ᠨᠢᠭᠡ ᠳᠤ᠂ ᠮᠠᠯᠴᠢᠨ ᠲᠠᠷᠢᠶᠠᠴᠢᠳ ᠤᠨ ᠡᠷᠬᠢᠯᠡᠭᠰᠡᠨ ᠠᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ | ᠲᠦᠷᠭᠡᠳᠭᠡᠨ ᠪᠠᠶᠢᠭᠤᠯᠪᠠ᠃ 2014 ᠣᠨ ᠳᠤ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ | ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠬᠢᠯᠡᠭᠰᠡᠨ ᠠᠵᠢᠯ ᠤᠨ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠲᠥᠰᠦᠯ︾ ᠢ | ᠳᠠᠷᠤᠮᠠᠯᠯᠯᠠᠨ ᠲᠠᠷᠬᠠᠭᠠᠪᠠ᠃ 2015 ᠤᠨ ᠤ 2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ | ᠤᠯᠠᠭᠠᠨᠬᠠᠳᠠ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠬᠢᠬᠦ ᠶᠢ ᠵᠦᠪᠰᠢᠶᠡᠷᠡᠵᠤ᠂ | ᠮᠠᠯᠵᠢᠬᠤ ᠲᠠᠷᠢᠶᠠᠯᠠᠬᠤ ᠣᠷᠣᠨ ᠳᠤ ᠵᠢᠭᠠᠨ ᠰᠤᠷᠭᠠᠬᠤ ᠶᠢ ᠵᠣᠬᠢᠶᠠᠨ ᠪᠠᠶᠢᠭᠤᠯᠬᠤ ᠶᠢᠨ ᠪᠤᠳᠤᠯᠢᠶᠠᠨᠲᠤ ᠴᠢᠨᠠᠷ᠂ | ᠵᠢᠭᠠᠨ ᠰᠤᠷᠭᠠᠬᠤ ᠶᠢᠨ ᠶᠠᠰᠤ ᠴᠢᠨᠠᠷ ᠤᠨ ᠪᠤᠯᠵᠤᠰᠢ ᠦᠭᠡᠶ ᠪᠠᠶᠢᠬᠤ ᠵᠡᠷᠭᠡ ᠬᠦᠴᠦᠨ ᠵᠦᠢᠯ ᠢ ᠪᠤᠳᠤᠯᠬᠢᠯᠠᠨ᠂ | ᠡᠮᠦᠨᠡᠬᠢ ᠬᠤᠭᠤᠴᠠᠭᠠᠨ ᠤ ᠲᠤᠷᠰᠢᠯᠲᠠ ᠳᠤ ᠵᠢᠯ ᠪᠦᠷᠢ 1000 ᠬᠦᠮᠦᠨ ᠢ ᠳᠠᠪᠠᠭᠤᠯᠬᠤ ᠦᠭᠡᠢ ᠪᠠᠷ ᠰᠤᠷᠤᠭᠴᠢ | ᠡᠯᠰᠡᠬᠦ ᠪᠠᠷ ᠲᠤᠭᠲᠠᠭᠠᠪᠠ᠃ | ᠬᠤᠶᠠᠷ ᠲᠤ᠂ 2007 ᠣᠨ ᠠᠴᠠ ᠨᠠᠰᠢ᠂ ᠮᠠᠨ ᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠨᠤᠭᠤᠳ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ ᠦᠰᠦᠨ ᠪᠤᠶᠢᠵᠢᠵᠤ ᠪᠠᠶᠢᠭ᠎ᠠ ᠬᠥᠳᠡᠯᠮᠦᠷᠢ ᠬᠦᠴᠦᠨ | ᠪᠤᠯᠤᠨ ᠠᠵᠢᠯ ᠤᠨ ᠪᠠᠶᠢᠷᠢ ᠰᠣᠯᠢᠬᠤ ᠪᠤᠯᠪᠠᠰᠤᠷᠠᠭᠤᠯᠤᠯ ᠢᠶᠠᠷ ᠭᠤᠣᠯᠳᠠᠯᠭ᠎ᠠ ᠪᠣᠯᠭᠠᠨ᠂ ︽ᠭᠤᠷᠪᠠᠨ ᠵᠦᠢᠯ ᠤᠨ | ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠬᠦ︾᠂ ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ | ᠤᠶᠠᠯᠳᠤᠭᠤᠯᠬᠤ ᠶᠢ ᠪᠠᠷᠢᠮᠲᠠᠯᠠᠵᠤ᠂ ︽ᠬᠥᠳᠡᠭᠡ ᠲᠣᠰᠬᠤᠨ ᠤ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠭᠤᠯᠤᠯ︾᠂ | ︽ᠥᠭᠭᠢᠶᠡᠮᠦᠷ ᠬᠤᠷ᠎ᠠ ᠶᠢᠨ ᠲᠥᠯᠥᠪᠯᠡᠭᠡ︾᠂ ︽ᠬᠥᠳᠡᠯᠮᠦᠷᠢ ᠬᠦᠴᠦᠨ ᠢ ᠰᠢᠯᠵᠢᠭᠦᠯᠬᠦ ᠪᠤᠯᠪᠠᠰᠤᠷᠠᠭᠤᠯᠤᠯ︾ | ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ | ᠵᠢᠯ ᠪᠦᠷᠢ ᠪᠠᠷᠤᠭ 100 ᠲᠦᠮᠡᠨ ᠬᠥᠮᠦᠨ ᠤᠳᠠᠭ᠎ᠠ ᠬᠢᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ | ᠰᠢᠯᠵᠢᠭᠦᠯᠬᠦ ᠪᠤᠯᠪᠠᠰᠤᠷᠠᠭᠤᠯᠤᠯ ᠢ ᠪᠠᠷᠤᠭ 8 ᠲᠦᠮᠡ ᠰᠢᠬᠠᠮ ᠬᠥᠮᠦᠨ ᠤᠳᠠᠭ᠎ᠠ ᠬᠢᠪᠡ᠃ | ᠭᠤᠷᠪᠠ ᠳᠤ᠂ ᠡᠷᠬᠢᠯᠡᠭᠰᠡᠨ ᠠᠵᠢᠯ ᠤᠨ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ | ᠢᠨᠵᠧᠨᠧᠷᠢᠩ ᠢ ᠶᠡᠬᠡᠪᠡᠷ ᠬᠡᠷᠡᠭᠵᠢᠬᠦᠯᠪᠡ᠃ 2015 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠠᠷᠤᠨ | ᠬᠤᠰᠢᠭᠤ ᠵᠡᠷᠭᠡ 20 ᠵᠢᠱᠢᠶ᠎ᠡ ᠦᠵᠡᠭᠦᠯᠬᠦ ᠰᠢᠶᠠᠨ ᠢ ᠡᠷᠬᠢᠯᠡᠭᠰᠡᠨ ᠠᠵᠢᠯ ᠤᠨ ᠰᠢᠨ᠎ᠡ ᠮᠠᠶ᠋ᠢᠭ ᠤᠨ ᠮᠠᠯᠴᠢᠨ | ᠲᠠᠷᠢᠶᠠᠴᠢᠨ ᠢ ᠬᠦᠮᠦᠵᠢᠭᠦᠯᠬᠦ ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ ᠣᠷᠣᠨ ᠢᠶᠠᠷ ᠲᠤᠭᠲᠠᠭᠠᠵᠤ᠂ ᠡᠭᠦᠨ ᠳᠤ | ᠤᠯᠤᠰ ᠤᠨ ᠱᠠᠲᠤᠨ ᠤ ᠵᠢᠱᠢᠶ᠎ᠡ ᠦᠵᠡᠭᠦᠯᠬᠦ ᠰᠢᠶᠠᠨ 12 ᠪᠠᠶᠢᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ | ᠵᠢᠱᠢᠶ᠎ᠡ ᠦᠵᠡᠭᠦᠯᠬᠦ ᠰᠢᠶᠠᠨ 8 ᠪᠠᠶᠢᠵᠤ᠂ ᠲᠥᠪ ᠤᠨ ᠲᠤᠰᠠᠯᠠᠮᠵᠢ ᠶᠢᠨ ᠪᠡᠯᠡ ᠮᠥᠩᠭᠦ ᠶᠢ 1150 ᠲᠦᠮᠡᠨ | ᠲᠥᠭᠦᠷᠢᠭ ᠤᠯᠪᠠ᠃ ᠡᠷᠬᠢᠯᠡᠭᠰᠡᠨ ᠠᠵᠢᠯ ᠤᠨ ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠢ 5769 ᠬᠥᠮᠦᠨ | ᠪᠤᠯᠪᠠᠰᠤᠷᠠᠭᠤᠯᠬᠤ ᠪᠠᠷ ᠲᠦᠯᠦᠪᠯᠡᠪᠡ᠃ ᠣᠳᠣᠬᠠᠨ ᠳᠤ ᠬᠦᠮᠦᠵᠢᠭᠦᠯᠬᠦ ᠠᠵᠢᠯ ᠶᠠᠭ ᠲᠥᠯᠥᠪᠯᠡᠭᠡ ᠶᠣᠰᠣᠭᠠᠷ | ᠶᠠᠪᠤᠭᠳᠠᠵᠤ ᠪᠠᠶᠢᠨ᠎ᠠ᠃ | ᠳᠥᠷᠪᠡ ᠳᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠮᠡᠳᠡᠯᠭᠡ ᠰᠢᠨᠡᠳᠭᠡᠬᠦ | ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠭᠦᠯᠪᠡ᠃ ᠲᠠᠷᠢᠶᠠᠯᠠᠩ ᠤᠨ ᠮᠡᠷᠭᠡᠵᠢᠯ ᠤᠨ ᠭᠤᠣᠯᠯᠠᠭᠴᠢ ᠬᠥᠮᠦᠰ ᠢ | ᠪᠣᠯᠪᠠᠰᠤᠷᠠᠭᠤᠯᠬᠤ ᠠᠵᠢᠯ ᠢ ᠶᠠᠪᠤᠭᠳᠠᠭᠤᠯᠵᠤ᠂ ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠤᠨ | ᠪᠤᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠦᠰᠢᠭᠯᠡᠨ᠂ ᠣᠷᠣᠨ ᠪᠦᠰᠡ ᠬᠤᠪᠢᠶᠠᠨ᠂ ᠠᠵᠤ ᠦᠢᠯᠡᠰ | ᠬᠤᠪᠢᠶᠠᠨ ᠮᠡᠷᠭᠡᠵᠢᠯ ᠰᠤᠯᠢᠯᠴᠠᠬᠤ᠂ ᠰᠤᠳᠤᠯᠤᠨ ᠰᠤᠷᠤᠯᠴᠠᠬᠤ᠂ ᠳᠡᠯᠭᠡᠨ ᠦᠵᠡᠭᠦᠯᠬᠦ ᠵᠡᠷᠭᠡ ᠠᠵᠢᠯᠯᠠᠭ᠎ᠠ | ᠥᠷᠨᠢᠭᠦᠯᠵᠦ ᠂ ᠪᠦᠬᠦ ᠵᠢᠯ ᠳᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ 10000 | ᠬᠥᠮᠦᠨ ᠤᠳᠠᠭ᠎ᠠ ᠠᠴᠠ ᠳᠡᠭᠡᠭᠰᠢ ᠪᠤᠯᠪᠠᠰᠤᠷᠠᠭᠤᠯᠬᠤ ᠪᠠᠷ ᠲᠦᠯᠦᠪᠯᠡᠪᠡ᠃ |