ᠤᠯᠠᠭᠠᠨ᠄ ᠮᠠᠯ ᠠᠵᠦ ᠠᠬᠤᠢ ᠶᠢᠨ ᠲᠤᠮᠦ ᠬᠤᠰᠢᠭᠤ ᠶᠢᠨ ᠪᠦᠳᠦᠭᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠦ  ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠴᠦᠬᠦᠷᠡᠰᠢ ᠦᠭᠡᠢ ᠠᠬᠢᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2015/8/19
     8 ᠳ᠋ᠤᠭᠠᠷ ᠰᠠᠷ᠎ᠠ ᠶᠢᠨ 18᠎ ᠤ ᠡᠳᠦᠷ ᠦᠪᠡᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠲᠡᠰ ᠤᠨ ᠨᠢᠭᠡᠴᠡ ᠶᠢᠨ ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤ ᠶᠢ ᠬᠠᠪᠰᠤᠷᠤᠨ ᠲᠡᠳᠬᠦᠬᠦ ᠠᠵᠢᠯ ᠤᠨ ᠲᠤᠬᠠᠢ ᠶᠢᠨ ᠭᠠᠵᠠᠷ ᠤᠨ ᠬᠤᠷᠠᠯ ᠬᠤᠷᠴᠢᠨ ᠪᠠᠷᠠᠭᠤᠨ ᠲᠤᠮᠳᠠᠳᠦ ᠬᠤᠰᠢᠭᠤᠨ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠲᠢᠩᠬᠢᠮ ᠲᠤᠪᠴᠢᠶ᠎ᠠ ᠶᠢᠨ ᠲᠡᠰ ᠤᠨ ᠬᠠᠪᠰᠤᠷᠤᠨ ᠲᠡᠳᠬᠦᠬᠦ 30 ᠨᠢᠭᠡᠴᠠ ᠶᠢᠨ ᠬᠠᠷᠢᠭᠤᠴᠠᠯᠭᠠᠳᠠᠨ ᠪᠤᠯᠤᠨ ᠭᠠᠴᠠᠭ᠎ᠠ ᠳᠤ ᠰᠠᠭᠤᠭ᠎ᠠ ᠠᠵᠢᠯᠯᠠᠬᠤ ᠠᠩᠬᠢ ᠶᠢᠨ ᠭᠡᠰᠢᠬᠦᠨ ᠲᠤᠬᠠᠢ ᠶᠢᠨ ᠭᠠᠵᠠᠷ ᠤᠨ ᠬᠤᠷᠠᠯ ᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠬᠰᠠᠠ ᠪᠦᠭᠡᠳ ᠶᠠᠷᠢᠶ᠎ᠠ ᠲᠠᠯᠪᠢᠵᠠᠢ᠃      ᠤᠯᠠᠭᠠᠨ ᠤᠷᠢᠳ ᠬᠤᠵᠢᠳ ᠪᠠᠶᠠᠨᠬᠤᠰᠢᠭᠤ ᠪᠠᠯᠭᠠᠰᠤᠨ ᠤ ᠴᠠᠷᠠᠰᠤᠨ ᠬᠤᠸᠠ ᠭᠠᠴᠠᠭ᠎ᠠ᠂ ᠰᠢᠷᠠᠳᠤᠪᠤ ᠭᠠᠴᠠᠭ᠎ᠠ ᠵᠢᠴᠢ ᠰᠢᠨ᠎ᠠ ᠵᠠᠮ ᠰᠤᠮᠦ ᠶᠢᠨ ᠰᠠᠶᠢᠬᠤᠢᠨᠳᠦᠷ ᠭᠠᠴᠠᠭ᠎ᠠ ᠳᠤ ᠬᠦᠨᠵᠡᠭᠡᠶᠢᠷᠡᠨ ᠲᠤᠬᠠᠢ ᠶᠢᠨ ᠭᠠᠵᠠᠷ ᠲᠤ ᠵᠢᠭᠠᠨ ᠵᠢᠯᠤᠭᠤᠳᠴᠦ᠂ ᠬᠠᠪᠰᠤᠷᠤᠨ ᠲᠡᠳᠬᠦᠬᠦ ᠠᠷᠭ᠎ᠠ ᠬᠢᠳᠡᠯ᠂ ᠤᠯᠤᠬᠰᠠᠠ ᠠᠮᠵᠢᠯᠳᠠ ᠪᠦᠳᠦᠮᠵᠢ ᠪᠠ ᠲᠠᠷᠠᠭᠠᠴᠢ ᠶᠢᠨ ᠠᠯᠬᠤᠮ ᠤᠨ ᠠᠵᠢᠯ ᠢ ᠨᠠᠷᠢᠨ ᠤᠢᠢᠯᠠᠭᠠᠵᠠᠢ᠃      ᠤᠯᠠᠭᠠᠨ᠂ ᠮᠠᠯ ᠠᠵᠦ ᠠᠬᠤᠢ ᠶᠢᠨ ᠲᠤᠮᠦ ᠬᠤᠰᠢᠭᠤ ᠶᠢᠨ ᠪᠦᠳᠦᠭᠡᠨ ᠪᠠᠶᠢᠭᠤᠯᠤᠯᠳᠠ ᠬᠢᠭᠡᠳ ᠬᠦᠭᠵᠢᠯᠳᠡ ᠶᠢᠨ ᠲᠠᠯ᠎ᠠ ᠪᠠᠷ ᠡᠷᠴᠢᠮ ᠢᠶᠠᠨ ᠤᠯᠠᠮ ᠴᠢᠨᠠᠬᠰᠢᠳᠠ ᠴᠢᠩᠭᠠᠷᠠᠭᠤᠯᠬᠤ ᠭᠡᠷᠡᠭᠳᠠᠢ᠃ ᠵᠤᠭᠤᠰ ᠮᠦᠩᠬᠦ ᠡᠳ᠋ ᠪᠤᠳᠠᠰ ᠢᠶᠠᠷ ᠲᠡᠳᠬᠦᠬᠦ ᠪᠤᠯ ᠵᠦᠪᠭᠡᠨ ᠨᠢᠭᠡ ᠴᠠᠬ ᠤᠨ ᠬᠦᠴᠢᠷᠳᠠᠯ ᠢ ᠰᠢᠢᠳᠪᠦᠷᠢᠯᠡᠬᠦ ᠲᠡᠳᠦᠢ ᠶᠤᠮ᠂ ︽ᠶᠠᠳᠠᠭᠤ ᠮᠠᠯᠠᠭᠠᠢ ᠪᠠᠨ ᠠᠪᠴᠦ ᠬᠠᠶᠠᠬᠤ︾᠎ ᠳᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠨᠢ ᠦᠨᠳᠦᠰᠦ ᠪᠤᠯᠤᠨ᠎ᠠ᠃ ᠮᠠᠯᠴᠢᠨ ᠲᠠᠷᠢᠶᠠᠴᠢᠨ ᠳᠤ ᠠᠪᠴᠦ ᠭᠡᠯᠡᠪᠡᠯ᠂ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠶᠢ ᠴᠦᠬᠦᠷᠡᠰᠢ ᠦᠭᠡᠢ ᠪᠠᠷᠢᠮᠳᠠᠯᠠᠵᠦ᠂ ᠬᠤᠨᠢ ᠲᠡᠵᠢᠭᠡᠬᠦ ᠦᠢᠯᠡᠰ ᠢᠶᠠᠷ ᠭᠤᠤᠯ ᠰᠢᠪᠳᠤᠯᠤᠯᠳᠠ ᠶᠢᠨ ᠴᠢᠭᠯᠡᠯ ᠪᠤᠯᠭᠠᠵᠦ᠂ ᠫᠧᠩ ᠬᠤᠷᠤᠭ᠎ᠠ ᠶᠢᠨ ᠪᠦᠳᠦᠬᠡᠨ ᠪᠠᠶᠢᠭᠤᠯᠤᠯᠳᠠ᠂ ᠲᠡᠵᠢᠭᠡᠯ ᠪᠤᠷᠳᠤᠭ᠎ᠠ ᠶᠢᠨ ᠰᠠᠭᠤᠷᠢᠨ ᠤ ᠪᠦᠳᠦᠭᠡᠨ ᠪᠠᠶᠢᠭᠤᠯᠤᠯᠳᠠ᠂ ᠲᠡᠵᠢᠭᠡᠯ ᠪᠤᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠪᠦᠳᠦᠭᠡᠨ ᠪᠠᠶᠢᠭᠤᠯᠤᠯᠳᠠ ᠶᠢᠨ ᠵᠠᠩᠬᠢᠯᠠᠭ᠎ᠠ ᠶᠢᠨ ᠭᠤᠬᠴᠤᠭ᠎ᠠ ᠶᠢ ᠠᠳᠬᠤᠵᠦ᠂ ᠮᠠᠯ ᠦᠭᠡᠢ ᠡᠷᠦᠭᠡ ᠶᠢ ᠠᠯᠬᠤᠮ ᠠᠯᠬᠤᠮ ᠢᠶᠠᠷ ᠠᠷᠢᠯᠭᠠᠵᠦ᠂ ᠲᠡᠵᠢᠭᠡᠵᠦ ᠠᠷᠠᠴᠢᠯᠠᠬᠤ ᠬᠦᠷᠢᠶ᠎ᠠ ᠭᠡᠪᠴᠢᠶ᠎ᠠ ᠶᠢ ᠦᠷᠭᠡᠳᠭᠡᠨ᠂ ᠮᠠᠯ ᠤᠨ ᠡᠬᠦᠯᠳᠡᠷ ᠰᠠᠶᠢᠵᠢᠷᠠᠭᠤᠯᠬᠤ ᠶᠢ ᠲᠦᠷᠭᠡᠳᠭᠡᠵᠦ᠂ ᠲᠡᠵᠢᠭᠡᠵᠦ ᠠᠷᠠᠴᠢᠯᠠᠬᠤ ᠲᠦᠪᠰᠢᠨ ᠢ ᠲᠡᠭᠡᠭᠰᠢᠯᠡᠭᠦᠯᠬᠦ ᠭᠡᠷᠡᠭᠳᠠᠢ᠃ ᠪᠦᠬᠦ ᠬᠤᠰᠢᠭᠤ ᠪᠠᠷ ᠠᠪᠴᠦ ᠭᠡᠯᠡᠪᠡᠯ᠂ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠶᠢ ᠴᠦᠬᠦᠷᠡᠰᠢ ᠦᠭᠡᠢ ᠠᠬᠢᠭᠤᠯᠬᠤ ᠶᠢ ᠪᠠᠷᠢᠮᠳᠠᠯᠠᠨ᠂ ᠵᠠᠬ᠎ᠠ ᠲᠡᠯᠭᠡᠬᠦᠷ ᠤᠨ ᠤᠢᠢᠯᠠᠭᠠᠬᠳᠠᠭᠤᠨ ᠢᠶᠠᠷ ᠶᠠᠭᠤ ᠶᠢ ᠲᠡᠳᠬᠦᠬᠦ ᠲᠦᠷᠦᠯ ᠵᠦᠢᠯ ᠤᠨ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠵᠦ᠂ ᠲᠦᠬᠦᠭᠡᠷᠦᠮᠵᠢᠳᠦ ᠲᠠᠷᠢᠵᠦ ᠤᠷᠭᠤᠭᠤᠯᠬᠤ᠂ ᠲᠡᠵᠢᠭᠡᠵᠦ ᠠᠷᠠᠴᠢᠯᠠᠬᠤ ᠦᠢᠯᠡᠰ ᠢ ᠬᠦᠭᠵᠢᠭᠦᠯᠬᠦ ᠪᠤᠯᠤᠨ ᠨᠠᠷᠢᠯᠢᠭ ᠡᠳ᠋ᠰᠢᠭᠦᠯᠬᠦ ᠲᠦᠪᠰᠢᠨ ᠢ ᠲᠡᠭᠡᠭᠰᠢᠯᠡᠭᠦᠯᠬᠦ ᠶᠢ ᠭᠤᠤᠯ ᠰᠢᠪᠳᠤᠯᠤᠯᠳᠠ ᠶᠢᠨ ᠴᠢᠭᠯᠡᠯ ᠪᠤᠯᠭᠠᠵᠦ᠂ ᠲᠡᠵᠢᠭᠡᠯ ᠪᠤᠷᠳᠤᠭ᠎ᠠ ᠶᠢᠨ ᠰᠠᠭᠤᠷᠢᠨ ᠤ ᠪᠦᠳᠦᠭᠡᠨ ᠪᠠᠶᠢᠭᠤᠯᠤᠯᠳᠠ᠂ ᠮᠠᠯ ᠤᠨ ᠠᠰᠢᠬ ᠰᠢᠮ᠎ᠠ ᠡᠳ᠋ᠰᠢᠭᠦᠯᠬᠦ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠢᠳᠡᠪᠬᠢᠳᠠᠢ ᠤᠷᠤᠭᠤᠯᠤᠨ ᠠᠪᠴᠢᠷᠠᠵᠦ᠂ ᠨᠦᠯᠦᠭᠡᠯᠡᠬᠦ ᠬᠦᠴᠦᠨ ᠢᠶᠠᠷ ᠦᠷᠭᠡᠨ᠂ ᠲᠠᠶᠢᠴᠢᠯᠠᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠠᠵᠦ ᠦᠢᠯᠡᠰᠵᠢᠭᠰᠡᠡ ᠳᠠᠭᠠᠭᠤᠯᠬᠤ ᠠᠵᠦ ᠠᠬᠤᠢᠢᠯᠠᠯ ᠢ ᠪᠤᠶᠢᠵᠢᠭᠤᠯᠬᠤ ᠶᠢᠨ ᠵᠡᠷᠭᠡᠪᠡᠷ ᠠᠯᠢ ᠲᠦᠷᠭᠡᠨ ᠢᠶᠠᠷ ᠠᠰᠢᠬᠯᠠᠯᠳᠠ ᠳᠤ ᠤᠷᠤᠭᠤᠯᠬᠤ ᠶᠢ ᠦᠨᠡᠨᠬᠦ ᠪᠠᠳᠤᠯᠠᠵᠦ᠂ ᠡᠨᠡ ᠵᠢᠯ ᠤᠨ ᠲᠤᠳᠤᠷ᠎ᠠ 1.65 ᠲᠦᠮᠡᠨ ᠶᠠᠳᠠᠭᠤ ᠬᠦᠴᠢᠷᠳᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠬᠦᠷᠭᠡ ᠶᠢ ᠪᠡᠶᠡᠯᠡᠭᠦᠯᠬᠦ ᠭᠡᠷᠡᠭᠳᠠᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号