| ᠬᠤᠷᠠᠯ ᠤᠨ ᠲᠠᠯᠠᠪᠠᠶ | 8 ᠳ᠋ᠤᠭᠠᠷ ᠰᠠᠷ᠎ᠠ ᠶᠢᠨ18 ᠤ ᠡᠳᠦᠷ᠂ ︽ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠢᠳᠡᠭᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠭᠴᠢ ᠶᠢᠨ ᠶᠠᠷᠢᠯᠴᠠᠬᠤ ᠬᠤᠷᠠᠯ ᠵᠢᠴᠢ ᠥᠪᠥᠷ | ᠮᠣᠩᠭᠤᠯ ᠤᠨ ᠢᠳᠡᠭᠡᠨ ᠤ ᠠᠮᠤᠷ ᠲᠦᠪᠰᠢᠨ ᠪᠠ ᠠᠮᠢ ᠠᠬᠤᠶ ᠶᠢᠨ ᠲᠠᠷᠢᠶᠠᠯᠠᠩ ᠤᠨ ᠬᠥᠭᠵᠢᠯ ᠤᠨ ᠳᠡᠭᠡᠳᠦ | ᠳᠡᠰ ᠤᠨ ᠶᠠᠷᠢᠶᠠᠨ ᠤ ᠲᠠᠪᠴᠠᠩ︾ ᠬᠥᠬᠡᠬᠤᠲᠠ ᠳᠤ ᠡᠬᠢᠯᠡᠪᠡ᠃ ᠤᠯᠤᠰ ᠤᠨ ᠢᠳᠡᠭᠡᠨ ᠤ ᠵᠦᠢᠯ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ᠂ ᠤᠯᠤᠰ ᠤᠨ ᠶᠠᠰᠤ ᠴᠢᠨᠠᠷ ᠬᠢᠨᠠᠨ ᠪᠠᠶᠢᠴᠠᠭᠠᠬᠤ | ᠶᠡᠷᠦᠩᠬᠡᠶ ᠲᠣᠪᠴᠢᠶ᠎ᠠ᠂ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠲᠣᠪᠴᠢᠶ᠎ᠠ᠂ | ᠲᠠᠷᠢᠶᠠᠯᠠᠩ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ ᠶᠠᠮᠤᠨ ᠵᠥᠪᠯᠡᠯ ᠤᠨ | ᠤᠳᠤᠷᠢᠳᠤᠯᠭ᠎ᠠ᠂ ᠬᠡᠰᠡᠭ ᠮᠤᠵᠢ᠂ ᠬᠤᠲᠠ᠂ ᠰᠢᠶᠠᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠭᠴᠢ ᠵᠢᠴᠢ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ 500 ᠰᠢᠬᠠᠮ | ᠬᠥᠮᠥᠨ ᠬᠤᠷᠠᠯ ᠳᠤ ᠣᠷᠣᠯᠴᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ ᠯᠢᠦ ᠰᠢᠨ ᠯᠧ ᠬᠤᠷᠠᠯ | ᠡᠷᠬᠢᠯᠡᠭᠰᠡᠨ ᠳᠤ ᠪᠠᠶᠠᠷ ᠤᠨ ᠵᠠᠬᠢᠳᠠᠯ ᠢᠷᠡᠭᠦᠯᠪᠡ᠃ ᠪᠠᠶᠠᠷ ᠤᠨ ᠵᠠᠬᠢᠳᠠᠯ ᠳᠠᠭᠠᠨ ᠬᠡᠯᠡᠭᠰᠡᠨ ᠨᠢ᠄ ︽ᠡᠨᠡ | ᠤᠳᠠᠭᠠᠨ ᠤ ᠪᠦᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢᠴᠢᠯᠠᠭᠴᠢ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠨᠢ᠂ ᠤᠯᠤᠰ ᠤᠨ ᠢᠳᠡᠭᠡᠨ ᠤ ᠵᠦᠢᠯ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠥᠪᠥᠷ ᠮᠣᠩᠭᠤᠯ ᠤᠨ ᠢᠳᠡᠭᠡᠨ ᠤ ᠠᠮᠤᠷ ᠲᠦᠪᠰᠢᠨ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠭ᠎ᠠ ᠶᠢ ᠭᠦᠢᠴᠡᠳ ᠢᠯᠡᠷᠡᠭᠦᠯᠵᠦ᠂ ᠪᠠᠰᠠ ᠮᠠᠨ ᠤ | ᠬᠢᠨ ᠡᠯ᠎ᠡ ᠠᠬ᠎ᠠ ᠳᠡᠭᠦᠦ ᠮᠤᠵᠢ ᠣᠷᠣᠨ ᠬᠤᠲᠠ ᠶᠢᠨ ᠲᠡᠷᠢᠭᠦᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠣᠨᠣᠯᠵᠢᠬᠤᠨ ᠢ ᠰᠤᠷᠤᠯᠴᠠᠬᠤ ᠳᠤ ᠬᠤᠪᠣᠷ ᠨᠠᠨᠳᠢᠨ ᠠᠵᠠ ᠲᠣᠬᠢᠶᠠᠯ ᠣᠯᠭᠤᠪᠠ᠃ ᠪᠢᠳᠡ ᠡᠯ᠎ᠡ | ᠠᠬ᠎ᠠ ᠳᠡᠭᠦᠦ ᠮᠤᠵᠢ ᠣᠷᠣᠨ ᠬᠤᠲᠠ ᠯᠤᠭ᠎ᠠ ᠬᠠᠷᠢᠯᠴᠠᠭ᠎ᠠ ᠪᠣᠯᠤᠨ ᠨᠡᠪᠲᠡᠷᠡᠯᠴᠡᠭᠡ ᠪᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠡᠳᠡᠭᠡᠷ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠭᠦᠢᠴᠡᠳ ᠲᠣᠯᠢᠳᠠᠵᠤ᠂ ᠶᠡᠷᠦᠩᠬᠡᠢ ᠱᠦᠵᠢ | ᠰᠢ ᠶᠢᠨ ᠫᠢᠩ ᠤᠨ ︿ᠳᠥᠷᠪᠡᠨ ᠬᠠᠮᠤᠭ ᠤᠨ ᠴᠢᠩᠭ᠎ᠠ﹀ ᠱᠠᠭᠠᠷᠳᠠᠯᠭ᠎ᠠ ᠶᠣᠰᠣᠭᠠᠷ᠂ ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠢ ᠬᠠᠮᠢᠶᠠᠷᠬᠤ ᠰᠢᠨᠵᠢᠯᠡᠬᠦ ᠤᠬᠠᠭᠠᠨᠴᠢ ᠲᠡᠭᠦᠯᠳᠡᠷᠵᠢᠭᠰᠡᠨ ᠰᠢᠰᠲ᠋ᠧᠮᠵᠢ ᠶᠢ ᠲᠦᠷᠭᠡᠨ | ᠪᠠᠶᠢᠭᠤᠯᠵᠤ᠂ 2017 ᠣᠨ ᠳᠤ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠣᠯᠬᠤ | ᠦᠶ᠎ᠡ ᠳᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠥᠪᠥᠷ ᠮᠣᠩᠭᠤᠯ ᠢ ᠦᠨᠳᠦᠰᠦᠨ ᠳᠡᠭᠡᠨ | ᠪᠠᠶᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ ᠣᠯᠠᠨ ᠢᠶᠠᠷ ᠢᠶᠠᠨ ᠮᠠᠨ ᠤ ᠠᠵᠢᠯ ᠳᠤ ᠡᠷᠬᠢᠮ ᠨᠠᠨᠳᠢᠨ | ᠰᠠᠨᠠᠯ ᠪᠠ ᠰᠠᠨᠠᠭᠤᠯᠭ᠎ᠠ ᠳᠤᠷᠠᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ︾ ᠭᠡᠵᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠵᠠᠩ ᠶᠦᠩ ᠴᠢᠶᠠᠩ ᠤᠨ ᠲᠠᠨᠢᠯᠴᠠᠭᠤᠯᠬᠤ ᠳᠠᠭᠠᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠳᠡᠭᠡᠨ ᠤ | ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ | ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ᠂ ᠲᠥᠪ ᠤᠨ ᠠᠵᠤ | ᠠᠬᠤᠶ ᠶᠢᠨ ᠠᠵᠢᠯ ᠪᠣᠯᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ | ᠰᠡᠳᠭᠢᠮᠵᠢ ᠶᠣᠰᠣᠭᠠᠷ᠂ ︽ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠲᠤᠬᠠᠢ ᠥᠪᠥᠷ | ᠮᠣᠩᠭᠤᠯ ᠤᠨ ᠪᠦᠲᠦᠭᠡᠨ ᠪᠠᠶᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ 2017 ᠣᠨ ᠳᠤ ᠥᠪᠡᠷᠲᠡᠭᠡᠨ | ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠣᠯᠬᠤ ᠦᠶ᠎ᠡ ᠳᠤ ᠢᠳᠡᠭᠡᠨ ᠤ ᠵᠦᠢᠯ ᠡᠮ ᠤᠨ ᠵᠦᠢᠯ ᠤᠨ | ᠠᠮᠤᠷ ᠲᠦᠪᠰᠢᠨ ᠥᠪᠥᠷ ᠮᠣᠩᠭᠤᠯ ᠢ ᠦᠨᠳᠦᠰᠦᠨ ᠳᠡᠭᠡᠨ ᠪᠠᠶᠢᠭᠤᠯᠤᠨ᠎ᠠ ᠭᠡᠪᠡ᠃ ᠵᠠᠩ ᠶᠦᠩ ᠴᠢᠶᠠᠩ | ᠬᠡᠯᠡᠭᠰᠡᠨ ᠨᠢ᠂ ᠥᠪᠥᠷ ᠮᠣᠩᠭᠤᠯ ᠦᠷᠭᠦᠯᠵᠢᠯᠡᠨ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ | ᠨᠡᠶᠢᠭᠡᠮᠴᠢᠯᠡᠭᠰᠡᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠢ ᠵᠠᠰᠠᠬᠤ ᠳᠤᠮᠳᠠᠬᠢ | ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭᠯᠡᠭᠴᠢᠳ ᠪᠣᠯᠤᠨ ᠲᠡᠳᠡᠨ ᠤ | ᠵᠣᠬᠢᠶᠠᠨ ᠪᠠᠶᠢᠭᠤᠯᠤᠯᠲᠠ ᠶᠢᠨ ᠴᠢᠬᠤᠯᠠ ᠬᠦᠴᠦᠨ ᠢ ᠪᠠᠳᠠᠷᠠᠭᠤᠯᠬᠤ ᠪᠠ ᠬᠦᠨᠳᠦᠳᠬᠡᠨ ᠦᠵᠡᠵᠦ᠂ ᠢᠳᠡᠭᠡᠨ ᠤ | ᠠᠮᠤᠷ ᠲᠦᠪᠰᠢᠨ ᠤ ᠭᠤᠷᠪᠠᠳᠤᠭᠠᠷ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠬᠥᠭᠵᠢᠯᠲᠡ ᠶᠢ ᠲᠦᠯᠬᠢᠨ ᠠᠬᠢᠭᠤᠯᠵᠤ᠂ ᠰᠣᠨᠢᠨ ᠮᠡᠳᠡᠭᠡᠨ ᠤ ᠵᠠᠭᠤᠴᠢ ᠶᠢᠨ ᠢᠳᠡᠪᠬᠢ ᠦᠢᠯᠡᠳᠦᠯ ᠢ | ᠪᠠᠳᠠᠷᠠᠭᠤᠯᠤᠨ᠎ᠠ᠃ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠤᠷᠪᠠᠳᠤᠭᠠᠷ ᠡᠲᠡᠭᠡᠳ ᠤᠨ | ᠬᠤᠷᠰᠢᠨ ᠣᠷᠣᠯᠴᠠᠬᠤ ᠲᠠᠪᠴᠠᠩ ᠢ ᠪᠠᠶᠢᠭᠤᠯᠵᠤ᠂ ᠣᠯᠠᠨ ᠨᠡᠶᠢᠲᠡ ᠪᠠᠷ ᠵᠠᠰᠠᠬᠤ ᠲᠣᠣᠷ ᠢ ᠪᠠᠶᠢᠭᠤᠯᠵᠤ᠂ | ᠢᠳᠡᠭᠡᠨ ᠤ ᠠᠮᠤᠷ ᠲᠦᠪᠰᠢᠨ ᠤ ᠪᠦᠬᠦ ᠶᠠᠪᠤᠴᠠ ᠶᠢ ᠵᠠᠰᠠᠬᠤ ᠬᠡᠪ ᠵᠠᠭᠪᠤᠷ ᠢ ᠡᠬᠢᠯᠡᠭᠦᠯᠦᠨ ᠬᠦᠳᠡᠯᠭᠡᠵᠦ᠂ ᠬᠠᠮᠲᠤᠷᠠᠨ | ᠵᠠᠰᠠᠬᠤ ᠶᠢ ᠬᠡᠷᠡᠭᠵᠢᠭᠦᠯᠦᠨ᠎ᠡ ᠭᠡᠪᠡ᠃ | ᠬᠤᠷᠠᠯ ᠳᠡᠭᠡᠷ᠎ᠡ 13 ᠨᠡᠷ᠎ᠡ ︽2014 ᠣᠨ — 2015 ᠣᠨ ᠤ ᠢᠳᠡᠭᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠰᠢᠯᠢᠳᠡᠭ ᠮᠡᠳᠡᠭᠡ ᠵᠠᠩᠭᠢᠴᠢᠯᠠᠭᠴᠢ︾ ᠶᠢ ᠬᠥᠬᠢᠭᠦᠯᠪᠡ᠃ | 18 ᠤ ᠡᠳᠦᠷ ᠤᠨ ᠦᠳᠡ ᠶᠢᠨ ᠬᠤᠶᠢᠨ᠎ᠠ᠂ ᠬᠤᠷᠠᠯ ᠨᠢ ᠰᠢᠨ᠎ᠡ ︽ᠢᠳᠡᠭᠡᠨ ᠤ ᠠᠮᠤᠷ ᠲᠦᠪᠰᠢᠨ ᠤ | ᠬᠠᠤᠯᠢ︾ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠡ᠃ | 19 ᠤ ᠡᠳᠦᠷ ᠤᠨ ᠦᠳᠡ ᠶᠢᠨ ᠡᠮᠦᠨ᠎ᠡ᠂ ᠪᠠᠰᠠ ︽ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠭᠴᠢ︾ ᠶᠢᠨ ᠶᠠᠷᠢᠯᠴᠠᠭᠠᠨ ᠤ ᠲᠠᠪᠴᠠᠩ ᠢ ᠡᠷᠬᠢᠯᠡᠬᠦ ᠪᠣᠯᠣᠨ᠎ᠠ᠃ | ᠲᠤᠬᠠᠢ ᠶᠢᠨ ᠴᠠᠭ ᠲᠤ᠂ ᠹᠦᠵᠢᠶᠠᠨ᠂ ᠭᠤᠸᠠᠩᠳᠦ᠋ᠩ᠂ ᠬᠤᠨᠠᠨ ᠵᠡᠷᠭᠡ ᠭᠠᠵᠠᠷ ᠤᠨ ᠢᠳᠡᠭᠡᠨ ᠤ ᠵᠦᠢᠯ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠡᠯ᠎ᠡ ᠭᠠᠵᠠᠷ ᠤᠨ ᠬᠢᠨ | ᠢᠳᠡᠭᠡᠨ ᠤ ᠠᠮᠤᠷ ᠲᠦᠪᠰᠢᠨ ᠤ ᠣᠳᠣᠬᠢ ᠪᠠᠶᠢᠳᠠᠯ ᠪᠠ ᠬᠢᠨᠠᠨ ᠬᠠᠮᠢᠶᠠᠷᠤᠭᠰᠠᠨ ᠪᠠᠶᠢᠳᠠᠯ ᠲᠠᠢ ᠤᠶᠠᠯᠳᠤᠭᠤᠯᠵᠤ | ᠬᠥᠨᠳᠡᠯᠡᠨ ᠰᠣᠯᠢᠯᠴᠠᠭ᠎ᠠ ᠬᠢᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ | ᠵᠠᠩᠭᠢᠴᠢᠯᠠᠭᠴᠢ ᠶᠢᠨ ᠠᠵᠢᠯ ᠢ ᠤᠯᠠᠮ ᠨᠢᠭᠡ ᠠᠯᠬᠤᠮ ᠬᠥᠭᠵᠢᠭᠦᠯᠬᠦ ᠪᠠ ᠲᠡᠭᠦᠯᠳᠡᠷᠵᠢᠭᠦᠯᠬᠦ ᠳᠤ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠬᠤ ᠪᠣᠯᠤᠨ᠎ᠠ᠃ | ᠲᠤᠰ ᠤᠳᠠᠭᠠᠨ ᠤ ᠬᠤᠷᠠᠯ ᠢ ᠳᠤᠮᠳᠠᠳᠤ ᠤᠯᠤᠰ ᠤᠨ ᠢᠳᠡᠭᠡᠨ ᠤ ᠠᠮᠤᠷ ᠲᠦᠪᠰᠢᠨ ᠤ ᠰᠣᠨᠢᠨ ᠤ ᠬᠤᠷᠢᠶ᠎ᠠ | ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠡᠷᠬᠢᠯᠡᠪᠡ᠃ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠪᠠ ᠠᠵᠤ | ᠠᠬᠤᠶᠢᠯᠠᠯ ᠨᠢ ᠲᠠᠷᠢᠵᠦ ᠲᠡᠵᠢᠭᠡᠬᠦ᠂ ᠦᠢᠯᠡᠳᠪᠦᠷᠢᠯᠡᠬᠦ᠂ ᠭᠦᠢᠯᠭᠡᠭᠡ᠂ ᠪᠣᠷᠣᠯᠠᠭᠤᠯᠭ᠎ᠠ᠂ ᠬᠢᠨᠠᠯᠲᠠ ᠬᠠᠮᠢᠶᠠᠷᠤᠯᠲᠠ᠂ | ᠡᠳ᠋ ᠬᠥᠷᠥᠩᠭᠡ ᠵᠡᠷᠭᠡ ᠬᠦᠷᠢᠶ᠎ᠡ ᠬᠡᠪᠴᠢᠶ᠎ᠡ ᠳᠤ ᠬᠤᠯᠪᠣᠭᠳᠠᠪᠠ᠃ ᠭᠤᠣᠯᠴᠢᠯᠠᠨ ᠡᠷᠭᠢᠯᠡᠭᠰᠡᠨ ᠲᠠᠯ᠎ᠠ ᠠᠴᠠ ᠡᠨᠡ | ᠤᠳᠠᠭᠠᠨ ᠤ ᠬᠤᠷᠠᠯ ᠢᠶᠠᠷ ᠳᠠᠮᠵᠢᠭᠠᠳ ᠵᠠᠰᠠᠭ ᠤᠨ ᠣᠷᠳᠣᠨ ᠤ ᠡᠷᠬᠡ ᠴᠢᠳᠠᠪᠤᠷᠢᠲᠤ ᠰᠠᠯᠠᠭ᠎ᠠ ᠮᠥᠴᠢᠷ ᠬᠢᠭᠡᠳ | ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ᠂ ᠲᠤᠰᠬᠠᠶ ᠮᠡᠷᠭᠡᠵᠢᠯᠲᠡᠨ | ᠡᠷᠳᠡᠮᠲᠡᠨ ᠬᠢᠭᠡᠳ ᠠᠵᠤ ᠠᠬᠤᠶᠢᠯᠠᠯ᠂ ᠠᠵᠤ ᠠᠬᠤᠶᠢᠯᠠᠯ ᠬᠢᠭᠡᠳ ᠠᠵᠤ ᠠᠬᠤᠶᠢᠯᠠᠯ ᠤᠨ ᠬᠤᠭᠤᠷᠣᠨᠳᠣ ᠪᠠᠨ | ᠰᠣᠯᠢᠯᠴᠠᠨ ᠰᠤᠷᠤᠯᠴᠠᠬᠤ ᠪᠠ ᠵᠣᠯᠭᠠᠯᠳᠤᠬᠤ ᠲᠠᠪᠴᠠᠩ ᠪᠠᠶᠢᠭᠤᠯᠬᠤ ᠪᠠ ᠡᠯᠧᠺᠲᠷᠣᠨ ᠬᠤᠳᠠᠯᠳᠤᠭ᠎ᠠ ᠬᠢᠭᠡᠳ | ᠦᠢᠯᠡᠳᠪᠦᠷᠢᠯᠡᠯ ᠤᠨ ᠠᠵᠤ ᠠᠬᠤᠶᠢᠯᠠᠯ᠂ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠭᠦᠢᠯᠭᠡᠭᠡᠨ ᠤ ᠠᠵᠤ | ᠠᠬᠤᠶᠢᠯᠠᠯ ᠤᠨ ᠰᠣᠯᠢᠯᠴᠠᠭ᠎ᠠ ᠬᠤᠷᠰᠢᠯᠴᠠᠭ᠎ᠠ ᠶᠢᠨ ᠠᠷᠭ᠎ᠠ ᠵᠠᠮ ᠢ ᠥᠷᠭᠡᠳᠬᠡᠵᠦ᠂ ᠰᠦᠯᠵᠢᠶᠡᠨ ᠳᠡᠭᠡᠷᠡᠬᠢ ᠡᠬᠢ | ᠪᠠᠶᠠᠯᠢᠭ ᠢ ᠡᠵᠡᠮᠰᠢᠵᠦ ᠪᠠᠶᠢᠭ᠎ᠠ ᠠᠵᠤ ᠠᠬᠤᠶᠢᠯᠠᠯ ᠬᠢᠭᠡᠳ ᠬᠥᠭᠵᠢᠯᠲᠡ ᠶᠢᠨ ᠠᠷᠭ᠎ᠠ ᠵᠠᠮ ᠡᠷᠢᠯᠬᠢᠯᠡᠵᠦ ᠪᠠᠶᠢᠭ᠎ᠠ | ᠠᠵᠤ ᠠᠬᠤᠶᠢᠯᠠᠯ ᠬᠤᠭᠤᠷᠣᠨᠳᠣ ᠪᠠᠨ ᠪᠦᠲᠦᠮᠵᠢᠲᠡᠢ ᠡᠬᠢ ᠪᠠᠶᠠᠯᠢᠭ ᠢᠶᠠᠨ ᠬᠠᠷᠢᠯᠴᠠᠨ ᠨᠦᠬᠦᠪᠦᠷᠢᠯᠡᠵᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠨᠢᠭᠡ ᠴᠤᠭᠴᠠᠵᠢᠭᠰᠠᠨ ᠡᠵᠡᠩᠨᠡᠨ ᠪᠣᠷᠣᠯᠠᠭᠤᠯᠬᠤ ᠰᠢᠰᠲ᠋ᠧᠮ ᠢ | ᠪᠠᠶᠢᠭᠤᠯᠬᠤ ᠶᠢ ᠬᠦᠰᠡᠪᠡ᠃ ᠶᠡᠭᠡ ᠬᠤᠷᠠᠯ ᠨᠢ ᠪᠠᠰᠠ ᠰᠢᠨ᠎ᠡ ︽ᠢᠳᠡᠭᠡᠨ ᠤ ᠠᠮᠤᠷ ᠲᠦᠪᠰᠢᠨ ᠤ ᠬᠠᠤᠯᠢ︾ ᠶᠢᠨ | ᠪᠠᠷᠢᠮᠵᠢᠶ᠎ᠠ ᠶᠣᠰᠣᠭᠠᠷ᠂ ᠠᠮᠤᠷ ᠲᠦᠪᠰᠢᠨ ᠪᠣᠬᠢᠷᠳᠣᠯ ᠦᠭᠡᠢ ᠨᠡᠷᠡᠲᠦ ᠲᠡᠮᠳᠡᠭ ᠢ ᠰᠢᠯᠭᠠᠷᠠᠭᠤᠯᠬᠤ ᠪᠣᠯᠣᠨ᠎ᠠ᠃ |