8 ᠳ᠋ᠤᠭᠠᠷ ᠰᠠᠷ᠎ᠠ ᠶᠢᠨ 20 ᠤ ᠡᠳᠦᠷ᠂ ᠮᠠᠨ ᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠵᠢᠩᠬᠢᠨᠢ ᠪᠠᠷ ᠨᠡᠪᠲᠡᠷᠡᠯ᠎ᠡ᠃ ᠥᠪᠡᠷᠲᠡᠭᠡᠨ ᠵᠠᠰᠠᠬᠤ | ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠭᠤᠣᠯ ᠬᠤᠷᠠᠯ ᠤᠨ ᠲᠠᠯᠠᠪᠠᠢ ᠶᠢᠨ ᠡᠬᠢᠯᠡᠯᠲᠡ ᠵᠨ ᠶᠣᠰᠤᠯᠠᠯ ᠳᠤ | ᠣᠷᠣᠯᠴᠠᠭᠰᠠᠨ ᠪᠦᠭᠡᠳ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠵᠢᠩᠬᠢᠨᠢ ᠪᠠᠷ ᠨᠡᠪᠲᠡᠷᠡᠭᠰᠡᠨ ᠢ ᠵᠠᠷᠯᠠᠵᠠᠢ᠃ | ᠲᠠᠨᠢᠯᠴᠠᠭᠤᠯᠤᠭᠰᠠᠨ ᠢᠶᠠᠷ᠂ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠨᠢ ᠪᠦᠬᠦ ᠬᠤᠲᠠ ᠶᠢᠨ ᠬᠤᠯᠪᠤᠭᠠᠯᠠᠨ ᠬᠦᠳᠡᠯᠦᠯᠴᠡᠬᠦ ᠪᠠᠷ ᠳᠠᠮᠵᠢᠭᠠᠳ ︽1+9+N︾ | ᠤᠨ ᠲᠠᠪᠴᠠᠩ ᠤᠨ ᠰᠦᠯᠵᠢᠶᠡᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠂ | ᠲᠣᠬᠠᠶᠢᠯᠠᠪᠠᠯ ᠬᠦᠬᠡᠬᠤᠲᠠ ᠶᠢᠨ ᠲᠠᠪᠴᠠᠩ ᠢᠶᠠᠷ ᠳᠠᠭᠠᠭᠤᠯᠤᠭᠴᠢ ᠪᠣᠯᠭᠠᠨ᠂ 9 ᠬᠤᠰᠢᠭᠤ ᠰᠢᠶᠠᠨ ᠲᠣᠭᠤᠷᠢᠭ ᠤᠨ | ᠴᠣᠩᠬᠤᠪᠴᠢ ᠲᠠᠪᠴᠠᠩ ᠢᠶᠠᠷ ᠲᠦᠰᠢᠭ ᠪᠣᠯᠭᠠᠵᠤ᠂ N ᠠᠵᠤ ᠦᠢᠯᠡᠰ ᠤᠨ ᠴᠤᠭᠯᠠᠷᠠᠯ ︵ᠬᠦᠷᠢᠶᠡᠯᠡᠩ ᠲᠣᠭᠤᠷᠢᠭ︶ | ᠤᠨ ᠴᠣᠩᠬᠤᠪᠴᠢ ᠲᠠᠪᠴᠠᠩ ᠢᠶᠠᠷ ᠪᠣᠷᠣ ᠲᠥᠯᠥᠪ ᠪᠣᠯᠭᠠᠭᠠᠳ᠂ ᠪᠦᠬᠦ ᠬᠤᠲᠠ ᠶᠢᠨ ᠰᠠᠭᠤᠷᠢ ᠰᠦᠯᠵᠢᠶ᠎ᠡ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠷᠢᠯᠴᠠᠨ ᠡᠳ᠋ᠯᠡᠬᠦ᠂ ᠡᠬᠢ ᠪᠠᠶᠠᠯᠢᠭ ᠢ | ᠨᠢᠭᠡᠳᠦᠯᠲᠡᠶ ᠲᠥᠯᠥᠪᠯᠡᠬᠦ᠂ ᠦᠢᠯᠡᠴᠢᠯᠡᠭᠡᠨ ᠤ ᠬᠠᠮᠵᠢᠯᠴᠠᠭ᠎ᠠ ᠶᠢ ᠪᠡᠶᠡᠯᠡᠭᠦᠯᠵᠦ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠳᠤ ︽ᠡᠷᠢᠬᠦ ᠳᠤ ᠳᠦᠭᠦᠮ᠂ ᠬᠡᠷᠡᠭᠯᠡᠵᠦ ᠲᠡᠶᠢᠯᠬᠦ᠂ ᠪᠠᠲᠤᠯᠠᠭ᠎ᠠ ᠲᠠᠢ︾ ᠦᠢᠯᠡᠴᠢᠯᠡᠭᠡ ᠬᠠᠩᠭᠠᠬᠤ | ᠪᠣᠯᠣᠨ᠎ᠠ᠃ | |