ᠬᠥᠬᠡᠬᠤᠲᠠ ᠵᠡᠭᠦᠨᠭᠠᠷ ᠤᠨ ᠲᠡᠮᠦᠷ ᠵᠠᠮ ᠰᠤᠨᠳᠠᠯᠠᠭᠰᠠᠨ ᠣᠨᠴᠠ ᠲᠣᠮᠣ ᠬᠥᠭᠦᠷᠭᠡ ᠶᠢᠨ ᠦᠷᠭᠦᠯᠵᠢᠯᠡᠭᠰᠡᠨ ᠨᠢᠷᠤᠭᠤ ᠶᠢ ᠡᠷᠭᠢᠯᠳᠦᠭᠦᠯᠦᠨ ᠤᠷᠤᠭᠰᠢᠲᠠᠢ ᠨᠡᠶᠢᠯᠡᠭᠦᠯᠪᠡ
ᠨᠡᠶᠢᠲᠡᠯᠡᠭᠰᠡᠨ ᠴᠠᠭ᠄
2015/8/21
     8 ᠳ᠋ᠤᠭᠠᠷ ᠰᠠᠷ᠎ᠠ ᠶᠢᠨ 20᠎ ᠤ ᠡᠳᠦᠷ᠂ ᠬᠥᠬᠡᠬᠤᠲᠠ ᠵᠡᠭᠦᠨᠭᠠᠷ ᠣᠷᠳᠣᠰ ᠤᠨ ᠲᠡᠮᠦᠷ ᠵᠠᠮ ᠤᠨ ᠬᠥᠬᠡᠬᠤᠲᠠ ᠵᠡᠭᠦᠨᠭᠠᠷ ᠤᠨ ᠲᠡᠮᠦᠷ ᠵᠠᠮ ᠰᠤᠨᠳᠠᠯᠠᠭᠰᠠᠨ ᠣᠨᠴᠠ ᠲᠣᠮᠣ ᠬᠥᠬᠦᠷᠬᠡ ᠶᠢᠨ 47#᠂ 48# ᠲᠤᠯᠭᠠᠭᠤᠷ ᠤᠨ ᠬᠥᠭᠦᠷᠭᠡ ᠶᠢᠨ ᠡᠷᠭᠢᠯᠳᠦᠭᠦᠯᠬᠦ ᠪᠠᠷᠢᠯᠭ᠎ᠠ ᠤᠷᠤᠭᠰᠢᠲᠠᠶ ᠨᠡᠶᠢᠯᠡᠪᠡ᠃      ᠬᠥᠬᠡᠬᠤᠲᠠ ᠵᠡᠭᠦᠨᠭᠠᠷ ᠣᠷᠳᠣᠰ ᠤᠨ ᠲᠡᠮᠦᠷ ᠵᠠᠮ ᠤᠨ ᠬᠥᠬᠡᠬᠤᠲᠠ ᠵᠡᠭᠦᠨᠭᠠᠷ ᠤᠨ ᠲᠡᠮᠦᠷ ᠵᠠᠮ ᠰᠤᠨᠳᠠᠯᠠᠭᠰᠠᠨ ᠣᠨᠴᠠ ᠲᠣᠮᠣ ᠬᠥᠭᠦᠷᠭᠡ ᠶᠢᠨ ᠪᠦᠬᠦ ᠣᠷᠳᠣ ᠨᠢ 5762 ᠮᠧᠲᠷ ᠪᠠᠶᠢᠵᠤ᠂ ᠬᠥᠬᠡᠬᠤᠲᠠ ᠵᠡᠭᠦᠨᠭᠠᠷ ᠣᠷᠳᠣᠰ ᠤᠨ ᠲᠡᠮᠦᠷ ᠵᠠᠮ ᠢ ᠬᠥᠬᠡᠬᠤᠲᠠ ᠶᠢᠨ ᠡᠮᠦᠨ᠎ᠡ ᠥᠷᠲᠡᠭᠡ ᠳᠤ ᠣᠷᠣᠭᠤᠯᠬᠤ ᠬᠢᠵᠠᠭᠠᠷᠯᠠᠬᠤ ᠴᠢᠨᠠᠷᠲᠠᠶ ᠪᠠᠷᠢᠯᠭ᠎ᠠ ᠪᠣᠯᠤᠨ᠎ᠠ᠃ ᠡᠨᠡ ᠨᠢ 3 ᠵᠤᠷᠪᠤᠰ ᠲᠡᠮᠦᠷ ᠵᠠᠮ ᠤᠨ ᠱᠤᠭᠤᠮ ᠢ ᠳᠠᠪᠠᠵᠤ᠂ ᠲᠤᠰ ᠬᠥᠭᠦᠷᠭᠡ ᠶᠢᠨ ᠡᠷᠭᠢᠯᠳᠦᠭᠦᠯᠬᠦ ᠨᠢᠷᠤᠭᠤ ᠶᠢᠨ ᠣᠷᠳᠣ ᠨᠢ 78m᠎ ᠲᠤ ᠬᠦᠷᠴᠦ᠂ ᠬᠦᠨᠳᠦ ᠶᠢᠨ ᠬᠡᠮᠵᠢᠶ᠎ᠡ ᠨᠢ 4000 ᠳᠣᠨ ᠢ ᠳᠠᠪᠠᠵᠤ᠂ ᠳᠣᠣᠷᠠᠳᠤ ᠲᠠᠯ᠎ᠠ ᠶᠢ ᠨᠢ ᠡᠷᠭᠢᠯᠳᠦᠭᠦᠯᠬᠦ ᠠᠷᠭ᠎ᠠ ᠮᠠᠶ᠋ᠢᠭ ᠢ ᠠᠪᠴᠤ᠂ ᠬᠥᠭᠦᠷᠭᠡᠨ ᠤ ᠲᠤᠯᠭᠠᠭᠤᠷ ᠬᠢᠭᠡᠳ ᠨᠢᠷᠤᠭᠤ ᠶᠢ ᠵᠡᠷᠭᠡᠴᠡᠭᠡ ᠳᠤᠨᠢ ᠴᠠᠭ ᠤᠨ ᠵᠡᠭᠦᠦ ᠳᠠᠭᠠᠤ 30°᠎ ᠢᠶᠠᠷ ᠡᠷᠭᠢᠯᠳᠦᠭᠦᠯᠦᠨ ᠨᠡᠶᠢᠯᠡᠭᠦᠯᠬᠦ ᠶᠢ ᠪᠡᠶᠡᠯᠡᠭᠦᠯᠪᠡ᠃ ᠡᠷᠭᠢᠯᠳᠦᠭᠦᠯᠬᠦ ᠤᠷᠠᠨ ᠳᠠᠷᠬ᠎ᠠ ᠶᠢ ᠬᠡᠷᠡᠭᠯᠡᠨ ᠪᠠᠷᠢᠯᠭ᠎ᠠ ᠶᠢ ᠪᠠᠷᠢᠬᠤ ᠪᠠᠷ ᠳᠠᠮᠵᠢᠭᠠᠳ᠂ ᠵᠥᠪᠬᠡᠨ 6 ᠡᠳᠦᠷ ᠤᠨ ᠴᠠᠭ ᠬᠡᠷᠡᠭᠰᠡᠵᠦ ᠤᠤᠯ ᠤᠨ ᠪᠠᠷᠢᠯᠭ᠎ᠠ ᠪᠠᠷᠢᠬᠤ ᠠᠷᠭ᠎ᠠ ᠶᠢᠨ 90 ᠡᠳᠦᠷ ᠤᠨ ᠠᠵᠢᠯᠯᠠᠬᠤ ᠠᠵᠢᠯ ᠤᠨ ᠬᠡᠮᠵᠢᠶ᠎ᠡ ᠶᠢ ᠪᠡᠶᠡᠯᠡᠭᠦᠯᠵᠦ᠂ ᠬᠥᠭᠦᠷᠭᠡᠨ ᠳᠣᠣᠷ᠎ᠠ ᠪᠠᠶᠢᠭ᠎ᠠ ᠲᠡᠮᠦᠷ ᠵᠠᠮ ᠤᠨ ᠬᠡᠪ ᠤᠨ ᠶᠣᠰᠣᠭᠠᠷ ᠲᠡᠭᠡᠭᠡᠪᠦᠷᠢᠯᠡᠬᠦ ᠳᠤ ᠦᠵᠡᠭᠦᠯᠬᠦ ᠨᠥᠯᠥᠭᠡ ᠶᠢ ᠶᠡᠭᠡ ᠪᠠᠷ ᠪᠠᠭᠠᠰᠬᠠᠪᠠ᠃      ᠬᠥᠬᠡᠬᠤᠲᠠ ᠵᠡᠭᠦᠨᠭᠠᠷ ᠣᠷᠳᠣᠰ ᠤᠨ ᠲᠡᠮᠦᠷ ᠵᠠᠮ ᠪᠣᠯ ᠤᠯᠤᠰ ᠤᠨ ︽ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾᠎ ᠳᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠴᠢᠬᠤᠯᠠ ᠲᠡᠮᠦᠷ ᠵᠠᠮ ᠪᠠᠶᠢᠵᠤ᠂ ᠳᠤᠮᠳᠠᠳᠤ ᠤᠯᠤᠰ ᠤᠨ ᠲᠡᠮᠦᠷ ᠵᠠᠮ ᠤᠨ ᠶᠡᠷᠦᠩᠬᠡᠶ ᠺᠣᠮᠫᠠᠨᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠮᠲᠤᠪᠡᠷ ᠪᠡᠯᠡ ᠴᠤᠭᠯᠠᠭᠤᠯᠤᠨ ᠪᠦᠲᠦᠭᠡᠨ ᠪᠠᠶᠢᠭᠤᠯᠵᠤ᠂ ᠤᠯᠤᠰ ᠤᠨ ᠲᠡᠮᠦᠷ ᠵᠠᠮ ᠤᠨ I ᠳᠡᠰ ᠤᠨ ᠬᠤᠣᠰ ᠱᠤᠭᠤᠮᠲᠤ ᠴᠠᠬᠢᠯᠭᠠᠨᠵᠢᠭᠤᠯᠤᠭᠰᠠᠨ ᠲᠡᠮᠦᠷ ᠵᠠᠮ ᠪᠠᠶᠢᠵᠤ᠂ 3.5 ᠵᠢᠯ ᠤᠨ ᠶᠡᠷᠦᠩᠬᠡᠶ ᠪᠠᠷᠢᠯᠭ᠎ᠠ ᠶᠢᠨ ᠬᠤᠭᠤᠴᠠᠭ᠎ᠠ ᠲᠠᠢ᠂ ᠵᠠᠮ ᠱᠤᠭᠤᠮ ᠤᠨ ᠪᠦᠬᠦ ᠣᠷᠳᠣ ᠨᠢ 243 ᠺᠢᠯᠣᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 188 ᠳ᠋ᠦᠩᠰᠢᠭᠤᠷ ᠲᠥᠭᠦᠷᠢᠭ᠂ ᠵᠢᠯ ᠤᠨ ᠲᠡᠭᠡᠭᠡᠪᠦᠷᠢᠯᠡᠬᠦ ᠴᠢᠳᠠᠪᠤᠷᠢ ᠨᠢ 1.5 ᠳ᠋ᠦᠩᠰᠢᠭᠤᠷ ᠲᠣᠨ ᠳᠤ ᠬᠦᠷᠴᠦ᠂ 2013 ᠣᠨ ᠳᠤ ᠠᠵᠢᠯ ᠡᠬᠢᠯᠡᠭᠦᠯᠵᠦ᠂ ᠣᠳᠣᠬᠠᠨ ᠳᠤ ᠡᠭᠦᠷᠭᠡ ᠶᠢᠨ ᠢᠶᠠᠨ ᠬᠠᠭᠠᠰ ᠢᠯᠡᠭᠦᠦ ᠪᠡᠶᠡᠯᠡᠭᠦᠯᠵᠦ᠂ ᠵᠢᠱᠢᠯᠲᠡ ᠪᠠᠷ 2016 ᠣᠨ ᠤ12 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠤᠨ ᠲᠡᠷᠭᠡ ᠨᠡᠪᠲᠡᠷᠡᠭᠦᠯᠬᠦ ᠪᠣᠯᠣᠨ᠎ᠠ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠨᠢᠩ ᠪᠣᠭᠤᠲᠣ ᠶᠢᠨ ᠲᠡᠮᠦᠷ ᠵᠠᠮ ᠤᠨ ᠬᠤᠶᠠᠳᠤᠭᠠᠷ ᠬᠤᠣᠰ ᠱᠤᠭᠤᠮ᠂ ᠪᠣᠭᠤᠲᠤ ᠠᠴᠠ ᠰᠢ ᠠᠨ ᠬᠦᠷᠬᠦ ᠲᠡᠮᠦᠷ ᠵᠠᠮ ᠯᠤᠭ᠎ᠠ ᠬᠠᠮᠲᠤ ᠬᠥᠬᠡᠬᠤᠲᠠ ᠪᠤᠭᠤᠲᠤ ᠣᠷᠳᠣᠰ ᠤᠨ ᠲᠣᠭᠤᠷᠢᠭ ᠬᠡᠯᠪᠡᠷᠢ ᠪᠦᠬᠦᠢ ᠬᠤᠲᠠ ᠶᠢᠨ ᠬᠤᠭᠤᠷᠣᠨᠳᠣᠬᠢ ᠲᠦᠷᠭᠡᠨ ᠬᠤᠷᠳᠤ ᠶᠢᠨ ᠵᠠᠮ ᠱᠤᠭᠤᠮ ᠪᠣᠯᠵᠤ ᠪᠦᠷᠢᠯᠳᠦᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号