ᠲᠡᠯᠡᠬᠡᠢ ᠶᠢᠨ ᠲᠤᠮᠳᠠᠳᠤᠴᠤᠳ ᠤᠨ ᠲᠤᠤᠷ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠬᠦᠬᠡᠬᠤᠳᠠ ᠳᠤ ᠡᠬᠢᠯᠡᠵᠠᠢ  ᠷᠧᠨ ᠶᠠ ᠫᠢᠩ ᠡᠬᠢᠯᠡᠯᠲᠡ ᠶᠢᠨ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2015/8/21
     8 ᠳ᠋ᠤᠭᠠᠷ ᠰᠠᠷ᠎ᠠ ᠶᠢᠨ 20᠎ ᠤ ᠡᠳᠦᠷ᠂ ᠲᠡᠯᠡᠬᠡᠢ ᠶᠢᠨ ᠲᠤᠮᠳᠠᠳᠤᠴᠤᠳ ᠤᠨ ᠲᠤᠤᠷ ᠪᠦᠮᠪᠦᠭᠡ ᠶᠢᠨ ᠬᠠᠮᠳᠤᠷᠠᠭᠰᠠᠠ ᠬᠤᠯᠪᠤᠭ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠶᠡᠷᠦᠩᠬᠡᠢ ᠨᠡᠶᠢᠬᠡᠮᠯᠢᠭ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠤᠷ ᠪᠦᠮᠪᠦᠭᠡ ᠶᠢᠨ ᠨᠡᠶᠢᠬᠡᠮᠯᠢᠭ ᠠᠴᠠ ᠭᠤᠤᠯᠯᠠᠨ ᠡᠷᠬᠢᠯᠡᠵᠤ᠂ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠡ 2015 ᠣᠨ ᠤ ᠲᠡᠯᠡᠬᠡᠢ ᠶᠢᠨ ᠲᠤᠮᠳᠠᠳᠤᠴᠤᠳ ᠤᠨ ᠲᠤᠤᠷ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠬᠦᠬᠡᠬᠤᠳᠠ ᠳᠤ ᠶᠠᠪᠤᠭᠳᠠᠵᠦ ᠡᠬᠢᠯᠡᠪᠠ᠃      ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ ᠡᠬᠢᠯᠡᠯᠳᠠ ᠶᠢᠨ ᠶᠤᠰᠤᠯᠠᠯ ᠳᠤ ᠤᠷᠤᠯᠴᠠᠵᠤ ᠤᠷᠤᠯᠳᠤᠭᠠᠨ ᠡᠬᠢᠯᠡᠭᠰᠡᠡ ᠢ ᠵᠠᠷᠯᠠᠵᠠᠢ᠃ ᠲᠡᠯᠡᠬᠡᠢ ᠶᠢᠨ ᠲᠤᠮᠳᠠᠳᠤᠴᠤᠳ ᠤᠨ ᠲᠤᠤᠷ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠪᠤᠯ ᠪᠦᠬᠦ ᠲᠡᠯᠡᠬᠡᠢ ᠶᠢᠨ ᠲᠤᠮᠳᠠᠳᠤᠴᠤᠳ ᠲᠤ ᠢᠳᠡᠪᠬᠢᠳᠠᠢ ᠡᠷᠡᠭᠦᠯ ᠴᠢᠬᠢᠷᠠᠭ ᠤᠨ ᠵᠤᠷᠢᠭ ᠰᠠᠨᠠᠭ᠎ᠠ ᠶᠢ ᠤᠯᠠᠮᠵᠢᠯᠠᠠ᠂ ᠨᠠᠩ ᠤᠯᠠᠨ ᠲᠤᠤᠷ ᠪᠦᠮᠪᠦᠭᠡ ᠶᠢᠨ ᠪᠠᠭ᠋ᠠᠳᠠᠳ ᠲᠠᠢ ᠨᠠᠶᠢᠵᠢᠯᠠᠬᠤ ᠲᠤᠮᠤ ᠲᠠᠪᠴᠠᠩ ᠢ ᠬᠠᠩᠭᠠᠬᠰᠠᠠ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠤᠷᠤᠯᠳᠤᠭᠠᠨ ᠪᠤᠯᠤᠨ᠎ᠠ᠃ 2011 ᠣᠨ ᠳᠤ ᠸᠧᠨ᠋ᠵᠸᠤ ᠬᠤᠳᠠ ᠳᠤ ᠠᠩᠬ᠎ᠠ ᠤᠳᠠᠭ᠎ᠠ ᠶᠠᠪᠤᠭᠳᠠᠭᠰᠠᠠ ᠠᠴᠠ ᠬᠤᠶᠢᠰᠢ 2014 ᠣᠨ ᠳᠤ ᠲᠠᠶᠢᠵᠸᠤ ᠬᠤᠳᠠ ᠡᠷᠬᠢᠯᠡᠵᠡᠢ᠃ 2015 ᠣᠨ ᠳᠤ ᠡᠨᠡᠬᠦ ᠲᠦᠷᠦᠯ ᠤᠨ ᠤᠷᠤᠯᠳᠤᠭᠠᠨ ᠢ ᠠᠩᠬ᠎ᠠ ᠤᠳᠠᠭ᠎ᠠ ᠦᠪᠦᠷ ᠮᠤᠩᠭᠤᠯ ᠳᠤ ᠡᠷᠬᠢᠯᠡᠵᠤ᠂ ᠬᠦᠬᠡᠬᠤᠳᠠ ᠳᠤ ᠡᠬᠢᠯᠡᠯᠳᠠ ᠶᠢᠨ ᠶᠤᠰᠤᠯᠠᠯ ᠪᠠ ᠠᠩᠬᠠᠨ ᠤ ᠨᠤᠭᠤᠯᠤᠭ᠎ᠠ ᠤᠷᠤᠯᠳᠤᠭᠠᠨ ᠢᠶᠠᠨ ᠶᠠᠪᠤᠭᠳᠠᠭᠤᠯᠤᠭᠰᠠᠠ ᠤ ᠲᠠᠷᠠᠭ᠎ᠠ 8 ᠳ᠋ᠤᠭᠠᠷ ᠰᠠᠷ᠎ᠠ ᠶᠢᠨ 22᠎ ᠤᠨ ᠡᠳᠦᠷ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤᠨ ᠳᠤ ᠰᠢᠢᠳᠪᠤᠷᠢᠳᠤ ᠤᠷᠤᠯᠳᠤᠭᠠᠨ ᠪᠠ ᠲᠡᠬᠦᠰᠬᠦ ᠶᠤᠰᠤᠯᠠᠯ ᠢᠶᠠᠨ ᠶᠠᠪᠤᠭᠳᠠᠭᠤᠯᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号