8 ᠳ᠋ᠤᠭᠠᠷ ᠰᠠᠷ᠎ᠠ ᠶᠢᠨ 22 ᠤᠨ ᠡᠳᠦᠷ᠂ ᠤᠯᠠᠨ ᠤᠯᠤᠰ ᠤᠨ ᠪᠤᠬᠢᠷᠳᠤᠯ ᠦᠬᠡᠢ ᠠᠵᠦ ᠠᠬᠤᠢ ᠶᠢᠨ | ᠨᠡᠶᠢᠬᠡᠮᠯᠢᠭ᠂ ᠬᠢᠨᠭ᠍ᠭᠠᠨ ᠠᠶᠢᠮᠠᠭ ᠤᠨ ᠵᠠᠬᠢᠷᠭ᠎ᠠ᠂ ᠲᠤᠮᠳᠠᠳᠤ ᠤᠯᠤᠰ ᠤᠨ ᠠᠵᠦ ᠠᠬᠤᠢ ᠶᠢᠨ ᠨᠡᠶᠢᠬᠡᠮᠯᠢᠭ ᠠᠴᠠ | ᠭᠤᠤᠯᠯᠠᠨ ᠡᠷᠬᠢᠯᠡᠭᠰᠡᠨ 2015 ᠤᠨ ᠤ ᠠᠩᠬᠠᠳᠠᠭᠴᠢ ᠬᠤᠭᠤᠴᠠᠭᠠᠨ ᠤ ᠲᠤᠮᠳᠠᠳᠤ ᠤᠯᠤᠰ ︵ᠬᠢᠨᠭ᠍ᠭᠠᠨ ᠠᠶᠢᠮᠠᠭ︶ | ᠤᠨ ᠡᠰᠢ ᠰᠦᠷᠡᠯ ᠢ ᠠᠵᠦ ᠦᠢᠯᠡᠰᠵᠢᠬᠦᠯᠬᠦ ᠬᠤᠷᠠᠯ ᠬᠢᠨᠭ᠍ᠭᠠᠨ ᠠᠶᠢᠮᠠᠭ ᠤᠨ ᠤᠯᠠᠭᠠᠨᠬᠤᠳᠠ ᠳᠤ ᠬᠤᠷᠠᠯᠳᠤᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠡᠵᠦ ᠶᠠᠷᠢᠶ᠎ᠠ | ᠲᠠᠯᠪᠢᠵᠠᠢ᠃ | ᠸᠠᠩ ᠢᠤᠢ ᠮᠢᠩ ᠴᠢᠬᠤᠯᠠᠴᠢᠯᠠᠭᠰᠠᠨ ᠨᠢ᠂ ᠦᠪᠤᠷ ᠮᠤᠩᠭᠤᠯ ᠪᠤᠯ ᠲᠠᠷᠢᠶᠠᠯᠠᠩ ᠮᠠᠯ ᠠᠵᠦ ᠠᠬᠤᠢ ᠶᠢᠨ | ᠲᠤᠮᠤ ᠤᠷᠤᠨ ᠪᠤᠯᠤᠨ᠎ᠠ᠂ ᠮᠦᠨ ᠴᠦ ᠪᠦᠬᠦ ᠤᠯᠤᠰ ᠤᠨ 13 ᠠᠮᠤ ᠪᠤᠳᠠᠭᠠᠨ ᠤ ᠴᠢᠬᠤᠯᠠ ᠭᠠᠷᠤᠯᠳᠠ ᠶᠢᠨ | ᠤᠷᠤᠨ ᠤ ᠨᠢᠬᠡ ᠪᠤᠯᠤᠨ᠎ᠠ᠃ ᠲᠠᠷᠢᠶᠠᠯᠠᠩ ᠤᠨ ᠡᠰᠢ ᠰᠦᠷᠡᠯ ᠤᠨ ᠭᠠᠷᠤᠯᠳᠠ ᠶᠢᠨ ᠬᠡᠮᠵᠢᠶ᠎ᠠ ᠶᠡᠭᠡ᠂ ᠲᠠᠷᠬᠠᠯᠳᠠ ᠨᠢ | ᠦᠷᠬᠡᠨ᠃ ᠡᠰᠢ ᠰᠦᠷᠡᠯ ᠢ ᠶᠡᠷᠤᠩᠬᠡᠶᠢᠯᠠᠨ ᠠᠰᠢᠬᠯᠠᠬᠤ ᠪᠤᠯ ᠮᠠᠯᠵᠢᠬᠤ ᠳᠠᠷᠢᠶᠠᠯᠠᠬᠤ ᠤᠷᠤᠨ ᠤ ᠤᠷᠴᠢᠨ | ᠲᠤᠭᠤᠷᠢᠨ ᠤ ᠦᠡᠭᠬᠡ ᠲᠦᠷᠰᠦ ᠲᠠᠢ ᠬᠤᠯᠪᠤᠬᠳᠠᠬᠤ ᠪᠠᠷ ᠪᠠᠷᠠᠬᠤ ᠦᠬᠡᠢ ᠪᠠᠰᠠ ᠳᠠᠬᠢᠨ ᠪᠤᠢ ᠪᠤᠯᠬᠤ ᠡᠨᠧᠷᠬᠢ ᠢ | ᠬᠦᠢᠴᠡᠳ ᠠᠰᠢᠬᠯᠠᠬᠤ ᠲᠠᠢ ᠰᠢᠭᠤᠳ ᠬᠤᠯᠪᠤᠭᠳᠠᠨ᠎ᠠ᠃ ᠡᠰᠢ ᠰᠦᠷᠡᠯ ᠢ ᠰᠠᠶᠢᠳᠤᠷ ᠠᠰᠢᠬᠯᠠᠪᠠᠯ ᠨᠢᠬᠡ ᠲᠠᠯ᠎ᠠ ᠪᠠᠷ | ᠬᠦᠳᠡᠭᠡ ᠲᠤᠰᠬᠤᠨ ᠤ ᠤᠷᠴᠢᠨ ᠲᠤᠭᠤᠷᠢᠨ ᠤ ᠪᠤᠬᠢᠷᠳᠤᠯ ᠢ ᠨᠡᠯᠢᠶᠡᠳ ᠶᠡᠭᠡ ᠬᠡᠮᠵᠢᠶ᠎ᠠ ᠪᠠᠷ ᠪᠠᠭᠠᠰᠬᠠᠵᠤ᠂ ᠬᠦᠳᠡᠭᠡ | ᠲᠤᠰᠬᠤᠨ ᠤ ᠤᠷᠴᠢᠨ ᠲᠤᠭᠤᠷᠢᠨ ᠢ ᠴᠡᠭᠴᠡᠯᠡᠬᠦ ᠳᠤ ᠠᠬᠢᠭᠤᠯᠬᠤ ᠦᠢᠯᠡᠳᠦᠯ ᠦᠵᠡᠬᠦᠯᠦᠨ᠎ᠠ᠃ ᠨᠦᠬᠦᠬᠡ | ᠲᠠᠯ᠎ᠠ ᠪᠠᠷ ᠡᠰᠢ ᠰᠦᠷᠡᠯ ᠢ ᠪᠤᠷᠳᠤᠭ᠎ᠠ ᠪᠤᠯᠭᠠᠨ ᠡᠳ᠋ᠰᠢᠬᠦᠯᠵᠦ ᠤᠨᠳᠤᠤᠰᠢᠭᠤᠯᠤᠠ ᠴᠡᠪᠡᠷ ᠡᠨᠧᠷᠬᠢ ᠪᠤᠯᠭᠠᠵᠦ᠂ | ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠠ᠂ ᠮᠠᠯᠵᠢᠬᠤ ᠳᠠᠷᠢᠶᠠᠯᠠᠬᠤ | ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠬᠦ | ᠪᠤᠯᠦᠨ᠎ᠠ᠃ ᠪᠢᠳᠡ ᠬᠤᠷᠠᠯ ᠤᠨ ᠦᠷ᠎ᠠ ᠪᠦᠳᠦᠮᠵᠢ ᠶᠢ ᠬᠦᠢᠴᠡᠳ ᠠᠰᠢᠬᠯᠠᠵᠦ᠂ ᠡᠰᠢ ᠰᠦᠷᠡᠯ ᠢ ᠤᠨᠳᠤᠤᠰᠢᠭᠤᠯᠵᠦ | ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠬᠦᠨᠵᠡᠬᠡᠢ ᠰᠤᠳᠤᠯᠤᠠ᠂ ᠡᠰᠢ ᠰᠦᠷᠡᠯ ᠢ ᠤᠨᠳᠤᠤᠰᠢᠭᠤᠯᠬᠤ | ᠠᠷᠭ᠎ᠠ ᠵᠠᠮ ᠢ ᠡᠷᠢᠯᠬᠢᠯᠠᠵᠦ᠂ ᠮᠠᠨ ᠤ ᠤᠷᠤᠨ ᠤ ᠡᠰᠢ ᠰᠦᠷᠡᠯ ᠢ ᠠᠵᠦ ᠦᠢᠯᠡᠰᠵᠢᠬᠦᠯᠤᠨ ᠬᠦᠭᠵᠢᠬᠦᠯᠬᠦ ᠶᠢ ᠨᠢᠬᠡᠨ | ᠰᠢᠨ᠎ᠠ ᠱᠠᠳᠤᠠ ᠳᠤ ᠭᠠᠷᠭᠠᠬᠤ ᠬᠡᠷᠡᠭᠳᠡᠢ ᠬᠡᠵᠡᠢ᠃ | ᠤᠢᠢᠯᠠᠭᠠᠭᠰᠠᠨ ᠢᠶᠠᠷ᠂ ᠡᠰᠢ ᠰᠦᠷᠡᠯ ᠢ ᠶᠡᠷᠤᠩᠬᠡᠶᠢᠯᠡᠨ ᠠᠰᠢᠬᠯᠠᠬᠤ ᠡᠷᠴᠢᠮ ᠢᠶᠠᠨ ᠤᠯᠠᠮ ᠨᠢᠬᠡ ᠠᠯᠬᠤᠮ | ᠴᠢᠩᠭᠠᠷᠠᠭᠤᠯᠬᠤ ᠶᠢᠨ ᠲᠦᠯᠦᠬᠡ᠂ ᠬᠢᠨᠭ᠍ᠭᠠᠨ ᠠᠶᠢᠮᠠᠭ ᠰᠢᠢᠳᠪᠦᠷᠢ ᠭᠠᠷᠠᠭᠠᠵᠦ᠂ 2015 ᠤᠨ ᠠᠴᠠ 2017 ᠤᠨ | ᠪᠤᠯᠳᠠᠯ᠎ᠠ ᠵᠢᠯ ᠪᠦᠷᠢ ᠡᠳ᠋ ᠤᠨ ᠵᠠᠰᠠᠭ ᠠᠴᠠ 5000 ᠲᠦᠮᠡᠨ ᠲᠦᠭᠦᠷᠢᠭ ᠤᠨ ᠡᠰᠢ ᠰᠦᠷᠡᠯ ᠢ ᠤᠨᠳᠤᠤᠰᠢᠭᠤᠯᠬᠤ | ᠲᠤᠰᠬᠠᠢ ᠪᠡᠯᠡ ᠮᠦᠡᠭᠬᠦ ᠭᠠᠷᠭᠠᠵᠦ᠂ ᠠᠵᠦ ᠦᠢᠯᠡᠰ ᠤᠨ ᠬᠦᠭᠵᠢᠯᠳᠠ ᠶᠢ ᠲᠡᠮᠵᠢᠬᠦ ᠪᠠᠷ ᠳᠤᠭᠳᠠᠪᠠ᠃ | ᠤᠳᠤᠬᠠᠨ ᠳᠤ ᠳᠤᠰ ᠠᠶᠢᠮᠠᠭ ᠭᠠᠴᠠᠭ᠎ᠠ ᠲᠤᠰᠬᠤᠨ ᠤ ᠲᠡᠰ ᠤᠨ ᠡᠰᠢ ᠰᠦᠷᠡᠯ ᠢ ᠮᠦᠬᠦᠯᠢᠭᠵᠢᠬᠦᠯᠵᠤ ᠪᠤᠷᠳᠤᠭ᠎ᠠ | ᠪᠤᠯᠭᠠᠨ ᠡᠳ᠋ᠰᠢᠭᠦᠯᠬᠦ ᠦᠢᠯᠡᠳᠪᠦᠷᠢ ᠶᠢ 49 ᠪᠠᠶᠢᠭᠤᠯᠵᠦ᠂ 10 ᠰᠠᠷ᠎ᠠ ᠶᠢᠨ ᠰᠡᠭᠦᠯᠴᠢ ᠪᠠᠷ 200 ᠦᠢᠯᠡᠳᠪᠦᠷᠢ | ᠪᠠᠶᠢᠭᠤᠯᠤᠠ᠂ ᠲᠤᠬᠠᠢ ᠶᠢᠨ ᠦᠶ᠎ᠠ ᠳᠤ ᠵᠢᠯ ᠤᠨ ᠡᠰᠢ ᠰᠦᠷᠡᠯ ᠢᠶᠠᠷ ᠪᠤᠷᠳᠤᠭ᠎ᠠ ᠡᠳ᠋ᠰᠢᠬᠦᠯᠬᠦ ᠴᠢᠳᠠᠪᠦᠷᠢ ᠨᠢ 29 | ᠲᠦᠮᠡᠨ ᠲᠤᠨ ᠳᠤ ᠬᠦᠷᠴᠦ᠂ 50 ᠲᠦᠮᠡᠨ ᠬᠤᠨᠢ ᠪᠤᠶᠤ 9 ᠲᠦᠮᠡᠨ ᠦᠬᠡᠷ ᠲᠡᠵᠢᠬᠡᠬᠦ ᠴᠢᠳᠠᠪᠦᠷᠢ ᠲᠠᠢ ᠪᠤᠯᠤᠨ᠎ᠠ᠃ | |