| ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ︽ᠤᠯᠤᠰ ᠤᠨ ᠰᠤᠷᠤᠯᠭ᠎ᠠ | ᠲᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠶ ᠰᠠᠨᠠᠯ ᠤᠳ︾ ︵ᠳᠣᠷᠣᠭᠰᠢ ︽ | ᠰᠠᠨᠠᠯ︾ ᠭᠡᠵᠦ ᠲᠣᠪᠴᠢᠯᠠᠨ᠎ᠠ︶ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠮᠠᠨ ᠤ ᠣᠷᠣᠨ ᠤ | ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠭᠠᠬᠤ ᠶᠢᠨ ᠲᠤᠰᠠᠳᠠ᠂ ᠰᠤᠷᠭᠠᠨ | ᠬᠥᠮᠦᠵᠢᠯ ᠤᠨ ᠶᠠᠮᠤᠨ ᠤ ᠪᠦᠬᠦ ᠤᠯᠤᠰ ᠤᠨ ᠰᠤᠷᠤᠭᠴᠢᠳ ᠢ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠲᠥᠪ ᠤᠨ | ᠡᠷᠬᠢᠯᠡᠭᠴᠢ ᠵᠠᠩ ᠭᠤᠸᠠᠩ ᠮᠢᠩ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠬᠢᠨᠠᠨ ᠲᠣᠭᠲᠠᠭᠠᠬᠤ | ᠭᠤᠷᠪᠠᠳᠤᠭᠠᠷ ᠲᠣᠪᠴᠢᠶ᠎ᠠ ᠶᠢᠨ ᠳᠡᠳ᠋ ᠳᠠᠷᠤᠭ᠎ᠠ ᠴᠣᠣ ᠪᠢᠩ ᠵᠡᠷᠭᠡ 5 ᠬᠥᠮᠦᠨ 2015 ᠣᠨ ᠤ 8 ᠳ᠋ᠤᠭᠠᠷ | ᠰᠠᠷ᠎ᠠ ᠶᠢᠨ 17 ᠤ ᠡᠳᠦᠷ ᠮᠠᠨ ᠤ ᠣᠷᠣᠨ ᠤ ᠤᠯᠠᠭᠠᠨᠬᠠᠳᠠ ᠬᠤᠲᠠ ᠳᠤ ᠬᠦᠷᠴᠦ᠂ ᠮᠠᠨ ᠤ ᠣᠷᠣᠨ ᠤ ︽ᠰᠠᠨᠠᠯ︾ | ᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠬᠢᠭᠡᠳ ᠮᠠᠨ ᠤ ᠣᠷᠣᠨ ᠤ ᠬᠡᠰᠡᠭ ᠠᠶᠢᠮᠠᠭ ᠬᠤᠲᠠ᠂ | ᠬᠤᠰᠢᠭᠤ ᠰᠢᠶᠠᠨ ︵ᠲᠣᠭᠤᠷᠢᠭ︶ ᠵᠢᠴᠢ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠳᠤ ᠰᠤᠷᠤᠭᠴᠢᠳ ᠢ | ᠲᠡᠳᠬᠦᠨ ᠲᠤᠰᠠᠯᠠᠬᠤ ᠠᠵᠢᠯ ᠤᠨ ᠹᠷᠣᠨᠲ ᠳᠡᠭᠡᠷ᠎ᠡ ᠪᠠᠶᠢᠭ᠎ᠠ ᠨᠥᠬᠦᠳ ᠲᠠᠢ ᠶᠠᠷᠢᠯᠴᠠᠨ ᠰᠣᠯᠢᠯᠴᠠᠭᠰᠠᠨ ᠤ ᠬᠠᠮᠲᠤ | ᠬᠤᠰᠢᠭᠤ ᠰᠢᠶᠠᠨ ︵ᠲᠣᠭᠤᠷᠢᠭ︶ ᠤ ᠰᠤᠷᠤᠭᠴᠢᠳ ᠢ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠲᠥᠪ ᠲᠤ | ᠭᠦᠨᠵᠡᠭᠡᠶᠢᠷᠡᠵᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠠᠵᠢᠯᠯᠠᠭ᠎ᠠ ᠥᠷᠨᠢᠭᠦᠯᠪᠡ᠃ | ᠶᠠᠷᠢᠯᠴᠠᠬᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠲᠡᠳᠬᠦᠬᠦ ᠬᠠᠮᠢᠶᠠᠷᠤᠯᠲᠠ ᠶᠢᠨ | ᠲᠥᠪ ᠤᠨ ᠡᠷᠬᠢᠯᠡᠭᠴᠢ ᠵᠢᠶᠠ ᠶᠦᠨ ᠡᠷᠬᠢᠯᠡᠪᠡ︔ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠠᠩ ᠳ᠋ᠦᠩ ᠴᠢ ᠨᠦᠬᠦᠷ ᠬᠤᠷᠠᠯ ᠳᠤ ᠣᠷᠣᠯᠴᠠᠵᠤ | ᠤᠭᠲᠤᠬᠤ ᠦᠭᠡ ᠶᠠᠷᠢᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠰᠤᠷᠭᠠᠭᠤᠯᠢ ᠶᠢᠨ | ᠠᠵᠢᠯ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ | ᠳᠠᠷᠤᠭ᠎ᠠ ︵ᠵᠢᠩᠬᠢᠨᠢ ᠲᠢᠩᠬᠢᠮ ᠤᠨ ᠳᠡᠰ︶ ᠵᠠᠩ ᠶᠠ ᠮᠢᠨ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠳᠡᠳ᠋ ᠳᠠᠷᠤᠭ᠎ᠠ | ᠭᠦᠸᠧ ᠳ᠋ᠠ ᠶᠦᠩ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠮᠠᠨ ᠤ ᠣᠷᠣᠨ ᠳᠤ ︽ᠰᠠᠨᠠᠯ︾ ᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠪᠡ︔ ᠤᠯᠠᠭᠠᠨᠬᠠᠳᠠ ᠬᠤᠲᠠ᠂ ᠲᠦᠩᠯᠢᠶᠣᠤ | ᠬᠤᠲᠠ᠂ ᠰᠢᠯᠢ ᠶᠢᠨ ᠬᠤᠲᠠ ᠵᠢᠴᠢ ᠬᠤᠯᠪᠣᠭᠳᠠᠯ ᠪᠦᠬᠦᠢ ᠬᠤᠰᠢᠭᠤ ᠰᠢᠶᠠᠨ ︵ᠲᠣᠭᠤᠷᠢᠭ︶ ᠤ ᠰᠤᠷᠤᠭᠴᠢᠳ ᠢ | ᠲᠡᠳᠬᠦᠨ ᠲᠤᠰᠠᠯᠠᠬᠤ ᠠᠵᠢᠯ ᠢ ᠬᠤᠪᠢᠶᠠᠨ ᠬᠠᠮᠢᠶᠠᠷᠬᠤ ᠲᠣᠪᠴᠢᠶᠠᠨ ᠤ ᠳᠠᠷᠤᠭ᠎ᠠ᠂ ᠰᠤᠷᠤᠭᠴᠢᠳ ᠢ ᠲᠡᠳᠬᠦᠨ | ᠳᠡᠮᠵᠢᠬᠦ ᠲᠥᠪ ᠤᠨ ᠡᠷᠬᠢᠯᠡᠭᠴᠢ᠂ ᠤᠯᠠᠭᠠᠨᠬᠠᠳᠠ ᠳᠤ ᠰᠠᠭᠤᠭ᠎ᠠ ᠡᠯ᠎ᠡ ᠶᠡᠭᠡ ᠳᠡᠭᠡᠳᠦ ᠰᠤᠷᠭᠠᠭᠤᠯᠢ ᠶᠢᠨ | ᠬᠠᠷᠢᠭᠤᠴᠠᠯᠭᠠᠲᠠᠨ ᠨᠡᠶᠢᠲᠡ 40 ᠢᠯᠡᠭᠦᠦ ᠬᠥᠮᠦᠨ ᠶᠠᠷᠢᠯᠴᠠᠬᠤ ᠬᠤᠷᠠᠯ ᠳᠤ ᠣᠷᠣᠯᠴᠠᠪᠠ᠃ ᠤᠯᠠᠭᠠᠨᠬᠠᠳᠠ | ᠬᠤᠲᠠ ᠶᠢᠨ ᠪᠠᠭᠠᠷᠢᠨ ᠵᠡᠭᠦᠨ ᠬᠤᠰᠢᠭᠤ᠂ ᠬᠠᠷᠠᠴᠢᠨ ᠬᠤᠰᠢᠭᠤ︔ ᠲᠦᠩᠯᠢᠶᠣᠤ ᠬᠤᠲᠠ ᠶᠢᠨ ᠬᠤᠷᠴᠢᠨ | ᠲᠣᠭᠤᠷᠢᠭ︔ ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ ᠶᠢᠨ ᠰᠤᠷᠤᠭᠴᠢᠳ ᠢ ᠲᠡᠳᠬᠦᠨ | ᠲᠤᠰᠠᠯᠠᠬᠤ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠬᠤᠷᠠᠯ ᠳᠡᠭᠡᠷ᠎ᠡ ᠰᠤᠷᠤᠯᠭ᠎ᠠ ᠶᠢ ᠲᠡᠳᠬᠦᠬᠦ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠠᠶᠢᠭ᠎ᠠ ᠪᠠᠶᠢᠳᠠᠯ ᠤᠨ PPT ᠢ ᠬᠠᠷᠢᠭᠤ ᠮᠡᠳᠡᠭᠦᠯᠦᠨ ᠦᠵᠡᠭᠦᠯᠪᠡ᠃ | ᠰᠤᠷᠭᠠᠨ ᠬᠥᠮᠦᠵᠢᠯ ᠤᠨ ᠶᠠᠮᠤᠨ ᠤ ᠪᠦᠬᠦ ᠤᠯᠤᠰ ᠤᠨ ᠰᠤᠷᠤᠭᠴᠢᠳ ᠢ ᠲᠡᠳᠬᠦᠨ ᠲᠤᠰᠠᠯᠠᠬᠤ | ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠵᠠᠩ ᠭᠤᠸᠠᠩ ᠮᠢᠩ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ | ᠪᠠᠩᠬᠢ ᠶᠢᠨ ᠬᠢᠨᠠᠨ ᠲᠣᠭᠲᠠᠭᠠᠬᠤ ᠭᠤᠷᠪᠠᠳᠤᠭᠠᠷ ᠲᠣᠪᠴᠢᠶᠠᠨ ᠤ ᠳᠡᠳ᠋ ᠳᠠᠷᠤᠭ᠎ᠠ ᠴᠤᠤ ᠪᠢᠩ ᠨᠦᠬᠦᠷ ᠮᠠᠨ ᠤ | ᠣᠷᠣᠨ ᠤ ︽ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠪᠣᠯᠤᠨ ᠰᠤᠷᠤᠯᠭ᠎ᠠ ᠶᠢ | ᠲᠡᠳᠬᠦᠬᠦ ᠵᠢᠭᠡᠯᠡᠯᠭᠡ ᠶᠢᠨ ᠠᠵᠢᠯ ᠢ ᠭᠦᠢᠴᠡᠳ ᠨᠤᠲᠠᠯᠠᠵᠤ᠂ ᠮᠠᠨ ᠤ ᠣᠷᠣᠨ ᠤ ᠲᠡᠳᠬᠦᠨ ᠲᠤᠰᠠᠯᠠᠬᠤ ᠹᠷᠣᠨᠲ | ᠳᠡᠭᠡᠷᠡᠬᠢ ᠨᠥᠬᠦᠳ ᠢ ᠤᠯᠠᠮ ᠢᠯᠡᠭᠦᠦ ᠴᠢᠷᠮᠠᠶᠢᠵᠤ᠂ ᠮᠠᠨ ᠤ ᠣᠷᠣᠨ ᠤ ᠤᠯᠤᠰ ᠤᠨ ᠰᠤᠷᠤᠯᠭ᠎ᠠ ᠲᠡᠳᠬᠦᠬᠦ | ᠵᠢᠭᠡᠯᠡᠯᠭᠡ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠲᠦᠭᠡᠢ ᠭᠡᠵᠦ ᠵᠣᠷᠢᠭᠵᠢᠭᠤᠯᠪᠠ᠃ |