ᠥᠪᠥᠷ ᠵᠠᠰᠠᠭ ᠠᠯᠪᠠᠨ ᠥᠰᠥᠭ ﹇2015﹈ 56 ᠳ᠋ᠤᠭᠠᠷ ᠲᠤᠭᠠᠳᠤ | 2015 ᠣᠨ ᠤ 4 ᠳ᠋ᠣᠭᠡᠷ ᠰᠠᠷ᠎ᠠ ᠶᠢᠨ 13 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠣᠨ ᠤ ᠵᠠᠰᠠᠭ ᠤᠨ ᠣᠷᠳᠣᠨ᠂ ᠦᠪᠡᠷᠳᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠡᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠣ ᠠᠬᠤᠶᠢᠯᠡᠯ᠂ ᠠᠵᠢᠯ ᠦᠢᠯᠡᠰ ᠤᠨ | ᠨᠢᠭᠡᠴᠨ ᠳᠤ᠄ | ︽ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ | ᠰᠠᠨᠠᠭᠤᠯᠭ᠎ᠠ ᠪᠠ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ ᠦᠷ᠎ᠡ ᠳ᠋ᠦᠩ ᠢᠶᠠᠨ | ᠢᠯᠨ ᠪᠠᠷ ᠨᠠᠶᠢᠳᠡᠯᠡᠭᠦ ᠠᠵᠢᠯ ᠤᠨ ᠳᠦᠷᠢᠮᠯᠡᠯ︾ ᠢ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ | ᠣᠷᠳᠣᠨ ᠢᠶᠠᠷ ᠵᠦᠪᠰᠢᠶᠡᠷᠡᠭᠦᠯᠣᠭᠡᠣᠨ᠂ ᠡᠳᠣᠭᠡ ᠲᠠᠨᠠᠷ ᠲᠤ ᠲᠠᠷᠣᠮᠠᠯᠯᠠᠨ ᠶᠠᠪᠣᠭᠤᠯᠣᠯ᠎ᠠ᠂ ᠪᠣᠳᠠᠳᠠᠢ ᠲᠠᠢ ᠪᠠᠨ | ᠣᠶᠠᠯᠳᠣᠭᠤᠯᠣᠨ᠂ ᠬᠢᠨᠠᠮᠠᠭᠠᠢ ᠲᠣᠣᠱᠯᠠᠭᠤᠯᠣᠨ ᠭᠡᠷᠩᠵᠢᠭᠦᠯᠳᠣᠭᠡᠢ᠃ | ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠪᠦᠭᠦ ᠣᠯᠣᠰ ᠤᠨ | ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ | ᠰᠠᠨᠠᠭᠤᠯᠭ᠎ᠠ ᠪᠠ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ | ᠭᠦᠢᠴᠡᠣᠡᠭᠡᠭᠰᠡᠨ ᠦᠷ᠎ᠡ ᠳ᠋ᠦᠩ ᠢᠶᠠᠨ ᠢᠯᠨ ᠪᠠᠷ ᠨᠠᠶᠢᠳᠡᠯᠡᠭᠦ ᠠᠵᠢᠯ ᠤᠨ ᠳᠦᠷᠢᠮᠯᠡᠯ | ︽ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ | ᠰᠠᠨᠠᠭᠤᠯᠭ᠎ᠠ ᠪᠠ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ ᠦᠷ᠎ᠡ ᠳ᠋ᠦᠩ ᠢᠶᠠᠨ | ᠢᠯᠨ ᠪᠠᠷ ᠨᠠᠶᠢᠳᠡᠯᠡᠭᠦ ᠠᠵᠢᠯ ᠢ ᠰᠠᠶᠢᠳᠣᠷ ᠬᠢᠭᠦ ᠲᠣᠬᠠᠢ ᠲᠦᠷᠣ ᠶᠢᠨ ᠶᠠᠪᠣᠳᠠᠯ ᠤᠨ ᠬᠤᠷᠢᠶ᠎ᠠ ᠶᠢᠨ ᠠᠯᠪᠡᠨ | ᠲᠢᠩᠬᠢᠮ ᠤᠨ ᠮᠡᠳᠡᠭᠳᠡᠯ︾ ︵ᠲᠦᠷᠣ ᠠᠯᠪᠡᠨ ᠳᠠᠷᠬᠠᠭᠠᠭᠰᠠᠨ ﹇2014﹈ 46 ᠳ᠋ᠣᠭᠠᠷ ᠲᠣᠭᠠᠳᠣ︶ ᠤᠨ ᠵᠣᠷᠢᠭ | ᠰᠠᠨᠠᠭ᠎ᠠ ᠶᠢ ᠦᠨᠳᠣᠰᠣᠯᠡᠵᠣ᠂ ᠲᠣᠰ ᠠᠵᠢᠯ ᠤᠨ ᠳᠦᠷᠢᠮᠯᠡᠯ ᠢ ᠲᠣᠭᠳᠠᠭᠠᠪᠠ᠃ | ᠨᠢᠭᠡ᠂ ᠢᠯᠨ ᠪᠠᠷ ᠨᠡᠶᠢᠳᠡᠯᠡᠭᠦ ᠭᠦᠷᠢᠶ᠎ᠡ ᠭᠡᠪᠴᠢᠶ᠎ᠠ | ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠦᠭᠦ | ᠣᠯᠣᠰ ᠤᠨ ᠣᠯᠣᠰ ᠲᠦᠷᠣ ᠶᠢᠨ ᠵᠦᠪᠯᠡᠯᠭᠡᠨ ᠠᠴᠠ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ | ᠣᠷᠳᠣᠨ ᠳᠤ ᠲᠤᠰᠢᠶᠠᠵᠤ ᠲᠤᠰᠠᠭᠠᠷ ᠭᠦᠢᠴᠡᠳᠬᠡᠯᠭᠡᠭᠰᠡᠨ᠂ ᠭᠤᠣᠯᠴᠢᠯᠠᠨ ᠭᠦᠢᠴᠡᠳᠬᠡᠯᠭᠡᠭᠰᠡᠨ ᠪᠠ ᠬᠤᠪᠢᠳᠠᠨ | ᠭᠦᠢᠴᠡᠳᠬᠡᠯᠭᠡᠭᠰᠡᠨ᠂ ᠣᠯᠠᠨ ᠨᠠᠶᠢᠳᠠ ᠶᠢᠨ ᠠᠰᠢᠭ ᠲᠣᠰᠨ᠂ ᠣᠯᠠᠨ ᠨᠡᠶᠢᠲᠡ ᠶᠢᠨ ᠡᠷᠭᠡ ᠠᠰᠢᠭ᠂ ᠨᠠᠶᠢᠭᠡᠮ | ᠨᠠᠶᠢᠳᠠ ᠶᠢᠨ ᠠᠩᠬᠠᠷᠴᠤ ᠪᠠᠶᠢᠭ᠎ᠠ ᠶᠠᠪᠤᠳᠠᠯ ᠳᠤ ᠬᠤᠯᠪᠤᠭᠳᠠᠭᠰᠠᠨ ᠵᠢᠴᠢ ᠨᠠᠶᠢᠭᠡᠮ ᠳᠠᠶᠠᠭᠠᠷ ᠲᠤ ᠦᠷᠭᠡᠨ ᠢᠶᠠᠷ | ᠮᠡᠳᠡᠭᠦᠯᠭᠦ ᠴᠢᠬᠤᠯᠠᠲᠠᠢ ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ | ᠲᠦᠯᠣᠭᠡᠯᠡᠭᠴᠢ ᠶᠢᠨ ᠰᠠᠨᠠᠭᠤᠯᠭ᠎ᠠ ᠪᠠ ᠪᠦᠭᠦ ᠣᠯᠣᠰ ᠤᠨ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ | ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ᠂ ᠦᠪᠡᠷᠳᠡᠭᠡᠨ ᠵᠠᠰᠠᠬᠤ ᠣᠷᠣᠨ ᠠᠴᠠ ᠠᠷᠠᠣᠨ ᠤᠨ ᠵᠠᠰᠠᠭ ᠤᠨ | ᠣᠷᠳᠣᠨ ᠤ ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ | ᠰᠠᠨᠠᠭᠤᠯᠭ᠎ᠠ ᠪᠠ ᠪᠦᠭᠦ ᠣᠯᠣᠰ ᠤᠨ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ | ᠶᠠᠷᠣᠩᠬᠡᠢ ᠪᠠᠶᠢᠳᠠᠯ᠂ ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ | ᠪᠣᠯᠣᠨ ᠪᠦᠭᠦ ᠣᠯᠣᠰ ᠤᠨ ᠣᠯᠣᠰ ᠲᠦᠷᠣ ᠶᠢᠨ ᠵᠦᠪᠯᠡᠯᠭᠡᠨ ᠤ ᠭᠡᠰᠢᠭᠦᠨ ᠤ ᠰᠠᠨᠠᠯ ᠰᠠᠨᠠᠭᠤᠯᠭ᠎ᠠ ᠶᠢ ᠬᠦᠯᠢᠶᠡᠨ | ᠠᠪᠴᠤ ᠬᠡᠷᠡᠭᠯᠡᠭᠰᠡᠨ ᠪᠠᠶᠢᠳᠠᠯ ᠵᠢᠴᠢ ᠬᠠᠮᠢᠶ᠎ᠡ ᠪᠦᠭᠦᠢ ᠠᠵᠢᠯ ᠤᠨ ᠭᠦᠳᠣᠯᠣᠯ ᠪᠠᠶᠢᠳᠠᠯ ᠵᠡᠷᠭᠡ ᠠᠭᠤᠯᠭ᠎ᠠ ᠶᠢ | ᠢᠯᠨ ᠪᠠᠷ ᠨᠡᠶᠢᠲᠡᠯᠡᠨ᠎ᠡ᠃ | ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠠᠴᠠ ᠬᠠᠮᠲᠤᠷᠠᠨ ᠭᠦᠢᠴᠡᠳᠬᠡᠭᠰᠡᠨ | ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ ᠪᠠ | ᠪᠦᠭᠦ ᠣᠯᠣᠰ ᠤᠨ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠪᠣᠯ ᠭᠤᠣᠯᠴᠢᠯᠠᠨ ᠭᠦᠢᠴᠡᠳᠬᠡᠭᠰᠡᠨ | ᠨᠢᠭᠡᠴᠨ ᠨᠢ ᠢᠯᠨ ᠪᠠᠷ ᠨᠠᠶᠢᠳᠡᠯᠡᠭᠦ ᠶᠠᠪᠤᠳᠠᠯ ᠢ ᠬᠠᠷᠢᠭᠤᠴᠠᠨ᠎ᠠ᠃ | ᠰᠠᠨᠠᠭᠤᠯᠭ᠎ᠠ ᠪᠠ ᠳᠤᠷᠠᠳᠤᠯᠭ᠎ᠠ ᠶᠢ ᠭᠦᠢᠴᠡᠳᠬᠡᠭᠰᠡᠨ ᠬᠠᠷᠢᠭᠤ ᠥᠭᠬᠦ ᠪᠢᠴᠢᠭ ᠲᠤ ᠣᠯᠣᠰ ᠤᠨ ᠠᠵᠣ ᠠᠬᠤᠢ | ᠨᠠᠶᠢᠭᠡᠮ ᠤᠨ ᠭᠦᠭᠵᠢᠯᠳᠠ ᠶᠢᠨ ᠴᠢᠬᠤᠯᠨ ᠲᠦᠷᠣ ᠶᠢᠨ ᠪᠣᠳᠣᠯᠭ᠎ᠠ ᠪᠠ ᠴᠢᠬᠤᠯᠨ ᠶᠡᠭᠡ ᠦᠭᠡᠷᠡᠴᠢᠯᠡᠯᠳᠠ ᠶᠢᠨ ᠠᠷᠭ᠎ᠠ | ᠭᠡᠮᠵᠢᠶ᠎ᠠ ᠬᠤᠯᠪᠣᠭᠳᠠᠭᠰᠠᠨ ᠪᠠᠶᠢᠪᠠᠯ᠂ ᠢᠯᠨ ᠪᠠᠷ ᠨᠠᠶᠢᠳᠡᠯᠡᠭᠦ ᠳᠡᠭᠡᠨ ᠲᠠᠶᠢᠯᠤᠮᠵᠢ ᠶᠢᠨ ᠮᠠᠲ᠋ᠧᠷᠢᠶᠠᠯ ᠢ ᠬᠠᠪᠰᠣᠷᠭᠠᠵᠣ | ᠪᠣᠯᠣᠨ᠎ᠠ᠃ ᠣᠯᠣᠰ ᠤᠨ ᠨᠢᠭᠤᠴᠨ ᠲᠠᠢ ᠬᠤᠯᠪᠣᠭᠳᠠᠭᠰᠠᠨ ᠪᠠᠶᠢᠪᠠᠯ᠂ ᠬᠠᠣᠯᠢ ᠶᠣᠰᠣᠭᠠᠷ ᠢᠯᠨ ᠪᠠᠷ ᠨᠠᠶᠢᠳᠡᠯᠡᠭᠦ | ᠦᠭᠡᠢ᠃ | ᠬᠤᠶᠠᠷ᠂ ᠢᠯᠨ ᠪᠠᠷ ᠨᠠᠶᠢᠳᠡᠯᠡᠭᠦ ᠠᠯᠬᠤᠮ ᠳᠠᠷᠠᠭᠠᠯᠠᠯ | ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ | ᠪᠠ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ ᠦᠷ᠎ᠡ ᠳ᠋ᠦᠩ ᠢᠶᠠᠨ ᠢᠯᠨ ᠪᠠᠷ | ᠨᠠᠶᠢᠳᠡᠯᠡᠭᠦ ᠠᠵᠢᠯ ᠢ ᠬᠤᠶᠠᠷ ᠱᠠᠳᠣ ᠦᠶ᠎ᠡ ᠬᠤᠪᠢᠶᠠᠵᠣ ᠬᠡᠷᠡᠭᠵᠢᠭᠦᠯᠦᠨ᠎ᠡ᠃ | ᠨᠢᠭᠡᠳᠣᠭᠡᠷ ᠱᠠᠳᠣ ᠦᠶ᠎ᠡ ︵2015 ᠣᠨ ᠠᠴᠠ 2017 ᠣᠨ ᠪᠣᠯᠳᠠᠯ᠎ᠠ︶᠄ ᠰᠠᠨᠠᠭᠤᠯᠭ᠎ᠠ ᠪᠠ | ᠳᠤᠷᠠᠳᠤᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢ ᠲᠣᠪᠴᠢᠯᠠᠨ ᠢᠯᠨ ᠪᠠᠷ ᠨᠠᠶᠢᠳᠡᠯᠠᠨ᠎ᠠ᠃ | ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠤᠨ ᠭᠤᠣᠯ ᠠᠭᠤᠯᠭ᠎ᠠ ᠶᠢ ᠢᠯᠨ ᠪᠠᠷ ᠨᠡᠶᠢᠲᠡᠯᠡᠬᠦ ᠳᠤ᠂ ᠬᠠᠷᠢᠭᠤ ᠥᠭᠬᠦ | ᠪᠢᠴᠢᠭ ᠤᠨ ᠳ᠋ᠣᠭᠠᠷ᠂ ᠪᠦᠭᠦ ᠤᠯᠤᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ | ᠪᠣᠯᠣᠨ ᠣᠯᠣᠰ ᠲᠦᠷᠣ ᠶᠢᠨ ᠵᠦᠪᠯᠡᠯᠭᠡᠨ ᠤ ᠭᠡᠰᠢᠭᠦᠨ ᠤ ᠣᠪᠣᠭ ᠨᠠᠷᠠ ᠵᠢᠴᠢ ᠬᠠᠷᠢᠯᠴᠠᠬᠤ ᠠᠷᠭ᠎ᠠ ᠮᠠᠶ᠋ᠢᠭ᠂ | ᠬᠠᠭᠤᠯᠣᠨ ᠢᠯᠡᠭᠡᠭᠦ ᠭᠦᠷᠢᠶ᠎ᠡ ᠭᠡᠪᠴᠢᠶ᠎ᠡ ᠵᠡᠷᠭᠡ ᠶᠢ ᠢᠯᠨ ᠪᠠᠷ ᠨᠠᠶᠢᠳᠡᠯᠡᠭᠦ ᠦᠭᠡᠢ᠃ ᠠᠭᠤᠯᠭ᠎ᠠ ᠨᠢ ᠬᠠᠷᠢᠯᠴᠠᠨ | ᠠᠳᠠᠯᠢᠪᠲᠤᠷ ᠪᠣᠶᠣ ᠬᠠᠷᠢᠯᠴᠠᠨ ᠦᠢᠷᠡᠯᠴᠠᠭᠠ ᠪᠠᠶᠢᠬᠤ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ | ᠬᠠᠷᠢᠭᠤ ᠥᠭᠬᠦ ᠪᠢᠴᠢᠭ ᠢᠶᠠᠨ ᠨᠠᠶᠢᠯᠡᠭᠦᠯᠣᠨ ᠲᠣᠪᠴᠢᠯᠠᠭᠠᠳ ᠢᠯᠨ ᠪᠠᠷ ᠨᠠᠶᠢᠳᠡᠯᠡᠵᠣ ᠪᠣᠯᠣᠨ᠎ᠠ᠃ | ᠬᠤᠶᠠᠳᠣᠭᠠᠷ ᠱᠠᠳᠣ ᠦᠶ᠎ᠡ ︵2017 ᠣᠨ ᠠᠴᠠ ᠡᠬᠢᠯᠡᠨ᠎ᠠ︶᠄ ᠨᠢᠭᠡᠳᠣᠭᠡᠷ ᠱᠠᠳᠣ ᠦᠶ᠎ᠡ ᠶᠢᠨ | ᠠᠵᠢᠯ ᠢᠶᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ | ᠥᠭᠬᠦ ᠪᠢᠴᠢᠭ ᠢᠶᠠᠨ ᠪᠦᠭᠦ ᠠᠭᠤᠯᠭ᠎ᠠ ᠪᠠᠷ ᠨᠢ ᠨᠠᠶᠢᠳᠡᠯᠡᠭᠦ ᠶᠢ ᠠᠬᠢᠭᠤᠯᠣᠨ᠎ᠠ᠃ ᠣᠯᠠᠨ ᠨᠠᠶᠢᠳᠠ ᠶᠢᠨ ᠠᠰᠢᠭ ᠲᠣᠰᠨ | ᠂ ᠣᠯᠠᠨ ᠨᠡᠶᠢᠲᠡ ᠶᠢᠨ ᠡᠷᠭᠡ ᠠᠰᠢᠭ᠂ ᠨᠠᠶᠢᠭᠡᠮ ᠨᠠᠶᠢᠳᠠ ᠪᠠᠷ ᠢᠶᠠᠨ ᠠᠩᠬᠠᠷᠴᠤ ᠪᠠᠶᠢᠭ᠎ᠠ ᠶᠠᠪᠤᠳᠠᠯ ᠳᠤ | ᠬᠤᠯᠪᠤᠭᠳᠠᠭᠰᠠᠨ ᠵᠢᠴᠢ ᠨᠠᠶᠢᠭᠡᠮ ᠳᠠᠶᠠᠭᠠᠷ ᠲᠤ ᠦᠷᠭᠡᠨ ᠢᠶᠠᠷ ᠮᠡᠳᠡᠭᠦᠯᠭᠦ ᠴᠢᠬᠤᠯᠠᠲᠠᠢ ᠰᠠᠨᠠᠭᠤᠯᠭ᠎ᠠ ᠪᠠ | ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢᠶᠠᠨ ᠵᠠᠷᠴᠢᠮ ᠳᠡᠭᠡᠷ᠎ᠡ ᠪᠠᠨ ᠪᠦᠭᠦ ᠠᠭᠤᠯᠭ᠎ᠠ ᠪᠠᠷ ᠨᠢ | ᠢᠯᠡ ᠪᠠᠷ ᠨᠡᠶᠢᠲᠡᠯᠡᠨ᠎ᠡ᠃ ᠭᠡᠰᠡᠭ ᠠᠭᠤᠯᠭ᠎ᠠ ᠨᠢ ᠣᠯᠣᠰ ᠤᠨ ᠨᠢᠭᠤᠴᠨ᠂ ᠬᠤᠳᠠᠯᠳᠣᠭᠠᠨ ᠤ ᠨᠢᠭᠤᠴᠨ ᠪᠣᠯᠣᠨ | ᠬᠤᠪᠢ ᠭᠦᠮᠣᠨ ᠤ ᠨᠢᠭᠤᠴᠨ ᠵᠦᠢᠯᠡᠰ ᠲᠠᠢ ᠬᠤᠯᠪᠣᠭᠳᠠᠵᠣ᠂ ᠢᠯᠨ ᠪᠠᠷ ᠨᠡᠶᠢᠲᠡᠯᠡᠪᠡᠯ ᠣᠯᠣᠰ ᠤᠨ ᠠᠮᠣᠷ | ᠲᠦᠪᠰᠢᠨ᠂ ᠣᠯᠠᠨ ᠨᠠᠶᠢᠳᠠ ᠶᠢᠨ ᠠᠮᠣᠷ ᠲᠦᠪᠰᠢᠨ᠂ ᠠᠵᠣ ᠠᠬᠤᠢ ᠶᠢᠨ ᠠᠮᠣᠷ ᠲᠦᠪᠰᠢᠨ ᠪᠣᠯᠣᠨ ᠨᠠᠶᠢᠭᠡᠮ ᠤᠨ | ᠠᠮᠣᠷ ᠲᠣᠭᠳᠠᠭᠤᠨ ᠢ ᠨᠦᠯᠣᠭᠡᠯᠡᠭᠦ ᠪᠣᠯᠣᠮᠵᠢ ᠲᠠᠢ ᠪᠠᠶᠢᠪᠠᠯ᠂ ︽ᠪᠦᠭᠦᠳᠠ ᠨᠠᠶᠢᠷᠠᠮᠳᠠᠬᠤ ᠲᠣᠮᠳᠠᠳᠣ ᠠᠷᠠᠣᠨ | ᠣᠯᠣᠰ ᠤᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠨ ᠪᠠᠷ ᠨᠠᠶᠢᠳᠡᠯᠡᠭᠦ ᠲᠦᠷᠢᠮ︾ ᠤᠨ ᠬᠠᠮᠢᠶ᠎ᠠ ᠪᠦᠭᠦᠢ | ᠲᠣᠭᠳᠠᠭᠠᠯ ᠢ ᠦᠨᠳᠣᠰᠣᠯᠡᠵᠣ᠂ ᠢᠯᠭᠠᠨ ᠰᠢᠢᠣᠡᠪᠣᠷᠢᠯᠡᠵᠣ ᠪᠣᠯᠬᠤ ᠶᠢ ᠨᠢ ᠠᠯᠢ ᠴᠢᠳᠠᠬᠤ ᠪᠠᠷ ᠢᠯᠭᠠᠨ | ᠰᠢᠢᠳᠪᠦᠷᠢᠯᠡᠵᠦ᠂ ᠬᠠᠣᠯᠢ ᠶᠣᠰᠣᠭᠠᠷ ᠢᠯᠨ ᠪᠠᠷ ᠨᠠᠶᠢᠳᠡᠯᠡᠵᠣ ᠪᠣᠯᠬᠤ ᠠᠭᠤᠯᠭ᠎ᠠ ᠶᠢ ᠨᠢ ᠢᠯᠠ ᠪᠠᠷ ᠨᠡᠶᠢᠲᠡᠯᠡᠨ᠎ᠡ᠃ | 2015 ᠣᠨ ᠠᠴᠠ ᠡᠮᠣᠨᠡᠬᠢ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ | ᠪᠢᠴᠢᠭ ᠢ ᠪᠣᠯ ᠲᠡᠦᠬᠡᠲᠦ ᠴᠢᠨᠠᠷᠳᠠᠢ ᠮᠡᠳᠡᠭᠡ ᠵᠠᠩᠬᠢ ᠶᠢᠨ ᠣᠨᠴᠠᠯᠢᠭ᠂ ᠢᠯᠨ ᠪᠠᠷ ᠨᠠᠶᠢᠳᠡᠯᠡᠭᠦ ᠳᠠᠯ᠎ᠠ ᠪᠠᠷ ᠬᠢ | ᠨᠠᠶᠢᠭᠡᠮ ᠤᠨ ᠨᠦᠯᠣᠭᠡ ᠪᠠ ᠲᠤᠰ ᠪᠡᠶ᠎ᠡ ᠶᠢᠨ ᠠᠵᠢᠯ ᠤᠨ ᠪᠣᠳᠠᠳᠣ ᠪᠠᠶᠢᠳᠠᠯ ᠵᠡᠷᠭᠡ ᠪᠠᠶᠢᠳᠠᠯ ᠢ ᠶᠠᠷᠣᠩᠬᠡᠶᠢᠯᠡᠨ | ᠪᠣᠳᠣᠯᠬᠢᠯᠠᠵᠣ᠂ ᠲᠦᠪ ᠭᠤᠣᠯᠴᠢ᠂ ᠡᠷᠭᠡ ᠳᠡᠭᠰᠢ ᠪᠠ ᠠᠷᠠᠣᠨ ᠲᠤ ᠲᠦᠭᠦᠮ ᠦᠵᠡᠭᠦᠯᠬᠦ ᠵᠠᠷᠴᠢᠮ ᠢ ᠵᠢᠷᠣᠮᠯᠠᠵᠣ᠂ | ᠴᠠᠭ ᠲᠤᠨᠢ ᠲᠣᠬᠢᠷᠠᠭᠤᠯᠤᠨ ᠢᠯᠨ ᠪᠠᠷ ᠨᠡᠶᠢᠲᠡᠯᠡᠨ᠎ᠡ᠃ | ᠭᠤᠷᠪᠠ᠂ ᠢᠯᠨ ᠪᠠᠷ ᠨᠠᠶᠢᠳᠡᠯᠡᠭᠦ ᠭᠤᠣᠯ ᠴᠣᠭᠴᠨ | ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠪᠣᠯ ᠦᠪᠡᠷᠳᠡᠭᠡᠨ ᠵᠠᠰᠠᠬᠤ ᠣᠷᠣᠨ ᠤ | ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ ᠪᠠ | ᠪᠦᠭᠦ ᠣᠯᠣᠰ ᠤᠨ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ | ᠪᠢᠴᠢᠭ ᠤᠨ ᠢᠯᠨ ᠪᠠᠷ ᠨᠠᠶᠢᠳᠡᠯᠡᠭᠦ ᠶᠢ ᠲᠤᠰᠠᠭᠠᠷ ᠭᠦᠢᠴᠡᠳᠬᠡᠬᠦ᠂ ᠭᠤᠣᠯᠴᠢᠯᠠᠨ ᠭᠦᠢᠴᠡᠳᠬᠡᠬᠦ ᠪᠠ ᠬᠤᠪᠢᠳᠠᠨ | ᠭᠦᠢᠴᠡᠳᠬᠡᠬᠦ ᠭᠤᠣᠯ ᠴᠣᠭᠴᠨ ᠪᠣᠯᠣᠨ᠎ᠠ᠃ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ | ᠠᠯᠪᠡᠨ ᠲᠢᠩᠬᠢᠮ ᠨᠢ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠢ ᠬᠠᠮᠵᠢᠨ ᠰᠠᠨᠠᠭᠤᠯᠭ᠎ᠠ | ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠤᠨ ᠢᠯᠨ ᠪᠠᠷ ᠨᠠᠶᠢᠳᠡᠯᠡᠭᠦ ᠠᠵᠢᠯ ᠢ ᠨᠢᠭᠡᠳᠣᠯᠳᠠᠢ | ᠲᠦᠯᠣᠪᠯᠡᠨ ᠵᠣᠬᠢᠶᠠᠨ ᠪᠠᠶᠢᠭᠤᠯᠤᠨ᠎ᠠ᠃ ᠦᠪᠡᠷᠳᠡᠭᠡᠨ ᠵᠠᠰᠠᠬᠤ ᠣᠷᠣᠨ ᠤ ᠬᠠᠮᠵᠢᠨ ᠭᠦᠢᠴᠡᠣᠡᠭᠡᠭᠦ ᠨᠢᠭᠡᠴᠨ ᠨᠢ | ᠢᠯᠨ ᠪᠠᠷ ᠨᠠᠶᠢᠳᠡᠯᠡᠭᠦ ᠶᠢᠨ ᠰᠠᠨᠠᠯ ᠳᠤᠷᠠᠳᠬᠤ ᠶᠢ ᠬᠠᠷᠢᠭᠤᠴᠠᠨ᠎ᠠ᠃ ᠦᠪᠡᠷᠳᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠡᠨ ᠭᠡᠷ ᠨᠢ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ | ᠬᠠᠷᠢᠭᠤ ᠥᠭᠬᠦ ᠪᠢᠴᠢᠭ ᠤᠨ ᠢᠯᠨ ᠪᠠᠷ ᠨᠠᠶᠢᠳᠡᠯᠡᠭᠦ ᠡᠳᠣᠷ ᠲᠣᠳᠣᠮ ᠤᠨ ᠠᠵᠢᠯ ᠢ ᠬᠠᠷᠢᠭᠤᠴᠠᠨ᠎ᠠ᠃ | ᠲᠦᠷᠪᠡ᠂ ᠢᠯᠨ ᠪᠠᠷ ᠨᠠᠶᠢᠳᠡᠯᠡᠭᠦ ᠳᠠᠰ ᠳᠠᠷᠠᠭᠠᠯᠠᠯ | ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢ ᠢᠯᠨ ᠪᠠᠷ ᠨᠠᠶᠢᠳᠡᠯᠡᠭᠦ | ᠠᠵᠢᠯ ᠳᠤ ᠬᠠᠷᠢᠭᠤ ᠪᠢᠴᠢᠭ ᠥᠭᠬᠦ ᠬᠢᠭᠡᠳ ᠢᠯᠨ ᠪᠠᠷ ᠵᠡᠷᠭᠡ ᠳᠤᠨᠢ ᠬᠢᠨᠠᠨ ᠪᠠᠶᠢᠴᠠᠭᠠᠯᠲᠠ ᠬᠢᠬᠦ ᠠᠵᠢᠯ ᠤᠨ | ᠲᠣᠭᠳᠠᠴᠨ ᠶᠢ ᠬᠡᠷᠡᠭᠵᠢᠭᠦᠯᠦᠨ᠎ᠡ᠃ | ︵ᠨᠢᠭᠡ︶ ᠰᠠᠨᠠᠯ ᠲᠣᠷᠠᠣᠠᠬᠤ᠃ ᠦᠪᠡᠷᠳᠡᠭᠡᠨ ᠵᠠᠰᠠᠬᠤ ᠣᠷᠣᠨ ᠤ ᠡᠯ᠎ᠡ ᠬᠠᠮᠵᠢᠯᠴᠠᠬᠤ ᠨᠢᠭᠡᠴᠨ ᠨᠢ | ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠳᠤ ᠬᠠᠷᠢᠭᠤᠯᠲᠠ ᠥᠭᠬᠦ ᠰᠠᠨᠠᠯ ᠢᠶᠠᠨ | ᠲᠤᠰᠬᠠᠬᠤ ᠶᠢᠨ ᠬᠠᠮᠳᠣ᠂ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢᠶᠠᠨ | ᠢᠯᠨ ᠪᠠᠷ ᠨᠡᠶᠢᠲᠡᠯᠡᠬᠦ ᠡᠰᠡᠭᠦ ᠵᠢᠴᠢ ᠢᠯᠨ ᠪᠠᠷ ᠨᠠᠶᠢᠳᠡᠯᠡᠭᠦ ᠠᠭᠤᠯᠭ᠎ᠠ ᠳᠤ ᠰᠠᠨᠠᠯ ᠲᠣᠷᠠᠳᠣᠨ᠎ᠠ᠃ | ︵ᠬᠤᠶᠠᠷ︶ ᠰᠠᠨᠠᠯ ᠬᠤᠷᠢᠶᠠᠬᠤ᠃ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ | ᠣᠷᠳᠣᠨ ᠠᠴᠠ ᠭᠤᠣᠯᠴᠢᠯᠠᠨ ᠭᠦᠢᠴᠡᠳᠬᠡᠭᠰᠡᠨ ᠪᠦᠭᠦ ᠣᠯᠣᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ | ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ ᠪᠠ ᠪᠦᠭᠦ ᠣᠯᠣᠰ ᠤᠨ ᠣᠯᠣᠰ ᠲᠦᠷᠣ ᠶᠢᠨ ᠵᠦᠪᠯᠡᠯᠭᠡᠨ ᠤ | ᠲᠣᠷᠠᠳᠣᠯᠭ᠎ᠠ ᠳᠤ ᠬᠠᠮᠵᠢᠨ ᠭᠦᠢᠴᠡᠳᠬᠡᠭᠰᠡᠨ ᠨᠢᠭᠡᠴᠨ ᠯᠤᠭ᠎ᠠ ᠨᠤᠳᠠᠯᠠᠬᠰᠠᠨ ᠰᠠᠨᠠᠯ ᠢᠶᠠᠨ ᠬᠠᠷᠢᠯᠴᠠᠨ ᠨᠡᠪᠲᠡᠷᠡᠯᠴᠡᠬᠦ | ᠭᠡᠷᠩᠳᠠᠢ᠃ ᠰᠠᠨᠠᠭᠤᠯᠭ᠎ᠠ ᠪᠠ ᠲᠣᠷᠠᠳᠣᠯᠭ᠎ᠠ ᠲᠣᠷᠠᠳᠣᠭᠰᠠᠨ ᠭᠦᠮᠣᠨ ᠠᠴᠠ ᠰᠠᠨᠠᠯ ᠬᠤᠷᠢᠶᠠᠬᠤ ᠴᠢᠬᠤᠯᠠᠲᠠᠢ ᠪᠠᠶᠢᠪᠠᠯ᠂ | ᠳ᠋ᠢᠶᠠᠩᠬᠤᠸᠠ᠂ ᠵᠠᠬᠢᠳᠠᠯ ᠴᠢᠮᠡᠭᠡ ᠵᠡᠷᠭᠡ ᠭᠡᠯᠪᠡᠷᠢ ᠪᠠᠷ ᠰᠠᠨᠠᠭᠤᠯᠭ᠎ᠠ ᠪᠠ ᠲᠣᠷᠠᠳᠣᠯᠭ᠎ᠠ ᠲᠣᠷᠠᠳᠣᠭᠰᠠᠨ ᠭᠦᠮᠣᠨ ᠤ | ᠰᠠᠨᠠᠯ ᠢ ᠬᠤᠷᠢᠶᠠᠬᠤ ᠬᠡᠷᠩᠳᠠᠢ᠃ | ︵ᠭᠤᠷᠪᠠ︶ ᠬᠢᠨᠠᠨ ᠪᠠᠶᠢᠴᠠᠭᠠᠵᠣ ᠮᠡᠳᠡᠭᠦᠯᠣᠨ ᠵᠦᠪᠰᠢᠶᠡᠷᠡᠭᠦᠯᠭᠦ᠃ ᠦᠪᠡᠷᠳᠡᠭᠡᠨ ᠵᠠᠰᠠᠬᠤ ᠣᠷᠣᠨ ᠤ | ᠰᠢᠮᠳᠠᠭᠤᠯᠣᠨ ᠪᠠᠶᠢᠴᠠᠭᠠᠬᠤ ᠠᠯᠪᠡᠨ ᠭᠡᠷ ᠨᠢ ᠬᠠᠷᠢᠭᠤᠯᠲᠠ ᠥᠭᠭᠦᠭᠰᠡᠨ ᠰᠠᠨᠠᠯ ᠪᠠ ᠢᠯᠨ ᠪᠠᠷ ᠨᠡᠶᠢᠳᠡᠯᠡᠭᠦ ᠰᠠᠨᠠᠯ ᠢ | ᠬᠤᠷᠢᠶᠠᠩᠭᠤᠶᠢᠯᠠᠵᠣ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ | ᠣᠳᠣᠷᠢᠳᠣᠯᠭ᠎ᠠ ᠪᠠᠷ ᠬᠢᠨᠠᠨ ᠪᠠᠶᠢᠴᠠᠭᠠᠯᠭᠠᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ | ᠵᠠᠰᠠᠭ ᠤᠨ ᠣᠷᠳᠣᠨ ᠤ ᠣᠳᠣᠷᠢᠳᠣᠯᠭ᠎ᠠ ᠳᠤ ᠮᠡᠳᠡᠭᠦᠯᠵᠣ ᠬᠢᠨᠠᠨ ᠵᠦᠪᠰᠢᠶᠡᠷᠡᠭᠦᠯᠬᠦ ᠬᠡᠷᠡᠭᠲᠡᠢ᠃ | ︵ᠲᠦᠷᠪᠡ︶ ᠰᠠᠨᠠᠭᠠᠴᠢᠯᠠᠭ᠎ᠠ ᠠᠴᠠ ᠪᠠᠨ ᠢᠯᠨ ᠪᠠᠷ ᠨᠠᠶᠢᠳᠡᠯᠡᠭᠦ᠃ ᠬᠢᠨᠠᠨ ᠪᠠᠶᠢᠴᠠᠭᠠᠭᠠᠳ ᠢᠯᠨ | ᠨᠠᠶᠢᠳᠡᠯᠡᠵᠣ ᠪᠣᠯᠬᠤ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢᠶᠠᠨ | ᠢᠯᠨ ᠪᠠᠷ ᠨᠠᠶᠢᠳᠡᠯᠡᠭᠦ ᠭᠡᠷᠩᠳᠠᠢ᠃ | ︵ᠳᠠᠪᠤ︶ ᠳ᠋ᠦᠩᠨᠡᠨ ᠮᠡᠳᠡᠭᠦᠯᠭᠦ᠃ ᠦᠪᠡᠷᠳᠡᠭᠡᠨ ᠵᠠᠰᠠᠬᠤ ᠣᠷᠣᠨ ᠤ ᠰᠢᠮᠳᠠᠭᠤᠯᠣᠨ ᠪᠠᠶᠢᠴᠠᠭᠠᠬᠤ ᠠᠯᠪᠡᠨ | ᠭᠡᠷ ᠨᠢ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢ ᠢᠯᠨ ᠪᠠᠷ ᠨᠡᠶᠢᠲᠡᠯᠡᠭᠰᠡᠨ | ᠠᠵᠢᠯ ᠳᠤ ᠳ᠋ᠦᠡᠭᠨᠡᠯᠲᠡ ᠬᠢᠬᠦ ᠶᠢ ᠬᠠᠷᠢᠭᠤᠴᠠᠨ᠎ᠠ᠃ ᠰᠠᠨᠠᠭᠤᠯᠭ᠎ᠠ ᠪᠠ ᠲᠣᠷᠠᠳᠣᠯᠭ᠎ᠠ ᠶᠢ ᠭᠦᠢᠴᠡᠣᠡᠭᠡᠭᠰᠡᠨ ᠦᠷ᠎ᠡ | ᠳ᠋ᠦᠩ ᠢ ᠢᠯᠨ ᠪᠠᠷ ᠨᠡᠶᠢᠳᠡᠯᠡᠭᠰᠡᠨ ᠪᠠᠶᠢᠳᠠᠯ ᠢᠶᠠᠨ ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠨ ᠪᠠᠷ ᠨᠠᠶᠢᠳᠡᠯᠡᠭᠦ | ᠣᠨ ᠤ ᠮᠡᠳᠡᠭᠦᠯᠣᠯᠳᠠ ᠶᠢᠨ ᠠᠭᠤᠯᠭ᠎ᠠ ᠪᠣᠯᠭᠠᠨ᠎ᠠ᠃ | ᠳᠠᠪᠤ᠂ ᠢᠯᠨ ᠪᠠᠷ ᠨᠠᠶᠢᠳᠡᠯᠡᠭᠦ ᠠᠷᠭ᠎ᠠ ᠬᠡᠯᠪᠡᠷᠢ | ᠪᠦᠭᠦ ᠤᠯᠤᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ | ᠪᠠ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢᠶᠠᠨ | ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠮᠡᠳᠡᠭᠡ ᠪᠠ ᠦᠪᠡᠷᠳᠡᠭᠡᠨ ᠵᠠᠰᠠᠬᠤ | ᠣᠷᠣᠨ ᠤ ᠠᠷᠠᠣᠨ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠡᠮᠵᠢᠨ ᠢᠯᠨ ᠪᠠᠷ ᠨᠠᠶᠢᠳᠡᠯᠡᠨ᠎ᠠ᠃ | ᠪᠦᠭᠦ ᠤᠯᠤᠰ ᠤᠨ ᠠᠷᠠᠣᠨ ᠤᠨ ᠲᠦᠯᠣᠭᠡᠯᠡᠭᠴᠢᠣᠨ ᠤᠨ ᠶᠡᠭᠡ ᠬᠤᠷᠠᠯ ᠤᠨ ᠲᠦᠯᠣᠭᠡᠯᠡᠭᠴᠢ ᠶᠢᠨ ᠰᠠᠨᠠᠭᠤᠯᠭ᠎ᠠ | ᠪᠠ ᠣᠯᠣᠰ ᠲᠦᠷᠣ ᠶᠢᠨ ᠵᠦᠪᠯᠡᠯᠭᠡᠨ ᠤ ᠲᠣᠷᠠᠳᠣᠯᠭ᠎ᠠ ᠶᠢ ᠭᠦᠢᠴᠡᠣᠡᠭᠡᠭᠰᠡᠨ ᠤ ᠬᠠᠷᠢᠭᠤ ᠥᠭᠬᠦ ᠪᠢᠴᠢᠭ ᠢᠶᠠᠨ | ᠢᠯᠨ ᠪᠠᠷ ᠨᠠᠶᠢᠳᠡᠯᠡᠭᠰᠡᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ | ᠠᠯᠪᠡᠨ ᠲᠢᠩᠬᠢᠮ ᠨᠢ ᠶᠠᠷᠢᠶ᠎ᠠ ᠭᠡᠯᠡᠯᠴᠡᠭᠡᠨ ᠤ ᠪᠠᠶᠢᠳᠠᠯ ᠲᠣᠰᠬᠠᠯ ᠢ ᠴᠠᠭ ᠲᠣᠬᠠᠢ ᠳᠤᠨᠢ ᠦᠢᠯᠠᠭᠠᠵᠣ᠂ ᠶᠠᠷᠢᠶ᠎ᠠ | ᠬᠡᠯᠡᠯᠴᠡᠭᠡ ᠶᠢᠨ ᠬᠥᠲᠦᠯᠦᠨ ᠵᠢᠯᠤᠭᠤᠳᠬᠤ ᠠᠵᠢᠯ ᠢ ᠬᠢᠨᠠᠮᠠᠭᠠᠢ ᠰᠠᠶᠢᠲᠤᠷ ᠬᠢᠭᠦ ᠶᠢᠨ ᠬᠠᠮᠳᠣ᠂ ᠵᠦᠢ ᠵᠣᠬᠢᠰᠳᠠᠢ | ᠰᠠᠨᠠᠭᠤᠯᠭ᠎ᠠ ᠶᠢ ᠨᠢ ᠢᠳᠡᠪᠬᠢᠳᠠᠢ ᠪᠠᠷ ᠬᠡᠷᠡᠭᠯᠡᠨ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠶᠠᠪᠤᠳᠠᠯ ᠢ ᠦᠨᠡᠨᠬᠦ | ᠬᠠᠷᠢᠭᠤ ᠲᠤᠰᠬᠠᠵᠤ᠂ ᠠᠵᠢᠯ ᠢᠶᠠᠨ ᠥᠭᠡᠷᠡᠴᠢᠯᠡᠨ ᠰᠠᠶᠢᠵᠢᠷᠠᠭᠤᠯᠬᠤ ᠶᠢ ᠳᠠᠰᠣᠷᠠᠯᠳᠠ ᠦᠭᠡᠢ ᠠᠬᠢᠭᠤᠯᠬᠤ ᠭᠡᠷᠩᠳᠠᠢ᠃ | | ︵ᠲᠣᠰ ᠮᠠᠲ᠋ᠧᠷᠢᠶᠠᠯ ᠢ ᠢᠯᠠ ᠪᠠᠷ ᠨᠠᠶᠢᠳᠠᠯᠡᠨᠠ︶ |