠵᠢᠬᠦ ᠵᠡᠷᠭᠡ ᠨᠢᠭᠡᠴᠡ ᠶᠢᠨ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠤᠷᠤᠬᠤ ᠶᠢ ᠵᠣᠷᠢᠭᠵᠢᠭᠤᠯᠵᠤ᠂ ᠴᠠᠬᠢᠯᠭᠠᠨ ᠱᠠᠲᠤᠨ ᠤ ᠡ᠊ᠨᠳᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠂ ᠠᠳᠡᠯ ᠢ ᠠᠪᠤᠷᠠᠨ ᠲᠤᠰᠠᠯᠠᠬᠤ ᠲᠦᠯᠦᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠬᠡᠵᠤ ᠲᠤᠲᠤᠷᠬᠠᠶᠢᠯᠠᠪᠠ᠃       ﹇ᠬᠥᠲᠥᠯᠥᠭᠴᠢ  ﹈      ᠴᠠᠬᠢᠯᠭᠠᠨ ᠱᠠᠲᠤᠨ ᠤ ᠦᠢᠯᠡᠳᠪᠦᠷᠢᠯᠡᠬᠦ᠂ ᠡᠵᠡᠩᠨᠡᠬᠦ ᠲᠠᠯ᠎ᠠ ᠪᠠᠷ᠂ ︽ᠠᠷᠭ᠎ᠠ︾ ᠳᠤ ᠴᠠᠬᠢᠯᠭᠠᠨ ᠱᠠᠲᠤ ᠦᠢᠯᠡᠳᠪᠦᠷᠢᠯᠡᠬᠦ  ᠨᠢᠭᠡᠴᠡ ᠳᠤ ᠶᠠᠮᠠᠷ ᠶᠠᠮᠠᠷ ᠪᠣᠳᠠᠲᠠᠶ ᠡᠭᠦᠷᠭᠡ ᠬᠠᠷᠢᠭᠤᠴᠠᠯᠭ᠎ᠠ ᠶᠢ ᠲᠤᠭᠲᠠᠭᠠᠭᠰᠠᠨ ᠪᠤᠢ︖       ﹇ᠵᠢᠶᠠ ᠯᠢ﹈      ᠴᠠᠬᠢᠯᠭᠠᠨ ᠱᠠᠲᠤᠨ ᠤ ᠶᠠᠰᠤ ᠴᠢᠨᠠᠷ ᠪᠣᠯ ᠴᠠᠬᠢᠯᠭᠠᠨ ᠱᠠᠲᠤᠨ ᠤ ᠠᠮᠤᠷ ᠲᠦᠪᠰᠢᠨ ᠤ ᠦᠨᠳᠦᠰᠦᠨ ᠪᠠᠲᠤᠯᠠᠭ᠎ᠠ ᠮᠥᠨ᠃ ᠦᠢᠯᠡᠳᠬᠦᠨ ᠤ ᠶᠠᠰᠤ ᠴᠢᠨᠠᠷ ᠢ ᠦᠨᠳᠦᠰᠦ ᠠᠴᠠ ᠨᠢ ᠴᠢᠩᠭ᠎ᠠ ᠠᠳᠬᠤᠬᠤ ᠶᠢᠨ ᠲᠤᠯᠠᠳᠠ᠂ ︽ᠠᠷᠭ᠎ᠠ︾ ᠶᠢᠨ ᠠᠷᠪᠠᠨ ᠨᠢᠭᠡᠳᠦᠭᠡᠷ ᠵᠦᠢᠯ ᠳᠤ ᠲᠤᠭᠲᠠᠭᠠᠭᠰᠠᠨ ᠨᠢ ᠴᠠᠬᠢᠯᠭᠠᠨ ᠱᠠᠲᠤ ᠶᠢ ᠦᠢᠯᠡᠳᠪᠦᠷᠢᠯᠡᠬᠦ ᠨᠢᠭᠡᠴᠡ  ᠨᠢ ᠦᠢᠯᠡᠳᠪᠦᠷᠢᠯᠡᠭᠰᠡᠨ ᠪᠤᠶᠤ ᠦᠭᠡᠷᠡᠴᠢᠯᠡᠭᠰᠡᠨ ᠴᠠᠬᠢᠯᠭᠠᠨ ᠱᠠᠲᠤ ᠵᠢᠴᠢ ᠲᠡᠭᠦᠨ ᠤ ᠰᠡᠯᠪᠢᠭ ᠲᠣᠨᠤᠭ ᠤᠨ ᠠᠮᠤᠷ ᠲᠦᠪᠰᠢᠨ ᠤ ᠴᠢᠳᠠᠮᠵᠢ ᠪᠤᠯᠤᠨ ᠡᠨᠧᠷᠭᠢ ᠠᠷᠪᠢᠯᠠᠬᠤ ᠬᠦᠢᠴᠡᠳᠭᠡᠯ ᠲᠤᠭ᠎ᠠ ᠳᠤ ᠬᠠᠷᠢᠭᠤᠴᠠᠬᠤ ᠪᠥᠭᠡᠳ ᠳᠣᠣᠷᠠᠬᠢ ᠮᠡᠲᠦ ᠬᠠᠷᠢᠭᠤᠴᠠᠯᠭ᠎ᠠ ᠶᠢ ᠬᠦᠢᠴᠡᠳᠭᠡᠬᠦ ᠬᠡᠷᠡᠭᠲᠠᠢ᠄ ︵ᠨᠢᠭᠡ︶ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠶᠢ ᠲᠤᠲᠤᠷᠬᠠᠶᠢᠯᠠᠵᠤ᠂ ᠶᠠᠰᠤ ᠴᠢᠨᠠᠷ ᠢ ᠪᠠᠲᠤᠯᠠᠬᠤ ᠬᠤᠭᠤᠴᠠᠭᠠᠨ ᠳᠤ ᠴᠠᠬᠢᠯᠭᠠᠨ ᠱᠠᠲᠤᠨ ᠳᠤ ᠶᠠᠰᠤ ᠴᠢᠨᠠᠷ ᠤᠨ ᠠᠰᠠᠭᠤᠳᠠᠯ ᠭᠠᠷᠪᠠᠯ᠂ ᠦᠨ᠎ᠡ ᠲᠥᠯᠥᠪᠦᠷᠢ ᠦᠭᠡᠶ ᠵᠠᠰᠠᠵᠤ ᠥᠭᠬᠦ ᠪᠤᠶᠤ ᠬᠤᠯᠪᠣᠭᠳᠠᠯ ᠪᠦᠬᠦᠢ ᠰᠡᠯᠪᠢᠭ ᠲᠣᠨᠤᠭ ᠰᠣᠯᠢᠵᠤ ᠦᠭᠭᠦ ᠬᠡᠷᠡᠭᠲᠡᠶ︔ ︵ᠬᠤᠶᠠᠷ︶ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠦᠢᠯᠡᠳᠬᠦᠨ ᠤ ᠶᠠᠰᠤ ᠴᠢᠨᠠᠷ ᠨᠢ ᠬᠢᠷᠢ ᠲᠡᠩᠴᠡᠭᠰᠡᠨ ᠭᠡᠷᠡᠴᠢ᠂ ᠤᠭᠰᠠᠷᠠᠬᠤ ᠪᠠ ᠬᠡᠷᠡᠭᠯᠡᠬᠦ ᠬᠠᠮᠠᠭᠠᠯᠠᠬᠤ ᠲᠣᠳᠣᠷᠬᠠᠶᠢᠯᠠᠯᠲᠠ᠂ ᠬᠡᠯᠪᠡᠷᠢ ᠶᠢᠨ ᠲᠤᠷᠰᠢᠨ ᠰᠢᠯᠭᠠᠬᠤ ᠬᠡᠷᠡᠴᠢ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠮᠠᠲ᠋ᠧᠷᠢᠶᠠᠯ ᠪᠤᠯᠤᠨ ᠪᠢᠴᠢᠭ ᠮᠠᠲ᠋ᠧᠷᠢᠶᠠᠯ ᠢ ᠬᠠᠩᠭᠠᠬᠤ ᠬᠡᠷᠡᠭᠲᠠᠢ᠃ ᠦᠢᠯᠡᠳᠬᠦᠨ ᠢ ᠦᠢᠯᠡᠳᠪᠦᠷᠢ ᠠᠴᠠ ᠭᠠᠷᠭᠠᠭᠰᠠᠨ ᠲᠣᠳᠣᠷᠬᠠᠶᠢᠯᠠᠯᠲᠠ ᠶᠢᠨ ᠪᠢᠴᠢᠭ ᠲᠤ ᠴᠠᠬᠢᠯᠭᠠᠨ ᠱᠠᠲᠤ ᠪᠤᠶᠤ ᠭᠤᠣᠯ ᠲᠣᠨᠤᠭ ᠤᠨ ᠵᠢᠷᠤᠵᠤ ᠲᠦᠯᠦᠪᠯᠡᠭᠰᠡᠨ ᠬᠡᠷᠡᠭᠯᠡᠬᠦ ᠤᠭ ᠵᠢᠯ ᠪᠤᠶᠤ ᠤᠳᠠᠭ᠎ᠠ ᠲᠤᠭ᠎ᠠ ᠶᠢ ᠲᠤᠲᠤᠷᠬᠠᠶᠢᠯᠠᠭᠰᠠᠨ ᠪᠠᠶᠢᠬᠤ ᠬᠡᠷᠡᠭᠲᠠᠢ︔ ︵ᠭᠤᠷᠪᠠ︶ ᠴᠠᠬᠢᠯᠭᠠᠨ ᠱᠠᠲᠤ ᠬᠡᠷᠡᠭᠯᠡᠬᠦ  ᠬᠠᠮᠢᠶᠠᠷᠬᠤ ᠬᠠᠷᠢᠭᠤᠴᠠᠯᠭᠠᠲᠤ ᠨᠢᠭᠡᠴᠡ ᠳᠤ ᠴᠢᠬᠤᠯᠠ ᠪᠦᠬᠦᠢ ᠴᠠᠬᠢᠯᠭᠠᠨ ᠱᠠᠲᠤᠨ ᠤ ᠪᠡᠯᠡᠳᠬᠡᠯ ᠲᠤᠨᠤᠭ᠂ ᠮᠡᠷᠭᠡᠵᠢᠯ ᠤᠨ  ᠪᠤᠯᠪᠠᠰᠤᠷᠠᠭᠤᠯᠤᠯ ᠪᠣᠯᠤᠨ ᠪᠤᠰᠤᠳ ᠮᠡᠷᠭᠡᠵᠢᠯ ᠤᠨ ᠬᠠᠪᠰᠤᠷᠤᠮᠵᠢ ᠶᠢ ᠬᠠᠨᠭ᠍ᠭᠠᠬᠤ ᠬᠡᠷᠡᠭᠲᠠᠢ︔ ︵ᠳᠥᠷᠪᠡ︶ ᠴᠠᠬᠢᠯᠭᠠᠨ ᠱᠠᠲᠤᠨ ᠤ ᠠᠮᠤᠷ ᠲᠦᠪᠰᠢᠨ ᠠᠵᠢᠯᠯᠠᠭᠠᠨ ᠤ ᠪᠠᠶᠢᠳᠠᠯ ᠢ ᠮᠥᠷᠳᠡᠨ ᠪᠠᠶᠢᠴᠠᠭᠠᠬᠤ ᠪᠠ ᠤᠶᠢᠯᠠᠭᠠᠵᠤ᠂ ᠬᠡᠷᠡᠭᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ᠃ ᠴᠠᠬᠢᠯᠭᠠᠨ ᠱᠠᠲᠤᠨ ᠳᠤ ᠬᠦᠨᠳᠦ ᠨᠣᠴᠢᠲᠠᠶ ᠠᠳᠡᠯ ᠭᠠᠷᠬᠤ ᠳᠠᠯᠳᠠ ᠭᠡᠮ ᠤᠷᠤᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠳᠤ ᠮᠡᠳᠡᠭᠳᠡᠬᠦ ᠬᠡᠷᠡᠭᠲᠡᠶ ᠪᠦᠭᠡᠳ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ︔ ︵ᠲᠠᠪᠤ︶ ᠴᠠᠬᠢᠯᠭᠠᠨ ᠱᠠᠲᠤ ᠶᠢ ᠬᠡᠷᠡᠭᠯᠡᠭᠡᠨ ᠠᠴᠠ ᠭᠠᠷᠭᠠᠬᠤ᠂ ᠰᠢᠨᠡᠳᠭᠡᠬᠦ᠂ ᠥᠭᠡᠷᠡᠴᠢᠯᠡᠬᠦ ᠵᠡᠷᠭᠡ ᠲᠠᠯ᠎ᠠ ᠪᠠᠷ ᠮᠡᠷᠭᠡᠵᠢᠯ ᠤᠨ ᠵᠢᠯᠣᠭᠤᠳᠣᠯᠭ᠎ᠠ ᠶᠢᠨ ᠴᠢᠨᠠᠷᠲᠠᠶ ᠰᠠᠨᠠᠯ ᠳᠤᠷᠠᠳᠬᠤ ᠬᠡᠷᠡᠭᠲᠠᠢ︔ ︵ᠵᠢᠷᠭᠤᠭ᠎ᠠ︶ ᠵᠢᠷᠤᠵᠤ ᠲᠦᠯᠦᠪᠯᠡᠭᠰᠡᠨ᠂ ᠦᠢᠯᠡᠳᠪᠦᠷᠢᠯᠡᠭᠰᠡᠨ ᠵᠡᠷᠭᠡ ᠰᠢᠯᠲᠠᠭᠠᠨ ᠠᠴᠠ ᠪᠣᠯᠵᠤ ᠴᠠᠬᠢᠯᠭᠠᠨ ᠱᠠᠲᠤᠨ ᠳᠤ ᠠᠮᠤᠷ ᠲᠦᠪᠰᠢᠨ ᠢ ᠰᠦᠷᠳᠡᠭᠦᠯᠬᠦ ᠢᠵᠢᠯ ᠴᠢᠨᠠᠷ ᠤᠨ ᠳᠤᠲᠠᠭᠳᠠᠯ ᠣᠷᠣᠰᠢᠵᠤ ᠪᠠᠶᠢᠪᠠᠯ᠂ ᠲᠡᠷᠡ ᠳᠠᠷᠤᠶ ᠳᠤᠨᠢ ᠦᠢᠯᠡᠳᠪᠦᠷᠢᠯᠡᠬᠦ ᠪᠠᠨ ᠵᠣᠭᠰᠣᠭᠠᠵᠤ᠂ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠵᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ᠂ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃       ﹇ᠬᠥᠲᠥᠯᠥᠭᠴᠢ﹈      ᠴᠠᠬᠢᠯᠭᠠᠨ ᠱᠠᠲᠤ ᠶᠢ ᠠᠮᠤᠷ ᠲᠦᠪᠰᠢᠨ ᠬᠡᠷᠡᠭᠯᠡᠬᠦ ᠲᠠᠯ᠎ᠠ ᠪᠠᠷ᠂ ︽ᠠᠷᠭ᠎ᠠ︾ ᠳᠤ ᠴᠠᠬᠢᠯᠭᠠᠨ ᠱᠠᠲᠤ ᠬᠡᠷᠡᠭᠯᠡᠬᠦ  ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠶᠠᠮᠠᠷ ᠡᠭᠦᠷᠭᠡ ᠶᠢ ᠭᠦᠢᠴᠡᠳᠬᠡᠬᠦ ᠬᠡᠷᠡᠭᠲᠡᠶ ᠬᠡᠵᠤ ᠲᠤᠭᠲᠠᠭᠠᠭᠰᠠᠨ ᠪᠤᠶ︖ ᠡᠭᠦᠨ ᠤ ᠬᠠᠮᠲᠤ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠶᠠᠮᠠᠷ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ ᠪᠤᠶ︖       ﹇ᠵᠢᠶᠠ ᠯᠢ﹈      ᠴᠠᠬᠢᠯᠭᠠᠨ ᠱᠠᠲᠤ ᠬᠡᠷᠡᠭᠯᠡᠬᠦ ᠨᠢᠬᠡᠴᠡ ᠪᠤᠯ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠭᠦᠢᠴᠡᠳᠬᠡᠬᠦ᠂ ᠴᠠᠬᠢᠯᠭᠠᠨ ᠱᠠᠲᠤ ᠬᠡᠷᠡᠭᠯᠡᠬᠦ ᠠᠮᠤᠷ ᠲᠦᠪᠰᠢᠨ ᠢ ᠬᠠᠷᠢᠭᠤᠴᠠᠬᠤ ᠭᠤᠤᠯ ᠴᠣᠭᠴᠠ ᠮᠦᠨ᠃ ᠴᠠᠬᠢᠯᠭᠠᠨ ᠱᠠᠲᠤᠨ ᠤ ᠥᠮᠴᠢᠯᠡᠬᠦ ᠡᠷᠬᠡ ᠪᠤᠯᠤᠨ ᠬᠠᠮᠢᠶᠠᠷᠤᠯᠲᠠ ᠶᠢᠨ ᠡᠷᠬᠡ ᠶᠢ ᠰᠠᠯᠭᠠᠭᠰᠠᠨ ᠠᠴᠠ ᠪᠤᠯᠤᠭᠠᠳ ᠴᠠᠬᠢᠯᠭᠠᠨ ᠱᠠᠲᠤ ᠬᠡᠷᠡᠭᠯᠡᠬᠦ ᠨᠢᠭᠡᠴᠡ ᠶᠢᠨ ᠲᠣᠳᠣᠷᠬᠠᠶ ᠪᠤᠰᠤ ᠠᠰᠠᠭᠤᠳᠠᠯ ᠢ ᠰᠢᠢᠳᠪᠦᠷᠢᠯᠡᠬᠦ ᠶᠢᠨ ᠲᠤᠯᠠᠳᠠ᠂ ︽ᠠᠷᠭ᠎ᠠ︾ ᠶᠢᠨ ᠬᠤᠷᠢᠨ ᠬᠤᠶᠠᠳᠤᠭᠠᠷ ᠵᠦᠢᠯ ᠳᠤ ᠲᠤᠭᠲᠠᠭᠠᠭᠰᠠᠨ ᠨᠢ᠂ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ  ᠨᠢᠭᠡᠴᠡ ᠨᠢ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠶᠢ ᠭᠦᠢᠴᠡᠳᠭᠡᠵᠤ᠂ ᠴᠠᠬᠢᠯᠭᠠᠨ ᠱᠠᠲᠤ ᠬᠡᠷᠡᠭᠯᠡᠬᠦ ᠠᠮᠤᠷ ᠲᠦᠪᠰᠢᠨ ᠳᠤ ᠬᠠᠷᠢᠭᠤᠴᠠᠬᠤ ᠬᠡᠷᠡᠭᠲᠡᠶ᠃ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠳᠣᠣᠷ᠎ᠠ ᠵᠢᠭᠰᠠᠭᠠᠭᠰᠠᠨ ᠳᠦᠷᠢᠮ ᠶᠣᠰᠣᠭᠠᠷ ᠲᠤᠭᠲᠠᠭᠠᠬᠤ ᠬᠡᠷᠡᠭᠲᠠᠢ᠄ ︵ᠨᠢᠭᠡ︶ ᠴᠠᠬᠢᠯᠭᠠᠨ ᠱᠠᠲᠤ ᠶᠢ ᠤᠭᠰᠠᠷᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠤᠭᠰᠠᠨ ᠨᠢᠭᠡᠴᠡ ᠨᠢ ᠴᠠᠬᠢᠯᠭᠠᠨ ᠱᠠᠲᠤ ᠥᠮᠴᠢᠯᠡᠬᠦ ᠡᠷᠬᠡ ᠶᠢᠨ ᠥᠮᠴᠢᠯᠡᠭᠴᠢ ᠳᠤ ᠬᠠᠷᠠᠬᠠᠨ ᠰᠢᠯᠵᠢᠭᠦᠯᠦᠨ ᠲᠤᠰᠢᠶᠠᠭᠠᠳᠤᠢ ᠪᠤᠯ ᠪᠦᠲᠦᠭᠡᠨ ᠪᠠᠶᠢᠭᠤᠯᠤᠭᠰᠠᠨ ᠨᠢᠭᠡᠴᠡ ᠨᠢ ᠴᠠᠬᠢᠯᠭᠠᠨ ᠱᠠᠲᠤ ᠬᠡᠷᠡᠭᠯᠡᠬᠦ ᠬᠠᠮᠢᠶ᠋ᠷᠬᠤ ᠬᠠᠷᠢᠭᠤᠴᠠᠯᠭᠠᠲᠤ ᠨᠢᠭᠡᠴᠡ ᠨᠢ ᠪᠤᠯᠤᠨ᠎ᠠ︔ ︵ᠬᠤᠶᠠᠷ︶ ᠴᠠᠬᠢᠯᠭᠠᠨ ᠱᠠᠲᠤ ᠦᠮᠴᠢᠯᠡᠭᠴᠢ ᠨᠢ ᠪᠤᠰᠤᠳ ᠬᠥᠮᠦᠨ ᠳᠤ ᠬᠠᠮᠢᠶᠠᠷᠠᠭᠤᠯᠬᠤ ᠪᠠᠷ ᠨᠠᠶᠢᠳᠠᠭᠰᠠᠨ ᠦᠭᠡᠶ ᠪᠤᠯ ᠴᠠᠬᠢᠯᠭᠠᠨ ᠱᠠᠲᠤ ᠦᠮᠴᠢᠯᠡᠭᠴᠢ ᠨᠢ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ  ᠨᠢᠭᠡᠴᠡ ᠨᠢ ᠪᠤᠯᠤᠨ᠎ᠠ︔ ︵ᠭᠤᠷᠪᠠ︶ ᠴᠠᠬᠢᠯᠭᠠᠨ ᠱᠠᠲᠤ ᠨᠢ ᠬᠠᠮᠲᠤ ᠪᠠᠷ ᠥᠮᠴᠢᠯᠡᠬᠦ ᠳᠤ ᠬᠠᠷᠢᠶᠠᠯᠠᠭᠳᠠᠬᠤ ᠮᠥᠷᠲᠡᠭᠡᠨ ᠪᠤᠰᠤᠳ ᠬᠥᠮᠦᠨ ᠳᠤ ᠬᠠᠮᠢᠶᠠᠷᠠᠭᠤᠯᠬᠤ ᠪᠠᠷ ᠨᠠᠶᠢᠳᠠᠭᠰᠠᠨ ᠦᠭᠡᠢ ᠪᠤᠯ ᠬᠠᠮᠲᠤ ᠪᠠᠷ ᠥᠮᠴᠢᠯᠡᠭᠴᠢ ᠨᠢ ᠴᠠᠬᠢᠯᠭᠠᠨ ᠱᠠᠲᠤ ᠶᠢ  ᠬᠠᠮᠢᠶᠠᠷᠬᠤ ᠪᠣᠳᠠᠲᠠᠶ ᠬᠠᠷᠢᠭᠤᠴᠠᠯᠭᠠᠲᠠᠨ ᠢᠶᠠᠷ ᠪᠣᠳᠠᠲᠠᠶ ᠬᠠᠮᠢᠶᠠᠷᠤᠯᠲᠠ ᠶᠢᠨ ᠠᠵᠢᠯ ᠢ ᠡᠭᠦᠷᠭᠡᠯᠡᠭᠦᠯᠬᠦ ᠪᠠᠷ ᠪᠢᠴᠢᠭ ᠢᠶᠠᠷ ᠪᠤᠯᠵᠤᠨ ᠲᠤᠭᠲᠠᠭᠠᠬᠤ ᠬᠡᠷᠡᠭᠲᠡᠶ︔ ︵ᠳᠥᠷᠪᠡ︶ ᠴᠠᠬᠢᠯᠭᠠᠨ ᠱᠠᠲᠤ ᠦᠮᠴᠢᠯᠡᠭᠴᠢ ᠨᠢ ᠠᠳᠡᠯ ᠠᠬᠤᠢ ᠶᠢᠨ ᠦᠢᠯᠡᠴᠢᠯᠡᠭᠡᠨ ᠤ ᠨᠢᠭᠡᠴᠡ ᠪᠤᠶᠤ ᠪᠤᠰᠤᠳ ᠬᠠᠮᠢᠶᠠᠷᠤᠯᠲᠠ ᠶᠢᠨ ᠬᠥᠮᠦᠨ ᠳᠤ ᠨᠠᠶᠢᠳᠠᠵᠤ ᠬᠠᠮᠢᠶᠠᠷᠠᠭᠤᠯᠤᠭᠰᠠᠨ ᠪᠤᠯ ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠪᠤᠯᠤᠨ᠎ᠠ︔ ︵ᠲᠠᠪᠤ︶ ᠴᠠᠬᠢᠯᠭᠠᠨ ᠱᠠᠲᠤ ᠲᠠᠢ ᠪᠠᠷᠢᠯᠭ᠎ᠠ ᠶᠢ ᠳᠦᠷᠢᠶᠡᠰᠦᠨ ᠳᠤ ᠬᠡᠷᠡᠭᠯᠡᠪᠡᠯ ᠲᠤᠬᠠᠢ ᠶᠢᠨ ᠬᠥᠮᠦᠨ ᠨᠢ ᠭᠡᠷ᠎ᠡ ᠳᠡᠭᠡᠨ ᠴᠠᠬᠢᠯᠭᠠᠨ ᠱᠠᠲᠤ ᠬᠡᠷᠡᠭᠯᠡᠬᠦ  ᠬᠠᠮᠢᠶᠠᠷᠬᠤ ᠬᠠᠷᠢᠭᠤᠴᠠᠯᠭᠠᠲᠤ ᠨᠢᠭᠡᠴᠡ ᠶᠢ ᠪᠤᠯᠵᠤᠨ ᠲᠤᠭᠲᠠᠬᠤ ᠬᠡᠷᠡᠭᠲᠠᠢ︔ ᠪᠣᠯᠵᠣᠨ ᠲᠣᠭᠲᠠᠭᠰᠠᠨ ᠦᠭᠡᠶ ᠪᠤᠯ᠂ ᠪᠠᠷᠢᠯᠭ᠎ᠠ ᠶᠢᠨ ᠥᠮᠴᠢᠯᠡᠬᠦ ᠡᠷᠬᠡ ᠲᠠᠢ ᠥᠮᠴᠢᠯᠡᠭᠴᠢ ᠨᠢ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠬᠡᠴᠡ ᠨᠢ ᠪᠤᠯᠤᠨ᠎ᠠ︔ ︵ᠵᠢᠷᠭᠤᠭ᠎ᠠ︶ ᠵᠠᠰᠠᠭ ᠤᠨ ᠣᠷᠳᠣᠨ ᠤ ᠪᠡᠯᠡ ᠤᠷᠤᠭᠤᠯᠤᠨ ᠪᠦᠲᠦᠭᠡᠨ ᠪᠠᠶᠢᠭᠤᠯᠤᠭᠰᠠᠨ ᠪᠦᠭᠡᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠰ ᠲᠤ ᠬᠡᠷᠡᠭᠯᠡᠬᠦ ᠴᠠᠬᠢᠯᠭᠠᠨ ᠱᠠᠲᠤ ᠪᠤᠯ᠂ ᠲᠡᠭᠦᠨ ᠤ ᠬᠠᠮᠢᠶᠠᠷᠤᠭᠴᠢ ᠨᠢ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠪᠤᠯᠤᠨ᠎ᠠ᠃ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠶᠢ ᠨᠢ ᠲᠤᠲᠤᠷᠬᠠᠶᠢᠯᠠᠭᠠᠳᠤᠢ ᠴᠠᠬᠢᠯᠭᠠᠨ ᠱᠠᠲᠤ ᠶᠢ ᠠᠰᠢᠭᠯᠠᠯᠲᠠ ᠳᠤ ᠤᠷᠤᠭᠤᠯᠤᠨ ᠬᠡᠷᠡᠭᠯᠡᠵᠤ ᠪᠣᠯᠬᠤ ᠦᠭᠡᠶ᠃      ᠬᠤᠷᠢᠨ ᠭᠤᠷᠪᠠᠳᠤᠭᠠᠷ ᠵᠦᠢᠯ ᠳᠤ ᠲᠤᠭᠲᠠᠭᠠᠭᠰᠠᠨ ᠨᠢ᠂ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠳᠤᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ ︵ᠨᠢᠭᠡ︶ ᠴᠠᠬᠢᠯᠭᠠᠨ ᠱᠠᠲᠤ ᠶᠢᠨ ᠠᠮᠤᠷ ᠲᠦᠪᠰᠢᠨ ᠠᠵᠢᠯᠯᠠᠬᠤ ᠶᠢ ᠬᠠᠮᠢᠶᠠᠷᠬᠤ ᠳᠦᠷᠢᠮ ᠢ ᠪᠠᠶᠢᠭᠤᠯᠤᠨ ᠬᠡᠷᠡᠭᠵᠢᠬᠦᠯᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠮᠡᠷᠭᠡᠵᠢᠯ ᠤᠨ ᠳᠠᠩᠰᠠ ᠡᠪᠬᠡᠮᠡᠯ ᠢ ᠲᠡᠭᠦᠯᠳᠡᠷᠵᠢᠭᠦᠯᠬᠦ ᠬᠡᠷᠡᠭᠲᠠᠢ᠃ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠶᠢ ᠬᠤᠪᠢᠷᠠᠭᠤᠯᠬᠤ ᠦᠶᠡᠰ᠂ ᠠᠮᠤᠷ ᠲᠦᠪᠰᠢᠨ ᠤ ᠮᠡᠷᠭᠡᠵᠢᠯ ᠤᠨ ᠳᠠᠩᠰᠠ ᠡᠪᠬᠡᠮᠡᠯ ᠢ ᠨᠢ ᠰᠢᠯᠵᠢᠭᠦᠯᠦᠨ ᠲᠤᠰᠢᠶᠠᠬᠤ ᠬᠡᠷᠡᠭᠲᠠᠢ︔ ︵ᠬᠤᠶᠠᠷ︶ ᠬᠠᠤᠯᠢ ᠶᠣᠰᠣᠭᠠᠷ ᠬᠠᠷᠢᠴᠠᠩᠭᠤᠢ ᠪᠦᠬᠦᠢ ᠬᠢᠷᠢ ᠬᠡᠮ ᠤᠯᠤᠭᠰᠠᠨ ᠨᠢᠭᠡᠴᠡ ᠳᠤ ᠨᠡᠶᠢᠲᠡᠨ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠭᠤᠯᠬᠤ ᠶᠢᠨ ᠬᠠᠮᠲᠤ ᠠᠷᠠᠴᠢᠯᠠᠨ ᠬᠠᠮᠠᠭᠠᠯᠠᠬᠤ ᠬᠡᠷ᠎ᠡ ᠲᠤᠭᠲᠠᠬᠤ ᠬᠡᠷᠡᠭᠲᠠᠢ᠃ ᠠᠷᠠᠴᠢᠯᠠᠨ ᠬᠠᠮᠠᠭᠠᠯᠠᠬᠤ ᠨᠢᠭᠡᠴᠡ ᠶᠢ ᠬᠤᠪᠢᠷᠠᠭᠤᠯᠬᠤ ᠦᠶᠡᠰ᠂ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠠᠷᠠᠴᠢᠯᠠᠨ ᠬᠠᠮᠠᠭᠠᠯᠠᠬᠤ ᠬᠡᠷ᠎ᠡ ᠪᠠᠨ ᠠᠪᠴᠤ᠂ ᠰᠢᠨ᠎ᠡ ᠬᠡᠷ᠎ᠡ ᠬᠦᠴᠦᠨ ᠲᠠᠢ ᠪᠤᠯᠤᠭᠰᠠᠨ ᠤ ᠳᠠᠷᠠᠭᠠᠬᠢ 15 ᠡᠳᠦᠷ ᠤᠨ ᠳᠤᠲᠤᠷ᠎ᠠ ᠤᠤᠯ ᠤᠨ ᠪᠦᠷᠢᠳᠭᠡᠨ ᠳᠠᠩᠰᠠᠯᠠᠭᠰᠠᠨ ᠪᠠᠶᠢᠭᠤᠯᠭ᠎ᠠ ᠳᠤ ᠤᠴᠢᠵᠤ ᠭᠠᠷᠳᠠᠮ ᠢᠶᠠᠨ ᠬᠤᠪᠢᠷᠠᠭᠤᠯᠬᠤ ᠶᠢᠨ ᠬᠠᠮᠲᠤ ᠴᠠᠬᠢᠯᠭᠠᠨ ᠱᠠᠲᠤ ᠶᠢᠨ ᠳᠤᠲᠤᠷᠠᠬᠢ ᠴᠠᠬᠢᠯᠭᠠᠨ ᠱᠠᠲᠤ ᠬᠡᠷᠡᠭᠯᠡᠬᠦ ᠲᠡᠮᠳᠡᠭ ᠢ ᠰᠤᠯᠢᠬᠤ ᠬᠡᠷᠡᠭᠲᠠᠢ︔ ︵ᠭᠤᠷᠪᠠ︶ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ ᠪᠤᠶᠤ ᠴᠠᠬᠢᠯᠭᠠᠨ ᠱᠠᠲᠤ ᠶᠢᠨ ᠠᠵᠢᠯ ᠮᠡᠷᠭᠡᠵᠢᠯ ᠤᠨ ᠬᠢᠷᠢ ᠬᠡᠮ ᠲᠠᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ ᠲᠤᠬᠢᠷᠠᠭᠤᠯᠵᠤ᠂ ᠴᠠᠬᠢᠯᠭᠠᠨ ᠱᠠᠲᠤ ᠶᠢᠨ ᠡᠳᠦᠷ ᠳᠤᠲᠤᠮ ᠤᠨ ᠠᠵᠢᠯᠯᠠᠭᠠᠨ ᠢ ᠲᠤᠭᠤᠷᠢᠨ ᠪᠠᠶᠢᠴᠠᠭᠠᠬᠤ ᠪᠠ ᠡᠳᠦᠷ ᠳᠤᠲᠤᠮ ᠤᠨ ᠬᠡᠷᠡᠭᠯᠡᠵᠤ ᠪᠠᠶᠢᠭ᠎ᠠ ᠪᠠᠶᠢᠳᠠᠯ ᠢ ᠲᠡᠮᠳᠡᠭᠯᠡᠬᠦ ᠶᠢ ᠬᠠᠷᠢᠭᠤᠴᠠᠭᠤᠯᠵᠤ ᠂ ᠴᠠᠬᠢᠯᠭᠠᠨ ᠱᠠᠲᠤ ᠬᠡᠷᠡᠭᠯᠡᠬᠦ ᠲᠤᠰᠬᠠᠢ ᠲᠦᠯᠬᠢᠭᠦᠷ ᠢ ᠬᠠᠳᠠᠭᠠᠯᠠᠭᠤᠯᠬᠤ ᠪᠠ ᠲᠤᠭᠲᠠᠭᠠᠯ ᠶᠤᠰᠤᠭᠠᠷ ᠬᠡᠷᠡᠭᠯᠡᠭᠦᠯᠬᠦ ᠬᠡᠷᠡᠭᠲᠡᠶ︔ ︵ᠳᠥᠷᠪᠡ︶ ᠴᠠᠬᠢᠯᠭᠠᠨ ᠱᠠᠲᠤ ᠶᠢ ᠦᠭᠡᠷᠡᠴᠢᠯᠡᠬᠦ᠂ ᠰᠡᠯᠪᠢᠨ ᠵᠠᠰᠠᠬᠤ᠂ ᠡᠳᠦᠷ ᠳᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠬᠤ ᠶᠢᠨ ᠬᠠᠮᠲᠤ ᠠᠷᠠᠴᠢᠯᠠᠨ ᠬᠠᠮᠠᠭᠠᠯᠠᠭᠰᠠᠨ ᠲᠡᠮᠳᠡᠭᠯᠡᠯ ᠳᠤ ᠭᠠᠷ ᠤᠨ ᠦᠰᠦᠭ ᠵᠢᠷᠤᠨ ᠮᠡᠳᠡᠷᠡᠬᠦ ᠬᠡᠷᠡᠭᠲᠡᠶ︔ ︵ᠲᠠᠪᠤ︶ ᠴᠠᠬᠢᠯᠭᠠᠨ ᠱᠠᠲᠤ ᠶᠢ ᠠᠮᠤᠷ ᠲᠦᠪᠰᠢᠨ ᠬᠡᠷᠡᠭᠯᠡᠬᠦ ᠲᠠᠶᠢᠯᠪᠤᠷᠢ ᠪᠤᠶᠤ ᠠᠮᠤᠷ ᠲᠦᠪᠰᠢᠨ ᠤ ᠠᠩᠬᠠᠷᠬᠤ ᠵᠦᠢᠯᠡᠰ᠂ ᠰᠡᠷᠡᠮᠵᠢ ᠶᠢᠨ ᠲᠡᠮᠳᠡᠭ᠂ ᠴᠠᠬᠢᠯᠭᠠᠨ ᠱᠠᠲᠤ ᠬᠡᠷᠡᠭᠯᠡᠬᠦ ᠬᠦᠴᠦᠨ ᠪᠦᠬᠦᠢ ᠲᠡᠮᠳᠡᠭ ᠪᠠ ᠲᠤᠰ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠤᠲᠠᠰᠤ ᠶᠢᠨ ᠨᠤᠮᠧᠷ ᠢᠶᠠᠨ ᠴᠠᠬᠢᠯᠭᠠᠨ ᠱᠠᠲᠤ ᠶᠢᠨ ᠢᠯᠡ ᠪᠠᠶᠢᠷᠢᠨ ᠳᠤ ᠲᠤᠬᠢᠷᠠᠭᠤᠯᠬᠤ ᠬᠡᠷᠡᠭᠲᠠᠢ︔ ︵ᠵᠢᠷᠭᠤᠭ᠎ᠠ︶ ᠴᠠᠬᠢᠯᠭᠠᠨ ᠱᠠᠲᠤ ᠶᠢᠨ ᠪᠠᠴᠢᠮ ᠪᠠᠶᠢᠳᠠᠯ ᠢ ᠠᠷᠭᠠᠴᠠᠬᠤ ᠬᠡᠷᠡᠯᠲᠦᠭᠦᠯᠭᠡ ᠶᠢ ᠬᠡᠪ ᠤᠨ ᠪᠠ ᠪᠦᠲᠦᠮᠵᠢᠲᠠᠢ ᠪᠠᠶᠢᠯᠭᠠᠵᠤ᠂ ᠪᠠᠴᠢᠮ ᠪᠠᠶᠢᠳᠠᠯ ᠢ ᠮᠡᠳᠡᠭᠦᠯᠬᠦ ᠲᠤᠨᠤᠭ ᠲᠦᠭᠦᠭᠡᠷᠦᠮᠵᠢ ᠪᠠ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠶᠢᠨ ᠠᠮᠤᠷ ᠲᠦᠪᠰᠢᠨ ᠤ ᠬᠠᠶᠢᠶᠠᠷᠤᠯᠲᠠ ᠶᠢᠨ ᠪᠠᠶᠢᠭᠤᠯᠤᠮᠵᠢ ᠪᠤᠶᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠳ ᠪᠠᠴᠢᠮ ᠠᠪᠤᠷᠠᠯᠲᠠ ᠳᠤ ᠪᠦᠲᠦᠮᠵᠢᠲᠠᠢ ᠬᠠᠷᠢᠭᠤᠯᠲᠠ ᠦᠭᠭᠦ ᠶᠢ ᠪᠠᠲᠤᠯᠠᠬᠤ ᠬᠡᠷᠡᠭᠲᠠᠢ ︔ ︵ᠳᠣᠯᠤᠭ᠎ᠠ︶ ᠴᠠᠬᠢᠯᠭᠠᠨ ᠱᠠᠲᠤ ᠬᠡᠮ ᠭᠠᠷᠬᠤ ᠪᠤᠶᠤ ᠬᠡᠨᠡᠳᠲᠡ ᠶᠢᠨ ᠴᠢᠨᠠᠷᠲᠠᠢ ᠬᠡᠷᠡᠭ ᠲᠤᠬᠢᠶᠠᠯᠳᠤᠬᠤ ᠦᠶᠡᠰ᠂ ᠴᠠᠬᠢᠯᠭᠠᠨ ᠱᠠᠲᠤ ᠶᠢᠨ ᠠᠵᠢᠯᠯᠠᠬᠤ ᠶᠢ ᠵᠤᠭᠰᠤᠭᠠᠬᠤ ᠶᠢᠨ ᠬᠠᠮᠲᠤ ᠴᠠᠬᠢᠯᠭᠠᠨ ᠱᠠᠲᠤ ᠶᠢᠨ ᠠᠵᠢᠯᠯᠠᠬᠤ ᠶᠢ ᠵᠤᠭᠰᠤᠭᠠᠭᠰᠠᠨ ᠵᠠᠷ ᠨᠠᠭᠠᠬᠤ ᠬᠡᠷᠡᠭᠲᠠᠢ᠃ ᠬᠡᠷᠡᠭᠯᠡᠭᠴᠢᠳ ᠬᠤᠷᠢᠭᠳᠠᠭᠰᠠᠨ ᠦᠶᠡᠰ ᠴᠠᠭ ᠲᠤᠬᠠᠢ ᠳᠤᠨᠢ ᠵᠤᠬᠢᠶᠠᠨ ᠪᠠᠶᠢᠭᠤᠯᠤᠨ ᠠᠪᠤᠷᠠᠬᠤ ᠬᠡᠷᠡᠭᠲᠠᠢ︔ ︵ᠨᠠᠢᠮᠠ︶ ᠴᠠᠬᠢᠯᠭᠠᠨ ᠱᠠᠲᠤ ᠠᠳᠡᠯ ᠭᠠᠷᠤᠭᠰᠠᠨ ᠦᠶᠡᠰ ᠵᠤᠬᠢᠶᠠᠨ ᠪᠠᠶᠢᠭᠤᠯᠤᠨ ᠠᠶᠤᠯ ᠢ ᠠᠷᠢᠯᠭᠠᠨ᠂ ᠠᠪᠤᠷᠠᠨ ᠲᠤᠰᠠᠯᠠᠵᠤ᠂ ᠠᠳᠡᠯ ᠤᠨ ᠲᠠᠯᠠᠪᠠᠢ ᠶᠢ ᠬᠠᠮᠠᠭᠠᠯᠠᠬᠤ ᠶᠢᠨ ᠳᠠᠭᠠᠤ 1 ᠴᠠᠭ ᠤᠨ ᠳᠤᠲᠤᠷ᠎ᠠ ᠴᠠᠬᠢᠯᠭᠠᠨ ᠱᠠᠲᠤ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠤᠨᠴᠤᠭᠤᠢ ᠲᠦᠭᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠠᠢ︔ ︵ᠶᠢᠰᠦ︶ ᠠᠷᠠᠴᠢᠯᠠᠨ ᠬᠠᠮᠠᠭᠠᠯᠬᠤ ᠨᠢᠭᠡᠴᠡ ᠶᠢᠨ ᠨᠡᠶᠢᠲᠡᠯᠡᠭᠰᠡᠨ ᠴᠠᠬᠢᠯᠭᠠᠨ ᠱᠠᠲᠤ ᠶᠢᠨ ᠠᠵᠢᠯᠯᠠᠬᠤ ᠶᠢ ᠵᠤᠭᠰᠤᠭᠠᠬᠤ ᠲᠤᠬᠠᠢ ᠪᠢᠴᠢᠭ ᠤᠨ ᠮᠡᠳᠡᠭᠳᠡᠯ ᠪᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠬᠤ ᠬᠡᠷᠡᠭᠲᠠᠢ︔ ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠤᠶᠤ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠭᠤᠯᠤᠯ ᠳᠤ ᠲᠤᠭᠲᠠᠭᠠᠭᠰᠠᠨ ᠪᠤᠰᠤᠳ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠦᠢᠴᠡᠳᠭᠡᠬᠦ ᠬᠡᠷᠡᠭᠲᠠᠢ᠃       ﹇ᠬᠥᠲᠥᠯᠥᠭᠴᠢ﹈      ᠴᠠᠬᠢᠯᠭᠠᠨ ᠱᠠᠲᠤ ᠡ᠊ᠨᠳᠡᠯ ᠭᠠᠷᠤᠭᠰᠠᠨ ᠤ ᠳᠠᠷᠠᠭ᠎ᠠ᠂ ᠬᠤᠬᠢᠷᠠᠯ ᠠᠮᠰᠠᠭᠴᠢ ᠬᠡᠷᠬᠢᠨ ᠲᠦᠯᠦᠪᠦᠷᠢ ᠤᠯᠬᠤ ᠪᠤᠶ︖       ﹇ᠵᠢᠶᠠ ᠯᠢ﹈      ᠣᠶᠢᠷ᠎ᠠ ᠶᠢᠨ ᠵᠢᠯ ᠤᠳ ᠲᠤ᠂ ᠵᠠᠯᠭ᠎ᠠ ᠪᠠᠷ ᠭᠠᠷᠤᠭᠰᠠᠨ ᠴᠠᠬᠢᠯᠭᠠᠨ ᠱᠠᠲᠤ ᠬᠥᠮᠦᠨ ᠭᠡᠮᠲᠦᠭᠡᠭᠰᠡᠨ ᠬᠡᠷᠡᠭ ᠲᠤ ᠬᠡᠨ ᠬᠦᠮᠦᠨ ᠲᠡᠷᠢᠬᠦᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ ᠪᠤᠶ︖ ᠬᠡᠨ ᠬᠦᠮᠦᠨ ᠤᠷᠢᠳᠠᠪᠠᠷ ᠬᠤᠬᠢᠷᠠᠯ ᠠᠮᠰᠠᠭᠴᠢ ᠶᠢ ᠠᠪᠤᠷᠠᠨ ᠳᠤᠰᠠᠯᠠᠬᠤ ᠪᠠ ᠲᠦᠯᠦᠵᠤ ᠲᠡᠳᠭᠦᠬᠦ ᠪᠤᠢ︖ ᠡᠨᠡ ᠨᠢ ᠨᠢᠭᠡ ᠦᠶ᠎ᠡ ᠥᠷᠭᠡᠨ ᠳᠡᠯᠭᠡᠷ ᠮᠠᠷᠭᠤᠭᠠᠨ ᠪᠣᠯᠤᠭᠰᠠᠨ ᠪᠠᠶᠢᠨ᠎ᠠ᠃ ᠴᠠᠬᠢᠯᠭᠠᠨ ᠱᠠᠲᠤ ᠡ᠊ᠨᠳᠡᠯ ᠭᠠᠷᠤᠭᠰᠠᠨ ᠤ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ ᠲᠥᠯᠥᠪᠦᠷᠢ ᠨᠡᠬᠡᠬᠦ ᠨᠢ ᠶᠡᠷᠦ ᠳᠡᠭᠡᠨ ᠮᠠᠰᠢ ᠣᠯᠠᠨ ᠬᠦᠴᠢᠷᠳᠡᠯ ᠲᠠᠢ ᠪᠠᠶᠢᠵᠤ᠂ ᠴᠠᠬᠢᠯᠭᠠᠨ ᠱᠠᠲᠤ ᠦᠢᠯᠡᠳᠦᠭᠴᠢ᠂ ᠤᠭᠰᠠᠷᠠᠭᠴᠢ ᠦᠭᠡᠷᠡᠴᠢᠯᠡᠭᠴᠢ ᠵᠠᠰᠠᠭᠴᠢ᠂ ᠠᠷᠠᠴᠢᠯᠠᠨ ᠬᠠᠮᠠᠭᠠᠯᠠᠭᠴᠢ᠂ ᠪᠠᠶᠢᠴᠠᠭᠠᠨ ᠰᠢᠯᠭᠠᠬᠤ ᠰᠠᠯᠠᠭ᠎ᠠ ᠮᠥᠴᠢᠷ ᠵᠡᠷᠭᠡ ᠨᠢ ᠴᠠᠬᠢᠯᠭᠠᠨ ᠱᠠᠲᠤ ᠶᠢᠨ ᠠᠳᠡᠯ ᠢ ᠲᠦᠯᠦᠬᠦ ᠲᠠᠢ ᠬᠤᠯᠪᠤᠭᠳᠠᠵᠤ ᠪᠠᠶᠢᠳᠠᠭ᠃ ᠡᠶᠢᠮᠦ ᠠᠴᠠ᠂ ︽ᠠᠷᠭ᠎ᠠ︾ ᠶᠢᠨ ᠬᠤᠷᠢᠨ ᠳᠣᠯᠣᠳᠤᠭᠠᠷ ᠵᠦᠢᠯ ᠳᠤ ᠲᠤᠭᠲᠠᠭᠠᠭᠰᠠᠨ ᠨᠢ᠂ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠴᠠᠬᠢᠯᠭᠠᠨ ᠱᠠᠲᠤ ᠶᠢᠨ ᠠᠮᠤᠷ ᠲᠦᠪᠰᠢᠨ ᠬᠡᠷᠡᠭᠯᠡᠬᠦ ᠶᠢᠨ ᠬᠠᠷᠢᠭᠤᠴᠠᠯᠭᠠᠲᠤ ᠭᠤᠤᠯ ᠴᠤᠭᠴᠠ ᠪᠤᠯᠤᠨ᠎ᠠ᠂ ᠴᠠᠬᠢᠯᠭᠠᠨ ᠱᠠᠲᠤ ᠶᠢᠨ ᠠᠳᠡᠯ ᠪᠤᠶᠤ ᠰᠠᠭᠠᠳ ᠭᠠᠷᠤᠭᠰᠠᠨ ᠠᠴᠠ ᠪᠤᠯᠵᠤ ᠬᠦᠮᠦᠨ ᠤ ᠪᠡᠶ᠎ᠡ ᠮᠠᠬᠠᠪᠤᠳ ᠪᠠ ᠡᠳ᠋ ᠬᠦᠷᠦᠩᠭᠡ ᠶᠢ ᠬᠤᠬᠢᠷᠠᠭᠤᠯᠤᠭᠰᠠᠨ ᠪᠠᠶᠢᠪᠠᠯ᠂ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠬᠤᠬᠢᠷᠠᠯ ᠤᠴᠠᠷᠠᠭᠰᠠᠳ ᠲᠤ ᠢᠷᠭᠡᠨ ᠤ ᠬᠡᠷᠡᠭ ᠤᠨ ᠲᠦᠯᠦᠪᠦᠷᠢ ᠶᠢᠨ ᠬᠠᠷᠢᠭᠤᠴᠠᠯᠭ᠎ᠠ ᠶᠢ ᠤᠷᠢᠳᠠᠪᠠᠷ ᠡᠭᠦᠷᠭᠡᠯᠡᠬᠦ ᠬᠡᠷᠡᠭᠲᠠᠢ᠃ ᠢᠷᠭᠡᠨ ᠤ ᠬᠡᠷᠡᠭ ᠤᠨ ᠲᠦᠯᠦᠪᠦᠷᠢ ᠶᠢᠨ ᠬᠠᠷᠢᠭᠤᠴᠠᠯᠭ᠎ᠠ ᠶᠢ ᠤᠷᠢᠳᠠᠪᠠᠷ ᠡᠭᠦᠷᠭᠡᠯᠡᠭᠰᠡᠨ ᠤ ᠰᠡᠭᠦᠯᠡᠷ᠂ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠨᠢ ᠠᠳᠡᠯ ᠭᠠᠷᠭᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠦᠮᠦᠨ ᠢᠶᠠᠷ ᠬᠠᠮᠢᠶ᠎ᠠ ᠪᠦᠬᠦᠢ ᠬᠤᠬᠢᠷᠠᠯ ᠢ ᠨᠦᠬᠦᠨ ᠲᠦᠯᠦᠬᠦᠯᠬᠦ ᠡᠷᠭᠡ ᠲᠠᠢ᠃       ﹇ᠬᠥᠲᠥᠯᠥᠭᠴᠢ﹈      ᠬᠠᠭᠤᠴᠢᠨ ᠴᠠᠬᠢᠯᠭᠠᠨ ᠱᠠᠲᠤ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠠᠷᠭ᠎ᠠ︾ ᠳᠤ ᠠᠯᠢ ᠠᠯᠢ ᠲᠠᠯ᠎ᠠ ᠪᠠᠷ ᠶᠠᠭᠠᠬᠢᠵᠤ ᠲᠣᠭᠲᠠᠭᠠᠭᠰᠠᠨ ᠪᠤᠶ︖       ﹇ᠵᠢᠶᠠ ᠯᠢ﹈      ᠬᠠᠭᠤᠴᠢᠨ ᠴᠠᠬᠢᠯᠭᠠᠨ ᠱᠠᠲᠤᠨ ᠳᠤ ᠠᠮᠤᠷ ᠲᠦᠪᠰᠢᠨ ᠤ ᠳᠠᠯᠳᠠ ᠭᠡᠮ ᠨᠡᠯᠢᠶᠡᠳ ᠶᠡᠭᠡ ᠪᠠᠶᠢᠵᠤ᠂ ᠲᠤᠰᠬᠠᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠴᠢᠬᠤᠯᠠ ᠲᠠᠢ ᠪᠠᠶᠢᠭ᠎ᠠ᠃ ︽ᠠᠷᠭ᠎ᠠ︾ ᠳᠤ ᠳᠣᠣᠷᠠᠬᠢ ᠮᠡᠲᠦ ᠲᠤᠭᠲᠠᠭᠠᠵᠠᠢ᠄ ᠨᠢᠭᠡ ᠳᠤ ᠪᠠᠶᠢᠴᠠᠭᠠᠬᠤ ᠬᠡᠮᠵᠢᠬᠦ ᠲᠦᠷᠦᠯ ᠵᠦᠢᠯ ᠢ ᠨᠡᠮᠡᠬᠦ ᠬᠡᠷᠡᠭᠲᠠᠢ᠃ 15 ᠵᠢᠯ ᠠᠴᠠ ᠳᠡᠭᠡᠭᠰᠢ ᠬᠡᠷᠡᠭᠯᠡᠭᠰᠡᠨ ᠴᠠᠬᠢᠯᠭᠠᠨ ᠱᠠᠲᠤ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠢᠯᠭᠠᠬᠤ ᠳᠠᠭᠠᠨ ᠴᠢᠳᠠᠮᠵᠢ ᠶᠢᠨ ᠴᠢᠨᠠᠷᠲᠠᠶ ᠲᠤᠷᠰᠢᠨ ᠰᠢᠯᠭᠠᠬᠤ ᠪᠠ ᠵᠤᠭᠰᠤᠯᠲᠠ ᠶᠢᠨ ᠵᠠᠶ ᠶᠢ ᠪᠠᠶᠢᠴᠠᠭᠠᠬᠤ ᠬᠡᠷᠡᠭᠲᠠᠢ︔ ᠬᠤᠶᠠᠷ ᠲᠤ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠴᠢᠩᠭᠠᠳᠬᠠᠬᠤ ᠬᠡᠷᠡᠭᠲᠠᠢ᠃ 15 ᠵᠢᠯ ᠠᠴᠠ ᠳᠡᠭᠡᠭᠰᠢ ᠬᠡᠷᠡᠭᠯᠡᠭᠰᠡᠨ ᠴᠠᠬᠢᠯᠭᠠᠨ ᠱᠠᠲᠤ ᠶᠢ ᠪᠤᠯ ᠴᠠᠬᠢᠯᠭᠠᠨ ᠱᠠᠲᠤ ᠬᠡᠷᠡᠭᠯᠡᠬᠦ  ᠬᠠᠮᠢᠶᠠᠷᠬᠤ ᠬᠠᠷᠢᠭᠤᠴᠠᠯᠭᠠᠲᠤ ᠨᠢᠭᠡᠴᠡ ᠪᠤᠯᠤᠨ ᠠᠷᠠᠴᠢᠯᠠᠨ ᠬᠠᠮᠠᠭᠠᠯᠠᠬᠤ ᠨᠢᠭᠡᠴᠡ ᠨᠢ ᠴᠠᠬᠢᠯᠭᠠᠨ ᠱᠠᠲᠤ ᠶᠢᠨ ᠪᠣᠳᠠᠲᠤ ᠪᠠᠶᠢᠳᠠᠯ ᠢ ᠦᠨᠳᠦᠰᠦᠯᠡᠨ ᠠᠷᠠᠴᠢᠯᠠᠨ ᠬᠠᠮᠠᠭᠠᠯᠠᠬᠤ ᠤᠳᠠᠭ᠎ᠠ ᠲᠤᠭ᠎ᠠ ᠪᠤᠯᠤᠨ ᠲᠦᠷᠦᠯ ᠵᠦᠢᠯ ᠢ ᠨᠡᠮᠡᠭᠳᠡᠭᠦᠯᠬᠦ ᠬᠡᠷᠡᠭᠲᠡᠶ︔ ᠭᠤᠷᠪᠠ ᠳᠤ ᠠᠮᠤᠷ ᠲᠦᠪᠰᠢᠨ ᠤ ᠦᠨᠡᠯᠡᠨ ᠵᠢᠱᠢᠯᠲᠡ ᠬᠢᠬᠦ ᠬᠡᠷᠡᠭᠲᠠᠢ᠃ ᠴᠠᠬᠢᠯᠭᠠᠨ ᠱᠠᠲᠤ ᠨᠢ ᠵᠢᠷᠤᠭ ᠲᠥᠯᠥᠪᠯᠡᠭᠡ ᠶᠢᠨ ᠬᠡᠷᠡᠭᠯᠡᠬᠦ ᠬᠤᠭᠤᠴᠠᠭ᠎ᠠ ᠳᠤ ᠲᠤᠯᠤᠭᠰᠠᠨ ᠪᠠᠶᠢᠲᠠᠯ᠎ᠠ ᠬᠡᠷᠪᠡ ᠦᠷᠭᠦᠯᠵᠢᠯᠡᠨ ᠬᠡᠷᠡᠭᠯᠡᠬᠦ ᠴᠢᠬᠤᠯᠠ ᠲᠠᠢ ᠪᠣᠯ᠂ ᠠᠮᠤᠷ ᠲᠦᠪᠰᠢᠨ ᠤ ᠦᠨᠡᠯᠡᠨ  ᠵᠢᠱᠢᠯᠲᠡ ᠬᠢᠵᠤ᠂ ᠦᠷᠭᠦᠯᠵᠢᠯᠡᠨ ᠬᠡᠷᠡᠭᠯᠡᠬᠦ ᠨᠥᠬᠦᠴᠡᠯ ᠢ ᠲᠣᠭᠲᠠᠭᠠᠬᠤ ᠬᠡᠷᠡᠭᠲᠡᠶ︔ ᠳᠥᠷᠪᠡ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠠᠢ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠭᠤᠴᠢᠨ ᠴᠠᠬᠢᠯᠭᠠᠨ ᠱᠠᠲᠤ ᠶᠢ ᠬᠢᠨᠠᠨ ᠪᠠᠶᠢᠴᠠᠭᠠᠬᠤ ᠭᠤᠣᠯᠳᠠᠯᠭ᠎ᠠ ᠪᠤᠯᠭᠠᠨ᠂ ᠲᠤᠰᠬᠠᠶ ᠬᠢᠨᠠᠨ ᠪᠠᠶᠢᠴᠠᠭᠠᠬᠤ ᠲᠥᠯᠥᠪᠯᠡᠭᠡ ᠲᠤᠭᠲᠠᠭᠠᠵᠤ᠂ ᠴᠠᠬᠢᠯᠭᠠᠨ ᠱᠠᠲᠤ ᠬᠡᠷᠡᠭᠯᠡᠬᠦ ᠬᠠᠮᠢᠶᠠᠷᠬᠤ ᠬᠠᠷᠢᠭᠤᠴᠠᠯᠭᠠᠲᠤ ᠨᠢᠭᠡᠴᠡ ᠶᠢ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠬᠤ ᠶᠢ ᠰᠢᠪᠠᠳᠠᠨ ᠱᠠᠭᠠᠷᠳᠠᠬᠤ ᠬᠡᠷᠡᠭᠲᠠᠢ᠃       ﹇ᠬᠥᠲᠥᠯᠥᠭᠴᠢ﹈      ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢ ᠰᠢᠨᠡᠳᠭᠡᠬᠦ᠂ ᠥᠭᠡᠷᠡᠴᠢᠯᠡᠬᠦ᠂ ᠰᠡᠯᠪᠢᠨ ᠵᠠᠰᠠᠬᠤ ᠪᠡᠯᠡ ᠮᠥᠩᠭᠦ ᠬᠠᠮᠢᠭ᠎ᠠ ᠠᠴᠠ ᠭᠠᠷᠭᠠᠬᠤ ᠪᠤᠶ︖ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠥᠮᠴᠢᠲᠡᠨ ᠬᠡᠷᠬᠢᠨ ᠬᠡᠷᠡᠭᠯᠡᠬᠦ ᠪᠤᠶ︖       ﹇ᠵᠢᠶᠠ ᠯᠢ﹈      ᠴᠠᠬᠢᠯᠭᠠᠨ ᠱᠠᠲᠤ ᠪᠤᠯ ᠤᠯᠠᠨ ᠨᠡᠶᠢᠲᠡ ᠶᠢᠨ ᠬᠡᠷᠡᠭᠯᠡᠬᠦ ᠲᠥᠬᠦᠭᠡᠷᠦᠮᠵᠢ ᠪᠤᠯᠤᠨ᠎ᠠ᠂ ᠲᠡᠭᠦᠨ ᠢ ᠰᠡᠯᠪᠢᠨ ᠵᠠᠰᠠᠬᠤ᠂ ᠰᠢᠨᠡᠳᠬᠡᠬᠦ ᠪᠠ ᠥᠭᠡᠷᠡᠴᠢᠯᠡᠬᠦ ᠵᠠᠷᠤᠳᠠᠯ ᠢ ᠣᠷᠣᠨ ᠰᠠᠭᠤᠴᠠ ᠶᠢᠨ ᠰᠡᠯᠪᠢᠨ ᠵᠠᠰᠠᠬᠤ ᠲᠤᠰᠬᠠᠶ ᠪᠡᠯᠡ ᠮᠥᠩᠭᠦ ᠠᠴᠠ ᠭᠠᠷᠭᠠᠨ᠎ᠠ᠂ ᠴᠠᠬᠢᠯᠭᠠᠨ ᠱᠠᠲᠤ ᠠᠷᠠᠴᠢᠯᠠᠨ ᠬᠠᠮᠠᠭᠠᠯᠠᠯᠲᠠ ᠶᠢ ᠣᠷᠣᠨ ᠰᠠᠭᠤᠴᠠ ᠶᠢᠨ ᠰᠡᠯᠪᠢᠨ ᠵᠠᠰᠠᠬᠤ ᠬᠦᠷᠢᠶᠡᠨ ᠳᠤ ᠣᠷᠣᠭᠤᠯᠵᠤ᠂ ᠴᠠᠬᠢᠯᠭᠠᠨ ᠱᠠᠲᠤ ᠶᠢ ᠰᠡᠯᠪᠢᠨ ᠵᠠᠰᠠᠬᠤ ᠪᠡᠯᠡ ᠮᠥᠩᠭᠦ ᠶᠢᠨ ᠳᠦᠷᠢᠮ ᠢ ᠲᠡᠭᠦᠯᠳᠡᠷᠵᠢᠬᠦᠯᠬᠦ ᠳᠦᠷᠢᠮ ᠢ ᠳᠤᠷᠠᠳᠪᠠ᠃ ︽ᠠᠷᠭ᠎ᠠ︾ ᠶᠢᠨ ᠬᠤᠷᠢ ᠶᠢᠰᠦᠳᠦᠭᠡᠷ ᠵᠦᠢᠯ ᠳᠤ ᠲᠣᠭᠲᠠᠭᠠᠭᠰᠠᠨ ᠨᠢ ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢ ᠠᠮᠤᠷ ᠲᠦᠪᠰᠢᠨ ᠬᠡᠷᠡᠭᠯᠡᠵᠤ ᠬᠠᠮᠢᠶᠠᠷᠬᠤ ᠳᠤ ᠳᠤᠤᠷᠠᠬᠢ ᠲᠤᠭᠲᠠᠭᠠᠯ ᠢ ᠵᠢᠷᠤᠮᠯᠠᠬᠤ ᠬᠡᠷᠡᠭᠲᠡᠶ᠄ ︵ᠨᠢᠭᠡ︶ ᠥᠮᠴᠢᠲᠡᠨ ᠤ ᠬᠠᠮᠢᠶᠠᠷᠤᠯᠲᠠ ᠶᠢᠨ ᠭᠡᠷ᠎ᠡ ᠳᠤ ᠴᠠᠬᠢᠯᠭᠠᠨ ᠱᠠᠲᠤ ᠶᠢᠨ ᠡᠳᠦᠷ ᠳᠤᠲᠤᠮ ᠤᠨ ᠬᠠᠮᠢᠶᠠᠷᠤᠯᠲᠠ᠂ ᠠᠷᠠᠴᠢᠯᠠᠨ ᠬᠠᠮᠠᠭᠠᠯᠠᠬᠤ᠂ ᠵᠠᠰᠠᠬᠤ᠂ ᠦᠭᠡᠷᠡᠴᠢᠯᠡᠬᠦ᠂ ᠪᠠᠶᠢᠴᠠᠭᠠᠨ ᠬᠡᠮᠵᠢᠬᠦ᠂ ᠪᠠᠶᠢᠴᠠᠭᠠᠨ ᠰᠢᠯᠭᠠᠬᠤ᠂ ᠠᠮᠤᠷ ᠲᠦᠪᠰᠢᠨ ᠢ ᠦᠨᠡᠯᠡᠬᠦ᠂ ᠰᠢᠨᠡᠳᠭᠡᠬᠦ ᠵᠡᠷᠭᠡ ᠵᠠᠷᠤᠳᠠᠯ ᠢ ᠴᠤᠭᠯᠠᠭᠤᠯᠬᠤ ᠪᠠ ᠬᠡᠷᠡᠭᠯᠡᠬᠦ ᠳᠦᠷᠢᠮ ᠢ ᠲᠤᠭᠲᠠᠭᠠᠬᠤ ᠬᠡᠷᠡᠭᠲᠠᠢ︔ ︵ᠬᠤᠶᠠᠷ︶ ᠥᠮᠴᠢᠲᠡᠨ ᠤ ᠺᠤᠮᠢᠰ  ᠨᠢ ᠠᠳᠡᠯ ᠠᠬᠤᠢ ᠶᠢᠨ ᠦᠢᠯᠡᠴᠢᠯᠡᠭᠡᠨ ᠤ ᠨᠢᠭᠡᠴᠡ ᠯᠦᠭᠡ ᠠᠳᠡᠯ ᠠᠬᠤᠢ ᠶᠢᠨ ᠦᠢᠯᠡᠴᠢᠯᠡᠭᠡᠨ ᠤ ᠬᠡᠷ᠎ᠡ ᠲᠤᠭᠲᠠᠬᠤ  ᠳᠠᠭᠠᠨ᠂ ᠴᠠᠬᠢᠯᠭᠠᠨ ᠱᠠᠲᠤ ᠶᠢᠨ ᠠᠮᠤᠷ ᠲᠦᠪᠰᠢᠨ ᠬᠡᠷᠡᠭᠯᠡᠵᠤ ᠬᠠᠮᠢᠶᠠᠷᠬᠤ ᠲᠠᠯ᠎ᠠ ᠶᠢᠨ ᠡᠷᠬᠡ ᠠᠰᠢᠭ᠂ ᠡᠭᠦᠷᠭᠡ ᠪᠠ ᠬᠠᠷᠢᠭᠤᠴᠠᠯᠭ᠎ᠠ ᠶᠢ ᠲᠤᠭᠲᠠᠭᠠᠬᠤ ᠬᠡᠷᠡᠭᠲᠠᠢ︔ ︵ᠭᠤᠷᠪᠠ︶ ᠠᠳᠡᠯ ᠠᠬᠤᠢ ᠶᠢᠨ ᠦᠢᠯᠡᠴᠢᠯᠡᠭᠡᠨ ᠤ ᠨᠢᠭᠡᠴᠡ ᠨᠢ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠡᠮᠳᠡᠭᠯᠡᠯ ᠢᠶᠠᠨ ᠢᠯᠡ ᠨᠡᠶᠢᠲᠡᠯᠡᠬᠦ ᠬᠡᠷᠡᠭᠲᠠᠢ᠂ ᠦᠮᠴᠢᠲᠡᠨ᠂ ᠦᠮᠴᠢᠲᠡᠨ ᠤ ᠬᠤᠷᠠᠯ᠂ ᠦᠮᠴᠢᠲᠡᠨ ᠤ ᠺᠤᠮᠢᠰ ᠨᠢ ᠠᠳᠡᠯ ᠠᠬᠤᠢ ᠶᠢᠨ ᠦᠢᠯᠡᠴᠢᠯᠡᠭᠡᠨ ᠤ ᠨᠢᠭᠡᠴᠡ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠬᠡᠷᠡᠭᠯᠡᠵᠤ ᠬᠠᠮᠢᠶᠠᠷᠬᠤ ᠠᠵᠢᠯ ᠳᠤ ᠬᠢᠨᠠᠯᠲᠠ ᠲᠠᠯᠪᠢᠬᠤ ᠡᠷᠭᠡ ᠲᠠᠢ︔ ︵ᠳᠥᠷᠪᠡ︶ ᠠᠳᠡᠯ ᠠᠬᠤᠢ ᠶᠢᠨ ᠦᠢᠯᠡᠴᠢᠯᠡᠭᠡᠨ ᠤ ᠨᠢᠭᠡᠴᠡ ᠨᠢ ᠤᠷᠤᠨ ᠰᠠᠭᠤᠴᠠ ᠶᠢᠨ ᠵᠢᠵᠢᠭ ᠲᠤᠭᠤᠷᠢᠭ ᠤᠨ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠪᠤᠯ᠂ ᠠᠳᠡᠯ ᠠᠬᠤᠢ ᠶᠢᠨ ᠦᠢᠯᠡᠴᠢᠯᠡᠭᠡᠨ ᠤ ᠵᠠᠷᠤᠳᠠᠯ  ᠳᠤᠲᠤᠷᠠᠬᠢ ᠴᠠᠬᠢᠯᠭᠠᠨ ᠱᠠᠲᠤ ᠶᠢᠨ ᠠᠵᠢᠯᠯᠠᠭᠠᠨ ᠤ ᠬᠠᠮᠠᠭᠠᠯᠠᠬᠤ ᠰᠦᠢᠳᠭᠡᠯ ᠢ ᠠᠰᠳᠠᠭᠠᠨ ᠳᠠᠩᠰᠠ ᠪᠠᠶᠢᠭᠤᠯᠬᠤ ᠶᠢᠨ ᠬᠠᠮᠲᠤ ᠴᠠᠬᠢᠯᠭᠠᠨ ᠱᠠᠲᠤ ᠶᠢᠨ ᠠᠵᠢᠯᠯᠠᠭᠠᠨ ᠤ ᠬᠠᠮᠠᠭᠠᠯᠠᠬᠤ ᠰᠦᠢᠳᠭᠡᠯ ᠤᠨ ᠵᠠᠷᠤᠴᠠᠭᠤᠯᠭ᠎ᠠ ᠶᠢᠨ ᠪᠠᠶᠢᠳᠠᠯ ᠢᠶᠠᠨ ᠬᠠᠭᠠᠰ ᠵᠢᠯ ᠳᠤ ᠨᠢᠭᠡ ᠤᠳᠠᠭ᠎ᠠ ᠨᠡᠶᠢᠲᠡᠯᠡᠬᠦ ᠬᠡᠷᠡᠭᠲᠠᠢ︔ ︵ᠲᠠᠪᠤ︶ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠰᠢᠨᠡᠳᠭᠡᠬᠦ᠂ ᠦᠭᠡᠷᠡᠴᠢᠯᠡᠬᠦ ᠪᠠ ᠰᠡᠯᠪᠢᠨ ᠵᠠᠰᠠᠬᠤ ᠵᠠᠷᠤᠳᠠᠯ ᠢ ᠲᠤᠭᠲᠠᠭᠠᠭᠰᠠᠨ ᠳᠡᠰ ᠳᠠᠷᠠᠭᠠᠯᠠᠯ ᠶᠤᠰᠤᠭᠠᠷ ᠤᠷᠤᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠰᠠᠭᠤᠷᠢ ᠮᠦᠡᠭᠭᠦ ᠠᠴᠠ ᠭᠠᠷᠭᠠᠬᠤ ᠬᠡᠷᠡᠭᠲᠠᠢ᠃ ᠤᠷᠤᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠰᠠᠭᠤᠷᠢ ᠮᠦᠡᠭᠭᠦ ᠶᠢᠨ ᠦᠯᠡᠳᠡᠪᠦᠷᠢ ᠨᠢ ᠬᠦᠷᠦᠯᠴᠡᠬᠦ ᠦᠭᠡᠢ ᠪᠤᠶᠤ ᠤᠷᠤᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠰᠠᠭᠤᠷᠢ ᠮᠦᠡᠭᠭᠦ ᠪᠠᠶᠢᠭᠤᠯᠤᠭᠠᠳᠤᠢ ᠪᠦᠭᠡᠳ ᠬᠠᠮᠢᠶ᠎ᠠ ᠪᠦᠬᠦᠢ ᠦᠮᠴᠢᠲᠡᠨ ᠨᠢ ᠵᠠᠷᠤᠳᠠᠯ ᠢ ᠡᠭᠦᠷᠭᠡᠯᠡᠬᠦ ᠪᠤᠯᠵᠤᠭ᠎ᠠ ᠲᠠᠢ ᠪᠤᠯ ᠪᠤᠯᠵᠤᠭ᠎ᠠ ᠶᠤᠰᠤᠭᠠᠷ ᠡᠭᠦᠷᠭᠡᠯᠡᠬᠦ ᠬᠡᠷᠡᠭᠲᠠᠢ᠃ ᠪᠤᠯᠵᠤᠭ᠎ᠠ ᠦᠭᠡᠢ ᠪᠤᠶᠤ ᠪᠤᠯᠵᠤᠭ᠎ᠠ ᠨᠢ ᠲᠤᠲᠤᠷᠬᠠᠢ ᠦᠭᠡᠢ ᠪᠤᠯ ᠬᠠᠮᠢᠶ᠎ᠠ ᠪᠦᠬᠦᠢ ᠦᠮᠴᠢᠲᠡᠨ ᠨᠢ ᠪᠠᠷᠢᠯᠭ᠎ᠠ ᠶᠢᠨ ᠶᠡᠷᠦᠩᠭᠡᠢ ᠲᠠᠯᠠᠪᠠᠢ ᠳᠤ ᠲᠡᠭᠦᠨ ᠤ ᠲᠤᠰᠬᠠᠢ ᠬᠡᠰᠡᠭ ᠤᠨ ᠡᠵᠡᠯᠡᠵᠤ ᠪᠠᠶᠢᠭ᠎ᠠ ᠬᠠᠷᠢᠴᠠᠯ ᠢᠶᠠᠷ ᠡᠭᠦᠷᠭᠡᠯᠡᠬᠦ ᠬᠡᠷᠡᠭᠲᠠᠢ︔ ︵ᠵᠢᠷᠭᠤᠭ᠎ᠠ︶ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠬᠦᠨᠳᠦ ᠨᠤᠴᠢᠲᠠᠢ ᠠᠳᠡᠯ ᠤᠨ ᠭᠡᠮ ᠰᠤᠭᠤᠭ ᠤᠷᠤᠰᠢᠵᠤ ᠪᠠᠶᠢᠨ᠎ᠠ ᠬᠡᠵᠤ ᠮᠠᠭᠠᠳᠯᠠᠭᠠᠳ᠂ ᠴᠢᠬᠤᠯᠠ ᠶᠡᠭᠡ ᠰᠡᠯᠪᠢᠨ ᠵᠠᠰᠠᠬᠤ᠂ ᠦᠭᠡᠷᠡᠴᠢᠯᠡᠬᠦ ᠪᠤᠶᠤ ᠰᠢᠨᠡᠳᠭᠡᠬᠦ ᠦᠭᠡᠢ ᠪᠤᠯ ᠬᠡᠮ ᠰᠤᠭᠤᠭ ᠢ ᠠᠷᠢᠯᠭᠠᠬᠤ ᠳᠤ ᠪᠡᠷᠭᠡ ᠲᠠᠢ ᠪᠠᠶᠢᠬᠤ ᠪᠦᠭᠡᠳ ᠬᠤᠯᠪᠤᠭᠳᠠᠯ ᠪᠦᠬᠦᠢ ᠲᠠᠯ᠎ᠠ  ᠨᠢ ᠵᠠᠷᠤᠳᠠᠯ ᠴᠤᠭᠯᠠᠭᠤᠯᠬᠤ᠂ ᠵᠠᠰᠠᠨ ᠦᠭᠡᠷᠡᠴᠢᠯᠡᠬᠦ ᠲᠦᠰᠦᠯ ᠵᠡᠷᠭᠡ ᠳᠤ ᠰᠠᠨᠠᠯ ᠨᠢᠭᠡᠳᠬᠦ ᠦᠭᠡᠢ ᠪᠠᠶᠢᠪᠠᠯ᠂ ᠰᠠᠭᠤᠭ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ᠂ ᠦᠮᠴᠢᠲᠡᠨ ᠤ ᠲᠦᠯᠦᠭᠡᠯᠡᠭᠴᠢ ᠪᠤᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠡᠷ ᠪᠠᠶᠢᠰᠢᠩ᠂ ᠤᠨᠴᠤᠭᠤᠢ ᠲᠦᠭᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠬᠠᠮᠲᠤᠪᠠᠷ ᠵᠦᠪᠳᠡᠯᠴᠡᠨ᠂ ᠴᠠᠬᠢᠯᠭᠠᠨ ᠱᠠᠲᠤ ᠰᠡᠯᠪᠢᠨ ᠵᠠᠰᠠᠬᠤ᠂ ᠦᠭᠡᠷᠡᠴᠢᠯᠡᠬᠦ ᠪᠤᠶᠤ ᠰᠢᠨᠡᠳᠭᠡᠬᠦ ᠲᠦᠰᠦᠯ ᠪᠠ ᠵᠠᠷᠤᠳᠠᠯ ᠴᠤᠭᠯᠠᠭᠤᠯᠬᠤ ᠲᠦᠰᠦᠯ ᠢ ᠲᠤᠭᠲᠠᠭᠠᠬᠤ ᠬᠡᠷᠡᠭᠲᠠᠢ︔ ︵ᠳᠣᠯᠤᠭ᠎ᠠ︶ ᠴᠠᠬᠢᠯᠭᠠᠨ ᠱᠠᠲᠤ ᠬᠡᠮ ᠭᠠᠷᠤᠭᠰᠠᠨ ᠠᠴᠠ ᠪᠤᠯᠵᠤ ᠬᠡᠪ ᠤᠨ ᠬᠡᠷᠡᠭᠯᠡᠯᠲᠡ ᠶᠢ ᠨᠦᠯᠦᠭᠡᠯᠡᠬᠦ ᠪᠤᠶᠤ ᠪᠠᠶᠢᠴᠠᠭᠠᠨ ᠰᠢᠯᠭᠠᠬᠤ ᠪᠠᠷ ᠳᠠᠮᠵᠢᠨ ᠠᠳᠡᠯ ᠤᠨ ᠬᠡᠮ ᠰᠤᠭᠤᠭ ᠤᠷᠤᠰᠢᠵᠤ ᠪᠠᠶᠢᠪᠠᠯ᠂ ᠠᠳᠡᠯ ᠠᠬᠤᠢ ᠶᠢᠨ ᠦᠢᠯᠡᠴᠢᠯᠡᠭᠡᠨ ᠤ ᠨᠢᠭᠡᠴᠡ ᠨᠢ ᠴᠠᠭ ᠲᠤᠬᠠᠢ ᠳᠤᠨᠢ ᠦᠮᠴᠢᠲᠡᠨ ᠤ ᠺᠤᠮᠢᠰ ᠲᠤ ᠮᠡᠳᠡᠭᠦᠯᠬᠦ ᠬᠡᠷᠡᠭᠲᠡᠶ᠃       ﹇ᠬᠥᠲᠥᠯᠥᠭᠴᠢ﹈      ᠬᠡᠨ ᠬᠦᠮᠦᠨ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠪᠤᠶ︖ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠨᠢᠭᠡᠴᠡ ᠨᠢ  ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠠᠮᠤᠷ ᠲᠦᠪᠰᠢᠨ ᠤ ᠴᠢᠳᠠᠮᠵᠢ ᠶᠢᠨ ᠲᠠᠯ᠎ᠠ  ᠪᠠᠷ ᠶᠠᠮᠠᠷ ᠶᠠᠮᠠᠷ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠤᠶ︖       ﹇ᠵᠢᠶᠠ ᠯᠢ﹈      ᠴᠠᠬᠢᠯᠭᠠᠨ ᠱᠠᠲᠤ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠯᠲᠠ ᠪᠣᠯ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠬᠤᠯᠠ ᠵᠠᠩᠭᠢᠯᠠᠭ᠎ᠠ ᠮᠥᠨ᠂ ᠪᠠᠰᠠ ᠴᠤ ᠣᠳᠣᠬᠠᠨ ᠤ ᠬᠠᠮᠢᠶᠠᠷᠤᠯᠲᠠ ᠶᠢᠨ ᠨᠢᠭᠡᠨ ᠪᠡᠷᠬᠡᠲᠡᠶ ᠲᠠᠯ᠎ᠠ ᠪᠣᠯᠬᠤ ᠶᠤᠮ᠃ ︽ᠠᠷᠭ᠎ᠠ︾ ᠶᠢᠨ ᠭᠤᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠨᠢ ᠂ ᠴᠠᠬᠢᠯᠭᠠᠨ ᠱᠠᠲᠤ ᠶᠢᠨ ᠠᠷᠠᠴᠢᠯᠠᠨ ᠬᠠᠮᠠᠭᠠᠯᠠᠬᠤ ᠶᠠᠪᠤᠳᠠᠯ ᠢ ᠴᠠᠬᠢᠯᠭᠠᠨ ᠱᠠᠲᠤ ᠶᠢ ᠦᠢᠯᠡᠳᠪᠦᠷᠢᠯᠡᠭᠰᠡᠨ ᠨᠢᠭᠡᠴᠡ ᠪᠤᠶᠤ ᠬᠠᠤᠯᠢ ᠶᠤᠰᠤᠭᠠᠷ ᠵᠦᠪᠰᠢᠶᠡᠷᠡᠯ ᠤᠨ ᠬᠢᠷᠢ ᠬᠡᠮ ᠤᠯᠤᠭᠰᠠᠨ ᠤᠭᠰᠠᠷᠠᠬᠤ᠂ ᠦᠭᠡᠷᠡᠴᠢᠯᠡᠬᠦ᠂ ᠰᠡᠯᠪᠢᠨ ᠵᠠᠰᠠᠬᠤ ᠨᠢᠭᠡᠴᠡ ᠬᠠᠷᠢᠭᠤᠴᠠᠬᠤ ᠬᠡᠷᠡᠭᠲᠠᠢ᠃ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠨᠢᠭᠡᠴᠡ ᠶᠢᠨ ᠲᠤᠰ ᠭᠠᠵᠠᠷ ᠣᠷᠣᠨ ᠳᠤ ᠡᠵᠡᠩᠨᠡᠯᠲᠡ ᠶᠢᠨ ᠠᠵᠢᠯᠯᠠᠭ᠎ᠠ  ᠦᠷᠨᠢᠭᠦᠯᠬᠦ ᠠᠷᠠᠴᠢᠯᠠᠨ ᠬᠠᠮᠠᠭᠠᠯᠠᠬᠤ ᠨᠢᠭᠡᠴᠡ ᠪᠤᠯᠤᠨ ᠠᠵᠢᠯᠲᠠᠨ ᠨᠢ ᠬᠠᠷᠢᠴᠠᠩᠭᠤᠢ ᠪᠦᠬᠦᠢ ᠬᠢᠷᠢ ᠬᠡᠮ ᠲᠠᠢ ᠪᠠᠶᠢᠬᠤ ᠪᠥᠭᠡᠳ  ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠠᠷᠠᠴᠢᠯᠠᠨ ᠬᠠᠮᠠᠭᠠᠯᠠᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢ ᠲᠤᠲᠤᠷᠬᠠᠶᠢᠯᠠᠬᠤ ᠬᠡᠷᠡᠭᠲᠠᠢ᠃      ︽ᠠᠷᠭ᠎ᠠ︾ ᠶᠢᠨ ᠭᠤᠴᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠨᠢ᠂ ᠴᠠᠬᠢᠯᠭᠠᠨ ᠱᠠᠲᠤ ᠶᠢ ᠠᠷᠠᠴᠢᠯᠠᠨ ᠬᠠᠮᠠᠭᠠᠯᠠᠬᠤ ᠨᠢᠭᠡᠴᠡ ᠨᠢ ᠲᠡᠭᠦᠨ ᠤ ᠠᠷᠠᠴᠢᠯᠠᠨ ᠬᠠᠮᠠᠭᠠᠯᠠᠬᠤ ᠴᠠᠬᠢᠯᠭᠠᠨ ᠱᠠᠲᠤ ᠶᠢᠨ ᠠᠮᠤᠷ ᠲᠦᠪᠰᠢᠨ ᠤ ᠴᠢᠳᠠᠮᠵᠢ ᠳᠤ ᠬᠠᠷᠢᠭᠤᠴᠠᠬᠤ ᠶᠢᠨ ᠳᠠᠭᠠᠤ ᠳᠤᠤᠷᠠᠬᠢ ᠮᠡᠲᠦ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠬᠡᠷᠡᠭᠲᠠᠢ᠄ ︵ᠨᠢᠭᠡ︶ ᠴᠠᠬᠢᠯᠭᠠᠨ ᠱᠠᠲᠤ ᠶᠢᠨ ᠠᠮᠤᠷ ᠲᠦᠪᠰᠢᠨ ᠤ ᠮᠡᠷᠭᠡᠵᠢᠯ ᠤᠨ ᠵᠢᠷᠤᠮᠵᠢᠯ᠂ ᠬᠠᠮᠢᠶ᠎ᠠ ᠪᠦᠬᠦᠢ ᠪᠠᠷᠢᠮᠵᠢᠶ᠎ᠠ ᠪᠠ ᠬᠡᠷᠡᠭᠯᠡᠬᠦ ᠠᠷᠠᠴᠢᠯᠠᠨ ᠬᠠᠮᠠᠭᠠᠯᠠᠬᠤ ᠲᠤᠲᠤᠷᠬᠠᠶᠢᠯᠠᠯᠲᠠ ᠶᠢᠨ ᠱᠠᠭᠠᠷᠳᠠᠯᠭ᠎ᠠ ᠶᠤᠰᠤᠭᠠᠷ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠠᠷᠠᠴᠢᠯᠠᠨ ᠬᠠᠮᠠᠭᠠᠯᠠᠬᠤ ᠲᠦᠯᠦᠪᠯᠡᠭᠡ ᠲᠤᠭᠲᠠᠭᠠᠬᠤ ᠬᠡᠷᠡᠭᠲᠠᠢ︔ ︵ᠬᠤᠶᠠᠷ︶ ᠴᠠᠬᠢᠯᠭᠠᠨ ᠱᠠᠲᠤ ᠶᠢᠨ ᠢᠯᠡ ᠪᠠᠶᠢᠷᠢᠨ ᠳᠤ ᠲᠤᠰ ᠨᠢᠭᠡᠴᠡ ᠶᠢᠨ ᠢᠶᠠᠨ ᠨᠡᠷᠡᠶᠢᠳᠦᠯ ᠵᠢᠴᠢ ᠪᠠᠴᠢᠮ ᠪᠠᠶᠢᠳᠠᠯ ᠢ ᠠᠪᠤᠷᠠᠨ ᠲᠤᠰᠠᠯᠠᠬᠤ ᠪᠠ ᠵᠠᠭᠠᠯᠳᠤᠬᠤ ᠤᠲᠠᠰᠤ ᠶᠢᠨ ᠨᠤᠮᠧᠷ ᠢᠶᠠᠨ ᠲᠤᠲᠤᠷᠬᠠᠢ ᠢᠯᠡᠷᠭᠡᠶᠢᠯᠡᠬᠦ ᠬᠡᠷᠡᠭᠲᠠᠢ︔ ︵ᠭᠤᠷᠪᠠ︶ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠬᠡᠷᠡᠭᠯᠡᠬᠦ ᠴᠠᠬᠢᠯᠭᠠᠨ ᠱᠠᠲᠤ ᠨᠢ᠂ ᠴᠠᠬᠢᠯᠭᠠᠨ ᠱᠠᠲᠤ ᠶᠢᠨ ᠰᠡᠤᠭᠡ ᠦᠷᠦᠭᠡ ᠶᠢᠨ ᠳᠤᠲᠤᠷ᠎ᠠ ᠪᠤᠶᠤ ᠭᠠᠷᠴᠤ ᠤᠷᠤᠬᠤ ᠭᠠᠵᠠᠷ ᠲᠤ ᠤᠶᠢᠷ᠎ᠠ ᠶᠢᠨ ᠨᠢᠭᠡ ᠤᠳᠠᠭ᠎ᠠ ᠶᠢᠨ ᠠᠷᠠᠴᠢᠯᠠᠨ ᠬᠠᠮᠠᠭᠠᠯᠠᠭᠰᠠᠨ ᠮᠡᠳᠡᠭᠡ ᠵᠠᠩᠬᠢ ᠪᠠᠨ ᠨᠡᠶᠢᠲᠡᠯᠡᠵᠤ᠂ ᠮᠡᠳᠡᠭᠡ ᠵᠠᠩᠬᠢ ᠳᠠᠭᠠᠨ ᠠᠷᠴᠢᠯᠠᠨ ᠬᠠᠮᠠᠭᠠᠯᠠᠭᠴᠢ᠂ ᠠᠷᠠᠴᠢᠯᠠᠨ ᠬᠠᠮᠠᠭᠠᠯᠠᠭᠰᠠᠨ ᠴᠠᠭ ᠪᠠ ᠠᠭᠤᠯᠭ᠎ᠠ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠠᠢ︔ ︵ᠳᠥᠷᠪᠡ︶ ᠠᠷᠠᠴᠢᠯᠠᠨ ᠬᠠᠮᠠᠭᠠᠯᠠᠬᠤ ᠲᠤᠬᠠᠢ ᠶᠢᠨ ᠲᠠᠯᠠᠪᠠᠢ ᠶᠢᠨ ᠠᠵᠢᠯᠯᠠᠭᠰᠠᠳ ᠨᠢ ᠬᠠᠷᠢᠴᠠᠩᠭᠤᠢ ᠪᠦᠬᠦᠢ ᠬᠢᠷᠢ ᠭᠡᠮ ᠲᠠᠢ ᠪᠠᠶᠢᠬᠤ ᠪᠦᠭᠡᠳ ᠪᠠᠰᠠ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ︔ ︵ᠲᠠᠪᠤ︶ ᠠᠷᠠᠴᠢᠯᠠᠨ ᠬᠠᠮᠠᠭᠠᠯᠠᠬᠤ ᠨᠢᠭᠡᠴᠡ ᠨᠢ ᠵᠤᠬᠢᠬᠤ ᠲᠤᠭᠠᠨ ᠤ ᠪᠠ ᠠᠷᠠᠴᠢᠯᠠᠨ ᠬᠠᠮᠠᠭᠠᠯᠠᠬᠤ ᠵᠦᠢᠯ ᠯᠦᠭᠡ ᠠᠳᠠᠯᠢ ᠬᠡᠮᠵᠢᠶᠡᠨ ᠤ ᠪᠠᠶᠢᠡᠭᠭᠤ ᠬᠡᠷᠡᠭᠯᠡᠬᠦ ᠰᠡᠯᠪᠢᠭᠡᠰᠦ ᠨᠦᠬᠡᠴᠡᠯᠡᠵᠤ᠂ ᠰᠤᠯᠢᠭᠰᠠᠨ ᠴᠠᠬᠢᠯᠭᠠᠨ ᠱᠠᠲᠤ ᠶᠢᠨ ᠰᠡᠯᠪᠢᠭ ᠲᠤᠨᠤᠭ  ᠨᠢ ᠦᠢᠯᠡᠳᠭᠦᠨ ᠤ ᠶᠠᠰᠤ ᠴᠢᠨᠠᠷ ᠤᠨ ᠬᠢᠷᠢ ᠲᠡᠩᠴᠡᠭᠰᠡᠨ ᠬᠡᠷᠡᠴᠢ ᠲᠡᠮᠳᠡᠭ ᠲᠠᠢ ᠪᠠᠶᠢᠵᠤ᠂ ᠠᠮᠤᠷ ᠲᠦᠪᠰᠢᠨ ᠤ ᠳᠠᠭᠠᠯᠲᠠ ᠲᠤᠨᠤᠭ ᠵᠢᠴᠢ ᠠᠮᠤᠷ ᠲᠦᠪᠰᠢᠨ ᠤ ᠬᠠᠮᠠᠭᠠᠯᠠᠯᠲᠠ ᠶᠢᠨ ᠲᠤᠨᠤᠭᠯᠠᠯ ᠨᠢ ᠬᠡᠯᠪᠡᠷᠢ ᠮᠠᠶ᠋ᠢᠭ ᠤᠨ ᠲᠤᠷᠰᠢᠯᠲᠠ ᠬᠢᠭᠰᠡᠨ ᠬᠡᠷᠡᠴᠢ ᠲᠡᠮᠳᠡᠭ ᠲᠠᠢ ᠪᠠᠶᠢᠬᠤ ᠬᠡᠷᠡᠭᠲᠠᠢ︔ ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠤᠲᠠᠰᠤ ᠨᠢ ᠬᠤᠷᠢᠨ ᠳᠥᠷᠪᠡᠨ ᠴᠠᠭ ᠬᠠᠷᠢᠭᠤᠯᠲᠠ ᠦᠭᠭᠦ ᠶᠢ ᠦᠨᠡᠨᠬᠦ ᠪᠠᠲᠤᠯᠠᠵᠤ᠂ ᠬᠡᠷᠡᠭᠯᠡᠭᠴᠢᠳ ᠬᠤᠷᠢᠭᠳᠠᠭᠰᠠᠨ ᠢᠶᠠᠨ ᠮᠡᠳᠡᠭᠦᠯᠦᠭᠰᠡᠨ ᠤ ᠳᠠᠷᠠᠭ᠎ᠠ ᠭᠤᠴᠢᠨ ᠮᠢᠨᠦ᠋ᠲ ᠤᠨ ᠳᠣᠲᠣᠷ᠎ᠠ ᠲᠤᠬᠠᠶ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠬᠤ ᠬᠡᠷᠡᠭᠲᠠᠢ︔ ︵ᠳᠣᠯᠤᠭ᠎ᠠ︶ ᠬᠡᠮ ᠭᠠᠷᠤᠭᠰᠠᠨ ᠪᠤᠶᠤ ᠬᠡᠮ ᠭᠠᠷᠤᠭᠰᠠᠨ ᠮᠡᠳᠡᠭᠳᠡᠯ ᠢ ᠲᠤᠰᠤᠭᠰᠠᠨ ᠤ ᠳᠠᠷᠠᠭ᠎ᠠ᠂ ᠴᠠᠭ ᠲᠤᠬᠠᠢ ᠳᠤᠨᠢ ᠬᠡᠮ ᠰᠤᠭᠤᠭ ᠢ ᠠᠷᠢᠯᠭᠠᠬᠤ ᠬᠡᠷᠡᠭᠲᠡᠶ᠃ ᠭᠡᠮ ᠰᠤᠭᠤᠭ ᠢ ᠲᠦᠷ ᠴᠠᠭ ᠲᠤ ᠠᠷᠢᠯᠭᠠᠵᠤ ᠳᠡᠶᠢᠯᠬᠦ ᠦᠭᠡᠢ ᠪᠤᠯ᠂ ᠰᠢᠢᠳᠪᠦᠷᠢᠯᠡᠬᠦ ᠲᠦᠰᠦᠯ ᠢᠶᠠᠨ ᠪᠢᠴᠢᠭ ᠢᠶᠠᠷ ᠴᠠᠬᠢᠯᠭᠠᠨ ᠱᠠᠲᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠳᠤ ᠮᠡᠳᠡᠭᠳᠡᠬᠦ ᠶᠢᠨ ᠬᠠᠮᠲᠤ ᠲᠡᠭᠦᠨ ᠳᠤ ᠬᠡᠮ ᠰᠤᠭᠤᠭ ᠢ ᠠᠷᠢᠯᠭᠠᠬᠤ ᠠᠴᠠ ᠡᠮᠦᠨ᠎ᠡ ᠬᠡᠷᠡᠭᠯᠡᠵᠤ ᠦᠯᠦ ᠪᠤᠯᠬᠤ ᠶᠢ ᠮᠡᠳᠡᠭᠳᠡᠬᠦ ᠬᠡᠷᠡᠭᠲᠠᠢ︔ ︵ᠨᠠᠢᠮᠠ︶ ᠠᠷᠠᠴᠢᠯᠠᠨ ᠬᠠᠮᠠᠭᠠᠯᠠᠵᠤ ᠪᠠᠶᠢᠭ᠎ᠠ ᠴᠠᠬᠢᠯᠭᠠᠨ ᠱᠠᠲᠤ ᠶᠢ ᠠᠷᠪᠠᠨ ᠲᠠᠪᠤᠨ ᠡᠳᠦᠷ ᠲᠤ ᠠᠯᠢ ᠴᠦᠬᠡᠨ ᠳᠡᠭᠡᠨ ᠨᠢᠭᠡ ᠤᠳᠠᠭ᠎ᠠ ᠠᠷᠠᠴᠢᠯᠠᠨ ᠬᠠᠮᠠᠭᠠᠯᠠᠵᠤ᠂ ᠵᠢᠷᠭᠤᠭᠠᠨ ᠰᠠᠷ᠎ᠠ ᠳᠤ ᠠᠯᠢ ᠴᠦᠬᠡᠨ ᠳᠡᠭᠡᠨ ᠨᠢᠭᠡ ᠤᠳᠠᠭ᠎ᠠ ᠪᠠᠶᠢᠴᠠᠭᠠᠬᠤ ᠶᠢᠨ ᠳᠠᠭᠠᠤ ᠬᠡᠷᠡᠭᠯᠡᠵᠤ ᠬᠠᠮᠢᠶᠠᠷᠬᠤ ᠬᠠᠷᠢᠭᠤᠴᠠᠯᠭᠠᠲᠤ ᠨᠢᠭᠡᠴᠡ ᠳᠤ ᠦᠪᠡᠷ ᠢᠶᠠᠨ ᠪᠠᠶᠢᠴᠠᠭᠠᠭᠰᠠᠨ ᠮᠡᠳᠡᠭᠦᠯᠦᠯᠲᠡ ᠪᠠᠨ ᠮᠡᠳᠡᠭᠦᠯᠬᠦ ᠬᠡᠷᠡᠭᠲᠠᠢ︔ ︵ᠶᠢᠰᠦ︶ ᠠᠷᠠᠴᠢᠯᠠᠨ ᠬᠠᠮᠠᠭᠠᠯᠠᠬᠤ ᠪᠠ ᠬᠡᠮ ᠰᠤᠭᠤᠭ ᠢ ᠰᠢᠢᠳᠪᠦᠷᠢᠯᠡᠭᠰᠡᠨ ᠲᠡᠮᠳᠡᠭᠯᠡᠯ ᠬᠢᠬᠦ ᠶᠢᠨ ᠬᠠᠮᠲᠤ ᠠᠯᠢ ᠤᠬᠤᠷ ᠲᠠᠭᠠᠨ ᠲᠠᠪᠤᠨ ᠵᠢᠯ ᠬᠠᠳᠠᠭᠠᠯᠠᠬᠤ ᠬᠡᠷᠡᠭᠲᠠᠢ᠃       ﹇ᠬᠥᠲᠥᠯᠥᠭᠴᠢ﹈      ᠴᠠᠬᠢᠯᠭᠠᠨ ᠱᠠᠲᠤ ᠬᠡᠮ ᠭᠠᠷᠤᠭᠰᠠᠨ ᠤ ᠳᠠᠷᠠᠭ᠎ᠠ ᠬᠡᠷᠬᠢᠨ ᠠᠪᠤᠷᠠᠯ ᠭᠤᠶᠤᠬᠤ ᠪᠤᠢ᠂ ︽ᠠᠷᠭ᠎ᠠ︾ ᠳᠤ ᠬᠡᠷᠬᠢᠨ ᠲᠣᠭᠲᠠᠭᠠᠭᠰᠠᠨ ᠪᠤᠶ︖       ﹇ᠵᠢᠶᠠ ᠯᠢ﹈      ᠤᠯᠤᠰ ᠤᠨ ︽ᠤᠨᠴᠤᠭᠤᠢ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ︾ ᠳᠤ ︽ᠤᠯᠤᠰ ᠠᠴᠠ ᠬᠤᠯᠪᠣᠭᠳᠠᠯ ᠪᠦᠬᠦᠢ ᠤᠨᠴᠤᠭᠤᠢ ᠲᠥᠬᠦᠭᠡᠷᠦᠮᠵᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭ᠎ᠠ ᠶᠢ ᠳᠡᠮᠵᠢᠵᠤ᠂ ᠲᠡᠷᠢᠭᠦᠨ ᠤ ᠮᠡᠷᠭᠡᠵᠢᠯ ᠪᠤᠯᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠬᠦ ᠶᠢ ᠵᠤᠷᠢᠭᠵᠢᠭᠤᠯᠤᠨ᠎ᠠ︾ ᠬᠡᠵᠤ ᠲᠤᠭᠲᠠᠭᠠᠪᠠ᠃ ︽ᠠᠷᠭ᠎ᠠ︾ ᠶᠢᠨ ᠳᠥᠴᠢᠨ ᠲᠠᠪᠤᠳᠤᠭᠠᠷ ᠵᠦᠢᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠨᠴᠤᠭᠤᠢ ᠲᠦᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠦᠪᠡᠷᠲᠡᠭᠡᠨ ᠵᠠᠰᠠᠬᠤ ᠤᠷᠤᠨ ᠤ ᠨᠢᠭᠡᠳᠦᠯᠲᠠᠢ ᠴᠠᠬᠢᠯᠭᠠᠨ ᠱᠠᠲᠤ ᠶᠢᠨ ᠠᠮᠤᠷ ᠲᠦᠪᠰᠢᠨ ᠤ ᠮᠡᠳᠡᠭᠡ ᠵᠠᠩᠬᠢ ᠶᠢᠨ ᠬᠦᠳᠡᠯᠦᠯ ᠪᠠᠶᠢᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠠᠬᠢᠯᠭᠠᠨ ᠱᠠᠲᠤ ᠦᠢᠯᠡᠳᠪᠦᠷᠢᠯᠡᠬᠦ᠂ ᠤᠭᠰᠠᠷᠠᠬᠤ᠂ ᠦᠭᠡᠷᠡᠴᠢᠯᠡᠬᠦ ᠂ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠠᠮᠤᠷ ᠲᠦᠪᠰᠢᠨ ᠢ ᠦᠨᠡᠯᠡᠬᠦ᠂ ᠪᠠᠶᠢᠴᠠᠭᠠᠨ ᠰᠢᠯᠭᠠᠬᠤ ᠵᠢᠴᠢ ᠬᠢᠨᠠᠯᠲᠠ ᠲᠠᠯᠪᠢᠨ ᠰᠤᠭᠤᠴᠠᠨ ᠪᠠᠶᠢᠴᠠᠭᠠᠬᠤ ᠵᠡᠷᠭᠡ ᠮᠡᠳᠡᠭᠡ ᠵᠠᠩᠬᠢ ᠶᠢ ᠲᠡᠮᠳᠡᠭᠯᠡᠬᠦ ᠶᠢᠨ ᠬᠠᠮᠲᠤ ᠨᠡᠶᠢᠭᠡᠮ ᠨᠡᠶᠢᠲᠡ ᠳᠤ ᠯᠠᠪᠯᠠᠯᠭ᠎ᠠ ᠶᠢᠨ ᠦᠢᠯᠡᠴᠢᠯᠡᠭᠡᠨ ᠬᠠᠩᠭᠠᠬᠤ ᠬᠡᠷᠡᠭᠲᠡᠶ ᠬᠡᠵᠤ ᠲᠤᠭᠲᠠᠭᠠᠪᠠ᠃ ᠡᠭᠦᠨ ᠤ ᠵᠣᠷᠢᠯᠭ᠎ᠠ ᠨᠢ ᠪᠣᠯ ᠴᠠᠬᠢᠯᠭᠠᠨ ᠱᠠᠲᠤ ᠶᠢᠨ ᠬᠡᠮ ᠰᠤᠭᠤᠭ ᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ᠂ ᠲᠦᠷᠭᠡᠨ ᠠᠪᠤᠷᠠᠨ ᠲᠤᠰᠠᠯᠠᠬᠤ᠂ ᠴᠠᠬᠢᠯᠭᠠᠨ ᠱᠠᠲᠤ ᠶᠢᠨ ᠳᠠᠯᠳᠠ ᠭᠡᠮ ᠰᠤᠭᠤᠭ ᠢ ᠠᠷᠢᠯᠭᠠᠬᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠠᠵᠢᠯᠯᠠᠬᠤ ᠶᠢ ᠪᠠᠲᠤᠯᠠᠬᠤ ᠶᠢᠨ ᠲᠦᠯᠦᠭᠡ ᠶᠤᠮ᠃ ᠲᠠ ᠪᠦᠬᠦᠨ ᠴᠠᠬᠢᠯᠭᠠᠨ ᠱᠠᠲᠤᠨ ᠳᠤ ᠰᠠᠭᠤᠬᠤ  ᠳᠠᠭᠠᠨ ᠴᠠᠬᠢᠯᠭᠠᠨ ᠱᠠᠲᠤ ᠶᠢᠨ ᠦᠷᠦᠭᠡ ᠳᠤᠲᠤᠷᠠᠬᠢ 96116 ᠲᠡᠮᠳᠡᠭ ᠢ ᠠᠩᠬᠠᠷᠠᠭᠠᠷᠠᠢ᠂ ᠡᠨᠡ ᠪᠣᠯ ᠳᠠᠷᠤᠶ ᠪᠦᠬᠦ ᠣᠷᠣᠨ ᠤ ᠨᠢᠭᠡᠳᠦᠯᠲᠡᠶ ᠴᠠᠬᠢᠯᠭᠠᠨ ᠱᠠᠲᠤ ᠶᠢᠨ ᠠᠯᠤᠰ ᠡᠵᠡᠮᠰᠢᠯ ᠤᠨ ᠰᠢᠰᠲ᠋ᠧᠮ ᠤᠨ ᠲᠠᠪᠴᠠᠩ ᠤᠨ ᠰᠢᠰᠲ᠋ᠧᠮ ᠮᠦᠨ᠂ ᠡᠨᠡ ᠨᠢ ᠣᠯᠠᠨ ᠤ ᠰᠠᠶᠢᠨ ᠮᠡᠳᠡᠳᠡᠭ ᠴᠠᠭᠳᠠᠭᠠᠨ ᠳᠤ ᠮᠡᠳᠡᠭᠦᠯᠬᠦ 110᠂ ᠭᠠᠯ ᠲᠦᠢᠮᠡᠷ ᠴᠠᠭᠳᠠᠭ᠎ᠠ 119 ᠵᠡᠷᠭᠡ ᠴᠠᠭᠳᠠᠭᠠᠨ ᠳᠤ ᠮᠡᠳᠡᠭᠳᠡᠬᠦ ᠲᠠᠪᠴᠠᠩ ᠤᠨ ᠰᠢᠰᠲ᠋ᠧᠮ ᠲᠠᠢ ᠠᠳᠠᠯᠢ ᠶᠤᠮ᠃ ᠣᠳᠣᠬᠠᠨ ᠳᠤ ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠲᠣᠪᠴᠢᠶ᠎ᠠ ᠠᠴᠠ ᠬᠥᠬᠡᠬᠤᠲᠠ᠂ ᠪᠤᠭᠤᠲᠤ ᠂ ᠦᠬᠠᠶ᠂ ᠣᠷᠳᠣᠰ᠂ ᠬᠢᠩᠭᠠᠨ ᠠᠶᠢᠮᠠᠭ ᠵᠡᠷᠭᠡ 5 ᠭᠠᠵᠠᠷ ᠣᠷᠣᠨ ᠳᠤ ᠲᠤᠷᠰᠢᠯᠲᠠ ᠶᠢᠨ ᠠᠵᠢᠯ ᠢ ᠦᠷᠨᠢᠭᠦᠯᠵᠤ ᠪᠠᠶᠢᠨ᠎ᠠ᠃       ﹇ᠬᠥᠲᠥᠯᠥᠭᠴᠢ﹈      ᠵᠠ᠂ ᠵᠢᠶᠠ ᠡᠷᠬᠢᠯᠡᠭᠴᠢ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠭᠰᠠᠨ ᠳᠤ ᠲᠠᠯᠠᠷᠬᠠᠵᠤ ᠪᠠᠶᠢᠨ᠎ᠠ︕ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ ᠵᠤᠯᠭᠠᠶ᠎ᠠ︕
     ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠡᠯᠧᠺᠲᠷᠤᠨ ᠵᠠᠰᠠᠭ ᠤᠨ ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠰᠤᠷᠪᠤᠯᠵᠢᠯᠠᠭᠳᠠᠭᠴᠢ ᠳᠤ ᠪᠠᠷ᠎ᠠ ᠪᠤᠯᠵᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠶᠢ ᠲᠤᠭᠤᠷᠢᠨ ᠦᠵᠡᠭᠰᠡᠨ ᠨᠢ
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ ᠤᠨ ᠳᠡᠳ᠋ ᠡᠷᠬᠢᠯᠡᠭᠴᠢ   ᠵᠢᠶᠠ ᠯᠢ ︽ᠳᠤᠮᠳᠠᠳᠤ ᠤᠯᠤᠰ  ᠥᠪᠥᠷ ᠮᠣᠩᠭᠤᠯ︾ ᠰᠦᠯᠵᠢᠶ᠎ᠡ ᠳᠤ ᠤᠷᠢᠭᠳᠠᠭᠰᠠᠨ ᠨᠢ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号