| 8 ᠳ᠋ᠤᠭᠠᠷ ᠰᠠᠷ᠎ᠠ ᠶᠢᠨ 20 ᠤ ᠦᠳᠡ ᠶᠢᠨ ᠡᠮᠦᠨ᠎ᠡ᠂ ᠬᠦᠬᠡᠬᠤᠳᠠ ᠶᠢᠨ ᠲᠦᠷᠭᠡᠨ ᠬᠤᠷᠳᠤ ᠶᠢᠨ ᠵᠠᠮ | ᠲᠤᠷᠰᠢᠨ ᠲᠡᠷᠭᠡ ᠨᠡᠪᠲᠡᠷᠡᠵᠤ᠂ ᠡᠨᠡ ᠡᠳᠦᠷ᠂ ᠬᠦᠬᠡᠬᠤᠳᠠ ᠶᠢᠨ ᠵᠢᠮᠲᠤ ᠵᠠᠮ ᠬᠠᠷᠢᠯᠴᠠᠭ᠎ᠠ ᠶᠢᠨ 1᠂ 2 ᠳ᠋ᠤᠭᠠᠷ | ᠱᠤᠭᠤᠮ ᠤᠨ ᠪᠠᠷᠢᠯᠭ᠎ᠠ ᠡᠬᠢᠯᠡᠬᠦ ᠶᠤᠰᠤᠯᠠᠯ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠬᠢᠭᠡᠳ ᠮᠠᠨ ᠤ ᠬᠤᠲᠠ ᠶᠢᠨ ᠤᠳᠤᠷᠢᠳᠤᠯᠭ᠎ᠠ ᠹᠦ᠋ ᠲᠠᠢ ᠽᠧᠩ᠂ | ᠨᠠᠰᠦᠨᠮᠦ᠋ᠩᠬᠡ᠂ ᠸᠠᠩ ᠪᠦᠸᠧ᠂ ᠯᠢ ᠵᠢᠶᠧ ᠰᠢᠶᠠᠩ᠂ ᠶᠦᠨ ᠬᠥᠩ ᠡᠾᠧ᠂ ᠳ᠋ᠢ ᠷᠦᠢ ᠮᠢᠩ᠂ ᠰᠦᠨ ᠵᠢᠶᠠᠨ | ᠬᠤᠸᠠ᠂ ᠯᠢᠤ ᠸᠧᠨ ᠢᠦᠢ᠂ ᠶᠢᠨ ᠰᠢᠶᠤᠤ ᠨᠠᠷ ᠬᠦᠬᠡᠬᠤᠳᠠ ᠶᠢᠨ ᠲᠦᠷᠭᠡᠨ ᠬᠤᠷᠲᠤ ᠶᠢᠨ ᠵᠠᠮ ᠤᠨ ᠲᠤᠷᠰᠢᠨ | ᠲᠡᠷᠭᠡ ᠨᠡᠪᠲᠡᠷᠡᠭᠰᠡᠨ ᠵᠢᠴᠢ ᠵᠢᠮᠲᠤ ᠵᠠᠮ ᠬᠠᠷᠢᠯᠴᠠᠭ᠎ᠠ ᠶᠢᠨ 1 ᠳ᠋ᠤᠭᠡᠷ᠂ 2 ᠳ᠋ᠤᠭᠠᠷ ᠱᠤᠭᠤᠮ ᠤᠨ ᠪᠠᠷᠢᠯᠭ᠎ᠠ ᠡᠬᠢᠯᠡᠬᠦ | ᠶᠤᠰᠤᠯᠠᠯ ᠳᠤ ᠤᠷᠤᠯᠴᠠᠭᠰᠠᠨ ᠪᠦᠭᠡᠳ ᠬᠥᠬᠡᠬᠤᠲᠠ ᠶᠢᠨ ᠲᠦᠷᠭᠡᠨ ᠬᠤᠷᠲᠤ ᠶᠢᠨ ᠵᠠᠮ ᠤᠨ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠤ᠂ ᠲᠤᠬᠠᠢ ᠶᠢᠨ ᠲᠠᠯᠠᠪᠠᠢ ᠳᠤ ᠲᠦᠷᠭᠡᠨ ᠬᠤᠷᠲᠤ ᠶᠢᠨ ᠵᠠᠮ ᠤᠨ ᠪᠠᠷᠢᠯᠭ᠎ᠠ ᠶᠢᠨ | ᠶᠡᠷᠦᠩᠬᠡᠶ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ | ᠳᠤᠮᠳᠠᠳᠤ ᠤᠯᠤᠰ ᠤᠨ ᠵᠦᠡᠭ ᠲᠢᠶᠧ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶ᠎ᠠ ᠶᠢᠨ ᠱᠦᠵᠢ ᠯᠢ ᠴᠠᠩ ᠵᠢᠶᠦ᠋ᠨ ᠨᠠᠷ ᠤᠷᠢᠯᠭ᠎ᠠ ᠪᠠᠷ | ᠬᠥᠬᠡᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ 1᠂ 2 ᠳ᠋ᠤᠭᠠᠷ ᠱᠤᠭᠤᠮ ᠤᠨ ᠪᠠᠷᠢᠯᠭ᠎ᠠ ᠡᠬᠢᠯᠡᠬᠦ ᠶᠣᠰᠣᠯᠠᠯ ᠳᠤ | ᠤᠷᠤᠯᠴᠠᠪᠠ᠃ | ᠦᠳᠡ ᠶᠢᠨ ᠡᠮᠦᠨᠡᠬᠢ 9 ᠴᠠᠭ 40 ᠮᠢᠨᠦ᠋ᠲ ᠤᠨ ᠣᠷᠴᠢᠮ ᠳᠤ᠂ ᠲᠦᠷᠭᠡᠨ ᠬᠤᠷᠳᠤ ᠶᠢᠨ ᠵᠠᠮ ᠨᠢ | ᠲᠩᠷᠢᠯᠢᠭ ᠬᠥᠪᠡᠭᠦᠨ ᠵᠦᠷᠢᠯᠢᠭ ᠬᠥᠭᠦᠷᠭᠡ ᠠᠴᠠ ᠵᠡᠭᠦᠨᠰᠢ ᠲᠡᠷᠭᠡ ᠨᠡᠪᠲᠡᠷᠡᠬᠦ ᠶᠢ ᠳᠠᠭᠠᠯᠳᠤᠨ᠂ ᠪᠦᠬᠦ ᠣᠷᠳᠣ ᠨᠢ | 65.31 ᠺᠢᠯᠣᠮᠧᠲᠷ ᠪᠤᠯᠬᠤ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠵᠢᠩᠬᠢᠨᠢ ᠪᠠᠷ ᠲᠤᠷᠰᠢᠨ ᠲᠡᠷᠭᠡ | ᠨᠡᠪᠲᠡᠷᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ | ᠤᠷᠤᠨ ᠤ ᠪᠠᠶᠢᠡᠭᠭᠤ ᠶᠢᠨ ᠳᠡᠳ᠋ ᠲᠡᠷᠢᠭᠦᠯᠡᠭᠴᠢ ᠹᠦ᠋ ᠲᠠᠢ ᠽᠧᠩ᠄ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠤᠨ | ᠲᠤᠷᠰᠢᠨ ᠲᠡᠷᠭᠡ ᠨᠡᠪᠲᠡᠷᠡᠭᠰᠡᠨ᠂ ᠬᠥᠬᠡᠬᠤᠲᠠ ᠶᠢᠨ ᠭᠠᠵᠠᠷ ᠳᠤᠤᠷᠠᠬᠢ ᠲᠡᠮᠦᠷ ᠵᠠᠮ ᠤᠨ 1᠂ 2 ᠳ᠋ᠤᠭᠠᠷ | ᠱᠤᠭᠤᠮ ᠤᠨ ᠪᠠᠷᠢᠯᠭ᠎ᠠ ᠶᠢᠨ ᠠᠵᠢᠯ ᠡᠬᠢᠯᠡᠭᠰᠡᠨ ᠢ ᠵᠠᠷᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠨᠠᠰᠦᠨᠮᠦ᠋ᠩᠬᠡ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠤᠨ ᠲᠤᠷᠰᠢᠨ ᠲᠡᠷᠭᠡ ᠨᠡᠪᠲᠡᠷᠡᠭᠰᠡᠨ ᠵᠢᠴᠢ ᠵᠢᠮᠲᠦ ᠵᠠᠮ | ᠬᠠᠷᠢᠯᠴᠠᠭ᠎ᠠ ᠶᠢᠨ 1᠂ 2 ᠳ᠋ᠤᠭᠠᠷ ᠱᠤᠭᠤᠮ ᠤᠨ ᠪᠠᠷᠢᠯᠭ᠎ᠠ ᠡᠬᠢᠯᠡᠬᠦ ᠶᠣᠰᠣᠯᠠᠯ ᠢ ᠡᠷᠬᠢᠯᠡᠪᠡ᠃ ᠬᠤᠲᠠ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠯᠢ ᠵᠢᠶᠧ ᠰᠢᠶᠠᠩ ᠶᠣᠰᠣᠯᠠᠯ ᠳᠤ | ᠣᠷᠣᠯᠴᠠᠭᠰᠠᠨ ᠤᠳᠤᠷᠢᠳᠤᠯᠭ᠎ᠠ ᠪᠣᠯᠤᠨ ᠵᠣᠴᠢᠳ ᠲᠤ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠵᠢᠴᠢ ᠵᠢᠮᠲᠦ | ᠵᠠᠮ ᠬᠠᠷᠢᠯᠴᠠᠭ᠎ᠠ ᠶᠢᠨ 1᠂ 2 ᠳ᠋ᠤᠭᠠᠷ ᠱᠤᠭᠤᠮ ᠤᠨ ᠲᠦᠷᠦᠯ ᠵᠦᠢᠯ ᠤᠨ ᠦᠨᠳᠦᠰᠦᠨ ᠪᠠᠶᠢᠳᠠᠯ ᠢ | ᠳᠠᠨᠢᠯᠴᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠶᠠᠷᠢᠶ᠎ᠠ ᠲᠠᠯᠪᠢᠬᠤ ᠳᠠᠭᠠᠨ ᠬᠡᠯᠡᠭᠰᠡᠨ | ᠨᠢ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠪᠠᠷᠢᠯᠭ᠎ᠠ ᠠᠵᠢᠯ ᠡᠬᠢᠯᠡᠭᠦᠯᠦᠨ ᠪᠦᠲᠦᠭᠡᠨ | ᠪᠠᠶᠢᠭᠤᠯᠤᠭᠰᠠᠨ᠂ ᠲᠦᠷᠭᠡᠨ ᠬᠤᠷᠳᠤ ᠶᠢᠨ ᠵᠠᠮ ᠲᠤᠷᠰᠢᠨ ᠲᠡᠷᠭᠡ ᠨᠡᠪᠲᠡᠷᠡᠭᠰᠡᠨ ᠶᠠᠪᠤᠳᠠᠯ ᠪᠤᠯ ᠬᠥᠬᠡᠬᠤᠲᠠ ᠶᠢᠨ | ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠡᠤᠭᠡᠨ ᠳᠡᠭᠡᠷᠡᠬᠢ ᠪᠡᠯᠭᠡ ᠲᠡᠮᠳᠡᠭ ᠤᠨ ᠠᠴᠢ ᠬᠤᠯᠪᠣᠭᠳᠠᠯ | ᠲᠠᠢ ᠶᠡᠭᠡ ᠶᠠᠪᠤᠳᠠᠯ ᠪᠤᠯᠬᠤ ᠪᠦᠭᠡᠳ ᠮᠦᠨᠴᠦ ᠪᠦᠬᠦ ᠬᠤᠲᠠ ᠴᠢᠨᠠᠭᠰᠢᠯᠠᠪᠠᠯ ᠪᠦᠬᠦ ᠣᠷᠣᠨ ᠤ ᠬᠤᠲᠠ ᠶᠢᠨ | ᠪᠦᠲᠦᠭᠡᠨ ᠪᠠᠶᠢᠭᠤᠯᠤᠯᠲᠠ ᠬᠢᠭᠡᠳ ᠬᠦᠭᠵᠢᠯᠲᠡ ᠶᠢᠨ ᠶᠠᠪᠤᠴᠠ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠃ | ᠬᠦᠬᠡᠬᠤᠲᠠ ᠶᠢᠨ ᠲᠦᠷᠭᠡᠨ ᠬᠤᠷᠳᠤ ᠶᠢᠨ ᠵᠠᠮ ᠪᠤᠯᠤᠨ ᠭᠠᠵᠠᠷ ᠳᠣᠣᠷᠠᠬᠢ ᠲᠡᠮᠦᠷ ᠵᠠᠮ ᠤᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ | ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯ ᠢ ᠲᠦᠯᠬᠢᠨ ᠠᠬᠢᠭᠤᠯᠬᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠦᠪᠡᠳᠡᠭᠰᠢ ᠶᠡᠭᠡ ᠪᠠᠶᠠᠷ ᠢ | ᠤᠭᠲᠤᠨ᠂ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠴᠢᠬᠤᠯᠠ ᠶᠡᠭᠡ ᠠᠷᠭ᠎ᠠ ᠠᠪᠴᠢᠯ | ᠪᠤᠯᠬᠤ ᠲᠤᠯᠠ᠂ ᠲᠦᠷᠭᠡᠨ ᠬᠤᠷᠲᠤ ᠶᠢᠨ ᠵᠠᠮ ᠵᠢᠩᠬᠢᠨᠢ ᠪᠠᠷ ᠲᠦᠷᠰᠢᠨ ᠲᠡᠷᠭᠡ ᠨᠡᠪᠲᠡᠷᠡᠭᠰᠡᠨ ᠪᠠ ᠭᠠᠵᠠᠷ ᠳᠣᠣᠷᠠᠬᠢ | ᠲᠡᠮᠦᠷ ᠵᠠᠮ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠶᠠᠪᠤᠳᠠᠯ ᠨᠢ᠂ ᠬᠤᠲᠠ ᠶᠢᠨ | ᠣᠳᠣᠬᠢᠴᠢᠯᠠᠭᠰᠠᠨ ᠵᠠᠮ ᠬᠠᠷᠢᠯᠴᠠᠭᠠᠨ ᠤ ᠲᠤᠤᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠬᠤᠲᠠ ᠶᠢᠨ ᠣᠷᠣᠨ ᠵᠠᠶ ᠶᠢᠨ ᠪᠦᠲᠦᠴᠡ ᠪᠤᠯᠤᠨ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ | ᠬᠤᠲᠠ ᠶᠢᠨ ᠬᠦᠭᠵᠢᠯᠲᠡ ᠶᠢᠨ ᠪᠣᠷᠣ ᠲᠥᠯᠥᠪ ᠢ ᠡᠬᠢᠯᠡᠭᠦᠯᠬᠦ ᠪᠤᠯᠤᠨ᠎ᠠ︔ ᠰᠠᠭᠤᠭᠠᠯᠢ ᠠᠷᠠᠳ ᠤᠨ ᠭᠠᠳᠠᠭᠰᠢ | ᠭᠠᠷᠬᠤ ᠠᠷᠭ᠎ᠠ ᠮᠠᠶ᠋ᠢᠭ ᠪᠣᠯᠤᠨ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠳᠤ ᠲᠤᠰᠠᠲᠠᠢ ᠪᠦᠭᠡᠳ | ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠪᠣᠯᠤᠨ᠎ᠠ︔ | ᠲᠥᠪ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠨᠦᠯᠦᠭᠡᠯᠡᠨ | ᠳᠠᠶᠢᠴᠢᠯᠠᠬᠤ ᠬᠦᠴᠦᠨ ᠬᠢᠭᠡᠳ ᠭᠠᠳᠠᠭᠰᠢ ᠨᠦᠯᠦᠭᠡᠯᠡᠬᠦ ᠬᠦᠴᠦᠨ ᠢ ᠲᠦᠢᠯ ᠤᠨ ᠶᠡᠭᠡ ᠪᠠᠷ ᠳᠡᠭᠡᠭᠰᠢᠯᠡᠭᠦᠯᠵᠤ᠂ ︽ | ᠲᠡᠷᠢᠭᠦᠨ ᠵᠡᠷᠭᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ᠂ ᠲᠡᠷᠢᠭᠦᠨ ᠵᠡᠷᠭᠡ ᠶᠢᠨ ᠲᠦᠪ ᠬᠤᠲᠠ ᠶᠢᠨ ᠠᠵᠤ | ᠠᠬᠤᠶ ᠶᠢ ᠬᠦᠭᠵᠢᠬᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠷᠭᠡᠳᠭᠡᠨ ᠠᠬᠢᠭᠤᠯᠵᠤ᠂ ᠪᠦᠬᠦ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠦ ᠴᠢᠬᠤᠯᠠ ᠶᠡᠭᠡ ᠪᠥᠭᠡᠳ ᠠᠯᠤᠰ ᠬᠡᠳᠦ ᠶᠢᠨ ᠨᠥᠯᠥᠭᠡ | ᠦᠵᠡᠭᠦᠯᠬᠦ ᠪᠣᠯᠤᠨ᠎ᠠ᠃ ᠡᠨᠡ ᠡᠳᠦᠷ᠂ ᠲᠦᠷᠭᠡᠨ ᠬᠤᠷᠳᠤ ᠶᠢᠨ ᠵᠠᠮ ᠤᠨ ᠪᠠᠴᠢᠮ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠬᠤ ᠪᠠᠷ ᠳᠠᠮᠵᠢᠭᠠᠳ᠂ ᠨᠢᠭᠡᠨᠲᠡ ᠲᠤᠷᠰᠢᠨ ᠲᠡᠷᠭᠡ ᠨᠡᠪᠲᠡᠷᠡᠭᠰᠡᠨ ᠲᠤᠯᠠ᠂ ᠳᠠᠷᠠᠭᠠᠴᠢ ᠶᠢᠨ ᠠᠯᠬᠤᠮ ᠳᠤ | ᠡᠯ᠎ᠡ ᠵᠦᠢᠯ ᠤᠨ ᠲᠦᠭᠦᠷ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠲᠦᠷᠭᠡᠨ ᠬᠤᠷᠳᠤ ᠶᠢᠨ | ᠵᠠᠮ ᠤᠨ ᠴᠢᠳᠠᠮᠵᠢ ᠶᠢ ᠭᠦᠢᠴᠡᠳ ᠪᠠᠳᠠᠷᠠᠭᠤᠯᠬᠤ ᠶᠢ ᠬᠦᠰᠡᠵᠤ ᠪᠠᠶᠢᠨ᠎ᠠ᠃ ᠭᠠᠵᠠᠷ ᠳᠣᠣᠷᠠᠬᠢ ᠲᠡᠮᠦᠷ ᠵᠠᠮ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠡᠬᠢᠯᠡᠬᠦᠯᠬᠦ ᠪᠠᠷ ᠪᠠᠶᠢᠭ᠎ᠠ ᠶᠠᠪᠤᠳᠠᠯ ᠪᠣᠯ ᠭᠠᠪᠢᠶ᠎ᠠ ᠵᠢᠳᠭᠦᠯ | ᠨᠢ ᠣᠳᠣ ᠦᠶ᠎ᠡ ᠳᠡᠭᠡᠨ ᠪᠠᠶᠢᠵᠤ᠂ ᠠᠰᠢᠭ ᠲᠤᠰᠠ ᠨᠢ ᠲᠦᠮᠡᠨ ᠦᠶ᠎ᠡ ᠳᠤ ᠪᠠᠶᠢᠬᠤ ᠠᠷᠠᠳ ᠤᠨ ᠠᠮᠢᠳᠤᠷᠠᠯ ᠤᠨ | ᠢᠨᠵᠧᠨᠧᠷᠢᠩ ᠪᠤᠯᠬᠤ ᠪᠦᠭᠡᠳ ᠮᠦᠨᠴᠦ ᠨᠢᠭᠡᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠬᠤᠯᠪᠣᠭᠳᠠᠬᠤ | ᠬᠡᠪᠴᠢᠶ᠎ᠡ ᠨᠢ ᠥᠷᠭᠡᠨ᠂ ᠨᠡᠶᠢᠭᠡᠮ ᠤᠨ ᠬᠢᠨ ᠤ ᠠᠩᠬᠠᠷᠤᠯ ᠢ ᠲᠠᠲᠠᠭᠰᠠᠨ ᠨᠢᠭᠡᠨ ᠴᠢᠬᠤᠯᠠ ᠶᠡᠭᠡ ᠢᠨᠵᠧᠨᠧᠷᠢᠩ | ᠪᠠᠶᠢᠵᠤ᠂ ᠪᠦᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠴᠢᠩᠭ᠎ᠠ ᠬᠦᠰᠡᠯ ᠡᠷᠡᠮᠡᠯᠵᠡᠯ ᠢ ᠠᠴᠢᠶᠠᠯᠠᠵᠤ | ᠪᠠᠶᠢᠭ᠎ᠠ ᠶᠤᠮ᠃ ᠬᠦᠰᠡᠬᠦ ᠨᠢ ᠬᠦᠬᠡᠬᠤᠲᠠ ᠶᠢᠨ ᠬᠢᠨ ᠨᠢᠭᠲᠠ ᠲᠥᠯᠥᠪᠯᠡᠨ᠂ ᠨᠢᠮᠪᠠᠶ ᠲᠤᠬᠢᠷᠠᠭᠤᠯᠵᠤ᠂ ᠥᠨᠳᠥᠷ | ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠪᠡᠶᠡᠲᠦ ᠮᠦᠷᠲᠡᠭᠡᠨ ᠣᠳᠣᠬᠢᠴᠢᠯᠠᠭᠰᠠᠨ ᠬᠤᠲᠠ ᠶᠢᠨ ᠵᠠᠮ ᠬᠠᠷᠢᠯᠴᠠᠭᠠᠨ ᠤ | ᠲᠤᠤᠷ ᠰᠦᠯᠵᠢᠶᠡᠨ ᠤ ᠰᠢᠰᠲ᠋ᠧᠮᠵᠢ ᠶᠢ ᠠᠯᠢ ᠲᠦᠷᠭᠡᠨ ᠢᠶᠠᠷ ᠪᠠᠶᠢᠭᠤᠯᠬᠤ ᠬᠡᠷᠡᠭᠲᠠᠢ︔ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ | ᠦᠢᠯᠡᠴᠢᠯᠡᠨ᠂ ᠪᠠᠷᠢᠯᠭ᠎ᠠ ᠨᠢᠭᠡᠪᠦᠷᠢ ᠶᠢᠨ ᠤᠷᠤᠭᠰᠢᠲᠠᠶ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠠᠢ︔ ᠲᠦᠷᠦᠯ ᠵᠦᠢᠯ ᠨᠢᠭᠡᠪᠦᠷᠢ ᠶᠢᠨ ᠪᠦᠲᠦᠭᠡᠨ ᠪᠠᠶᠢᠭᠤᠯᠤᠭᠴᠢᠳ ᠶᠠᠰᠤ ᠴᠢᠨᠠᠷ ᠪᠠᠷ ᠦᠨᠳᠦᠰᠦ ᠪᠤᠯᠭᠠᠬᠤ᠂ | ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠷᠢᠮᠲᠠᠯᠠᠨ᠂ ᠭᠠᠷᠮᠠᠭᠠᠶ ᠠᠮᠵᠢᠯᠲᠠ ᠪᠦᠲᠦᠮᠵᠢ | ᠭᠠᠷᠭᠠᠨ᠂ ᠰᠣᠳᠣᠨ ᠵᠦᠢᠯ ᠢ ᠡᠭᠦᠳᠴᠦ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠪᠣᠯᠪᠠᠰᠤᠨ ᠢᠶᠠᠷ | ᠪᠠᠷᠢᠯᠭ᠎ᠠ ᠪᠠᠷᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠬᠥᠬᠡᠬᠤᠲᠠ ᠶᠢᠨ ᠭᠠᠵᠠᠷ | ᠳᠣᠣᠷᠠᠬᠢ ᠲᠡᠮᠦᠷ ᠵᠠᠮ ᠤᠨ ᠲᠦᠷᠦᠯ ᠵᠦᠢᠯ ᠢ ᠲᠡᠤᠬᠡᠨ ᠰᠢᠯᠭᠠᠯᠲᠠ ᠶᠢ ᠳᠠᠭᠠᠭᠠᠵᠤ ᠳᠡᠶᠢᠯᠬᠦ ᠦᠭᠡᠢ ᠪᠠᠷᠢᠯᠭ᠎ᠠ᠂ | ᠠᠷᠠᠳ ᠲᠦᠮᠡᠨ ᠰᠡᠳᠬᠢᠯ ᠬᠠᠨᠤᠮᠵᠢᠲᠠᠢ ᠰᠠᠨᠠᠭ᠎ᠠ ᠠᠮᠤᠷ ᠪᠠᠷᠢᠯᠭ᠎ᠠ ᠪᠤᠯᠭᠠᠨ ᠪᠠᠶᠢᠭᠤᠯᠵᠤ᠂ ᠪᠠᠶᠠᠨ ᠴᠢᠨᠡᠭᠡᠯᠢᠭ | ᠪᠣᠯᠪᠠᠰᠤᠨ᠂ ᠨᠡᠭᠡᠭᠡᠯᠲᠡ ᠲᠠᠢ ᠪᠦᠭᠡᠳ ᠡᠶ᠎ᠡ ᠵᠣᠬᠢᠴᠠᠯ ᠲᠠᠢ᠂ ᠠᠮᠢᠳᠤ ᠰᠣᠷᠭᠤᠭ ᠬᠦᠴᠦᠨ ᠴᠢᠳᠠᠯ ᠪᠢᠯᠬᠠᠭᠰᠠᠨ | ᠤᠳᠤᠬᠢᠴᠢᠯᠠᠭᠰᠠᠨ ᠲᠥᠪ ᠬᠤᠲᠠ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ | ᠬᠦᠰᠡᠵᠤ ᠪᠠᠶᠢᠨ᠎ᠠ ᠬᠡᠪᠡ᠃ | ᠤᠶᠢᠯᠠᠭᠠᠭᠰᠠᠨ ᠢᠶᠠᠷ᠂ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠤᠨ ᠪᠠᠷᠢᠯᠭ᠎ᠠ 2014 ᠣᠨ ᠤ 3 | ᠳ᠋ᠤᠭᠠᠷ ᠰᠠᠷ᠎ᠠ ᠠᠴᠠ ᠡᠬᠢᠯᠡᠨ ᠪᠦᠬᠦ ᠱᠤᠭᠤᠮ ᠠᠵᠢᠯ ᠢᠶᠠᠷ ᠡᠬᠢᠯᠡᠭᠦᠯᠵᠦ᠂ ᠪᠠᠷᠢᠯᠭ᠎ᠠ ᠶᠢᠨ ᠶᠡᠷᠦᠩᠬᠡᠶ ᠪᠡᠯᠡ | ᠣᠷᠣᠭᠤᠯᠤᠯᠲᠠ ᠪᠠᠷᠤᠭ 216 ᠳ᠋ᠦᠡᠭᠰᠢᠭᠤᠷ ᠲᠥᠭᠦᠷᠢᠭ ᠪᠠᠶᠢᠵᠤ᠂ ᠲᠦᠷᠭᠡᠨ ᠬᠤᠷᠳᠤ ᠶᠢᠨ ᠵᠠᠮ ᠤᠨ ᠭᠤᠣᠯ | ᠱᠤᠭᠤᠮ ᠤᠨ ᠪᠦᠬᠦ ᠣᠷᠳᠣ ᠨᠢ 65.31ᠺᠢᠯᠣᠮᠧᠲᠷ ᠪᠠᠶᠢᠵᠤ᠂ ᠨᠡᠶᠢᠲᠡ ᠵᠦᠷᠢᠯᠢᠭ ᠬᠥᠭᠦᠷᠭᠡ 13᠂ ᠭᠤᠤᠯ | ᠰᠤᠨᠳᠠᠯᠠᠭᠰᠠᠨ ᠬᠥᠭᠦᠷᠭᠡ 6᠂ ᠵᠠᠮ ᠰᠤᠨᠳᠠᠯᠠᠭᠰᠠᠨ ᠬᠥᠭᠦᠷᠭᠡ 12᠂ ᠶᠠᠪᠠᠭᠠᠨ ᠬᠥᠮᠦᠨ ᠤ ᠳᠡᠭᠦᠵᠢᠩ ᠬᠥᠭᠦᠷᠭᠡ ︵ | 40 BRT ᠰᠠᠭᠤᠳᠠᠯ ᠲᠠᠢ ᠤᠯᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠪᠠᠭᠲᠠᠨ᠎ᠠ︶ 51᠂ ᠭᠠᠵᠠᠷ | ᠳᠤᠤᠷᠠᠬᠢ ᠨᠡᠪᠲᠡᠷᠡᠬᠦ ᠵᠠᠮ 2 ᠶᠢ ᠪᠠᠶᠢᠭᠤᠯᠪᠠ︔ ᠪᠦᠬᠦ ᠱᠤᠭᠤᠮ ᠤᠨ ᠬᠡᠪᠴᠢᠶᠡᠨ ᠳᠠᠬᠢ ᠬᠥᠭᠦᠷᠭᠡ ᠶᠢᠨ ᠪᠦᠬᠦ | ᠣᠷᠳᠣ 68.43 ᠺᠢᠯᠣᠮᠧᠲᠷ᠂ ᠭᠠᠵᠠᠷ ᠳᠡᠭᠡᠷᠡᠬᠢ ᠳᠠᠭᠠᠯᠲᠠ ᠵᠠᠮ ᠤᠨ ᠪᠦᠬᠦ ᠣᠷᠳᠣ 65.31 ᠺᠢᠯᠣᠮᠧᠲᠷ | ᠪᠠᠶᠢᠵᠤ᠂ ᠨᠤᠭᠤᠭᠠᠷᠠᠭᠤᠯᠬᠤ ᠲᠠᠯᠠᠪᠠᠶ 6000 ᠮᠥ ᠪᠤᠯᠤᠨ᠎ᠠ᠃ ᠲᠦᠷᠭᠡᠨ ᠬᠤᠷᠳᠤ ᠶᠢᠨ ᠵᠠᠮ ᠵᠡᠭᠦᠨᠰᠢ ᠨᠢᠰᠭᠡᠯ ᠤᠨ | ᠪᠠᠭᠤᠳᠠᠯ ᠤᠨ ᠳᠡᠭᠡᠲᠦ ᠬᠤᠷᠳᠤ ᠶᠢᠨ ᠵᠠᠰᠠᠮᠠᠯ ᠵᠠᠮ ᠯᠤᠭ᠎ᠠ ᠵᠠᠯᠭᠠᠯᠳᠤᠵᠤ᠂ ᠵᠡᠭᠦᠨ ᠡᠮᠦᠨᠡᠰᠢ ᠬᠦᠬᠡᠬᠤᠲᠠ ᠠᠴᠠ ᠱᠠ | ᠬᠤ᠋ ᠺᠸᠤ ᠬᠦᠷᠬᠦ ᠳᠡᠭᠡᠲᠦ ᠬᠤᠷᠳᠤ ᠶᠢᠨ ᠵᠠᠰᠠᠮᠠᠯ ᠵᠠᠮ ᠯᠤᠭ᠎ᠠ ᠵᠠᠯᠭᠠᠯᠳᠤᠵᠤ᠂ ᠪᠠᠷᠠᠭᠤᠨ ᠡᠮᠦᠨᠡᠰᠢ | ᠬᠦᠬᠡᠬᠤᠲᠠ ᠠᠴᠠ ᠵᠡᠭᠦᠨᠭᠠᠷ ᠬᠦᠷᠬᠦ ᠳᠡᠭᠡᠲᠦ ᠬᠤᠷᠳᠤ ᠶᠢᠨ ᠵᠠᠰᠠᠮᠠᠯ ᠵᠠᠮ ᠯᠤᠭ᠎ᠠ ᠵᠠᠯᠭᠠᠯᠳᠤᠵᠤ᠂ ᠤᠮᠠᠷᠠᠰᠢ | ᠪᠡᠭᠡᠵᠢᠩ ᠠᠴᠠ ᠲᠥᠪᠡᠳ ᠬᠦᠷᠬᠦ ᠳᠡᠭᠡᠲᠦ ᠬᠤᠷᠳᠤ ᠶᠢᠨ ᠵᠠᠰᠠᠮᠠᠯ ᠵᠠᠮ ᠯᠤᠭ᠎ᠠ ᠵᠠᠯᠭᠠᠯᠳᠤᠵᠤ᠂ ᠬᠤᠯᠪᠤᠯᠳᠤᠨ | ᠨᠡᠪᠲᠡᠷᠡᠯᠴᠡᠭᠰᠡᠨ᠂ ᠳᠥᠭᠦᠮ ᠳᠥᠲᠡ ᠥᠨᠳᠥᠷ ᠪᠦᠲᠦᠮᠵᠢᠲᠠᠢ ᠵᠠᠮ ᠤᠨ ᠲᠤᠤᠷ ᠰᠦᠯᠵᠢᠶ᠎ᠡ ᠶᠢᠨ ᠪᠦᠲᠦᠴᠡ ᠶᠢ | ᠪᠤᠢ ᠪᠤᠯᠭᠠᠪᠠ᠃ ᠲᠦᠷᠦᠯ ᠵᠦᠢᠯ ᠤᠨ ᠪᠦᠬᠦᠨ ᠢ ᠪᠠᠶᠢᠭᠤᠯᠤᠭᠰᠠᠨ ᠤ ᠳᠠᠷᠠᠭ᠎ᠠ᠂ ᠨᠡᠪᠲᠡᠷᠡᠬᠦ ᠴᠢᠳᠠᠪᠤᠷᠢ ᠨᠢ | ᠤᠤᠯ ᠤᠨ ᠬᠤᠶᠠᠳᠤᠭᠠᠷ ᠲᠣᠭᠤᠷᠢᠯ ᠵᠠᠮ ᠤᠨ 2.4 ᠳᠠᠬᠢᠨ ᠪᠠᠶᠢᠵᠤ᠂ ᠭᠤᠤᠯ ᠬᠤᠲᠠ ᠶᠢᠨ ᠲᠣᠭᠤᠷᠢᠭ ᠤᠨ | 15% ᠠᠴᠠ 20% ᠶᠢᠨ ᠵᠠᠮ ᠬᠠᠷᠢᠯᠴᠠᠭᠠᠨ ᠤ ᠴᠤᠪᠤᠷᠠᠯ ᠤᠨ ᠬᠡᠮᠵᠢᠶ᠎ᠡ ᠶᠢ ᠳᠠᠲᠠᠨ ᠠᠪᠴᠤ᠂ ᠤᠷᠬᠢᠯ ᠴᠠᠭ ᠲᠤ | ᠴᠠᠭ ᠪᠦᠷᠢ ᠶᠢᠨ ᠲᠡᠷᠭᠡ ᠨᠡᠪᠲᠡᠷᠡᠬᠦ ᠴᠤᠪᠤᠷᠠᠯ ᠤᠨ ᠬᠡᠮᠵᠢᠶ᠎ᠡ ᠨᠢ ᠬᠤᠶᠠᠷ ᠲᠦᠮᠡ ᠭᠠᠷᠤᠢ ᠳᠤ ᠬᠦᠷᠬᠦ ᠪᠤᠯᠤᠨ᠎ᠠ᠃ | ᠲᠦᠷᠭᠡᠨ ᠬᠤᠷᠳᠤ ᠶᠢᠨ ᠵᠠᠮ ᠲᠡᠷᠭᠡ ᠨᠡᠪᠲᠡᠷᠡᠭᠰᠡᠨ ᠶᠠᠪᠤᠳᠠᠯ ᠨᠢ᠂ ᠬᠤᠲᠠ ᠲᠤᠭᠤᠷᠢᠭ ᠤᠨ ᠵᠠᠮ ᠬᠠᠷᠢᠯᠴᠠᠭᠠᠨ ᠤ | ᠳᠠᠷᠤᠯᠲᠠ ᠶᠢ ᠲᠤᠶᠢᠯ ᠤᠨ ᠶᠡᠭᠡ ᠪᠠᠷ ᠨᠠᠮᠳᠠᠭᠤᠯᠵᠤ᠂ ᠬᠤᠲᠠ ᠶᠢᠨ ᠵᠡᠷᠭᠡ ᠳᠡᠰ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠪᠤᠯᠤᠨ᠎ᠠ᠃ | ᠬᠦᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠪᠠᠷᠢᠯᠭ᠎ᠠ ᠪᠤᠯ ᠬᠤᠲᠠ ᠶᠢᠨ ᠲᠦᠷᠭᠡᠨ ᠬᠤᠷᠳᠤ ᠶᠢᠨ | ᠵᠠᠮ ᠤᠨ ᠳᠠᠷᠠᠭᠠᠬᠢ᠂ ᠬᠥᠬᠡᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠰᠠ ᠨᠢᠭᠡᠨ ᠪᠡᠯᠭᠡᠳᠡᠯᠲᠦ | ᠴᠢᠨᠠᠷᠲᠠᠢ᠂ ᠪᠡᠯᠭᠡ ᠲᠡᠮᠳᠡᠭᠲᠦ ᠴᠢᠬᠤᠯᠠ ᠶᠡᠭᠡ ᠪᠠᠷᠢᠯᠭ᠎ᠠ ᠪᠣᠯᠬᠤ ᠶᠤᠮ᠃ ᠬᠦᠬᠡᠬᠤᠲᠠ ᠶᠢᠨ ᠭᠠᠵᠠᠷ ᠳᠣᠣᠷᠠᠬᠢ | ᠲᠡᠮᠦᠷ ᠵᠠᠮ ᠤᠨ ᠲᠦᠷᠦᠯ ᠵᠦᠢᠯ ᠳᠤ ᠠᠯᠤᠰ ᠬᠡᠳᠦ ᠳᠡᠭᠡᠨ 5 ᠵᠠᠮ ᠱᠤᠭᠤᠮ ᠪᠠᠶᠢᠭᠤᠯᠵᠤ᠂ ᠪᠡᠯᠡ ᠮᠥᠩᠭᠦ ᠶᠢ | 950 ᠳ᠋ᠦᠡᠭᠰᠢᠭᠤᠷ ᠲᠥᠭᠦᠷᠢᠭ ᠢᠶᠠᠷ ᠪᠠᠷᠤᠭᠯᠠᠨ ᠪᠤᠳᠤᠵᠤ᠂ ᠪᠦᠬᠦ ᠣᠷᠳᠣ ᠨᠢ 155 ᠺᠢᠯᠣᠮᠧᠲᠷ ᠪᠠᠶᠢᠵᠤ᠂ | ᠨᠡᠶᠢᠲᠡ 110 ᠲᠡᠷᠭᠡᠨ ᠥᠷᠲᠡᠭᠡ ᠭᠠᠷᠭᠠᠬᠤ ᠪᠠᠷ ᠲᠦᠯᠦᠪᠵᠢᠭᠦᠯᠪᠡ᠃ ᠡᠭᠦᠨ ᠳᠤ 1᠂ 2 ᠳ᠋ᠤᠭᠠᠷ ᠱᠤᠭᠤᠮ ᠪᠤᠯ | ᠭᠤᠣᠯ ᠱᠤᠭᠤᠮ ᠪᠠᠶᠢᠵᠤ᠂ 3 ᠠᠴᠠ 5 ᠳ᠋ᠤᠭᠠᠷ ᠱᠤᠭᠤᠮ ᠪᠤᠯ ᠲᠤᠰᠠᠯᠠᠬᠤ ᠱᠤᠭᠤᠮ ᠪᠤᠯᠤᠨ᠎ᠠ᠃ | ᠲᠦᠷᠦᠭᠦᠴᠢ ᠶᠢᠨ ᠬᠤᠭᠤᠴᠠᠭᠠᠨ ᠳᠤ 1᠂ 2 ᠳ᠋ᠤᠭᠠᠷ ᠱᠤᠭᠤᠮ ᠢ ᠪᠦᠲᠦᠭᠡᠨ ᠪᠠᠶᠢᠭᠤᠯᠵᠤ᠂ ᠬᠤᠶᠠᠷ ᠬᠤᠭᠤᠴᠠᠭ᠎ᠠ | ᠬᠤᠪᠢᠶᠠᠨ ᠶᠠᠪᠤᠭᠳᠠᠭᠤᠯᠵᠤ᠂ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠶᠡᠷᠦᠩᠭᠡᠢ ᠪᠡᠯᠡ ᠤᠷᠤᠭᠤᠯᠤᠯᠲᠠ | 338.81 ᠳ᠋ᠦᠡᠭᠰᠢᠭᠤᠷ ᠲᠥᠭᠦᠷᠢᠭ ᠪᠠᠶᠢᠵᠤ᠂ ᠪᠦᠬᠦ ᠣᠷᠳᠣ ᠨᠢ 51.4 ᠺᠢᠯᠣᠮᠧᠲᠷ᠂ ᠲᠡᠷᠭᠡᠨ ᠥᠷᠲᠡᠭᠡ 42 | ᠭᠠᠷᠭᠠᠵᠤ᠂ ppp ᠬᠤᠷᠰᠢᠨ ᠪᠡᠯᠡ ᠤᠷᠤᠭᠤᠯᠵᠤ ᠪᠡᠯᠡ ᠲᠤᠬᠢᠷᠠᠭᠤᠯᠬᠤ ᠵᠠᠭᠪᠤᠷ ᠢᠶᠠᠷ ᠪᠦᠲᠦᠭᠡᠨ ᠪᠠᠶᠢᠭᠤᠯᠵᠤ᠂ | 2020 ᠣᠨ ᠠᠴᠠ ᠡᠮᠦᠨ᠎ᠡ ᠪᠠᠶᠢᠭᠤᠯᠵᠤ ᠠᠰᠢᠭᠯᠠᠯᠲᠠ ᠳᠤ ᠤᠷᠤᠭᠤᠯᠬᠤ ᠪᠠᠷ ᠲᠦᠯᠦᠪᠯᠡᠪᠡ᠃ ᠡᠭᠦᠨ ᠳᠤ᠂ 1 | ᠳ᠋ᠤᠭᠡᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢ ᠵᠡᠭᠦᠨᠰᠢ ᠪᠠᠷᠠᠭᠤᠨᠰᠢ ᠴᠢᠭᠯᠡᠭᠰᠡᠨ ᠨᠢᠷᠤᠭᠤᠪᠴᠢ | ᠱᠤᠭᠤᠮ ᠪᠠᠶᠢᠵᠤ᠂ ᠪᠠᠷᠠᠭᠤᠨ ᠶᠢᠨ ᠬᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠡᠬᠢᠯᠡᠵᠤ᠂ | ᠰᠢᠨᠬᠤᠸᠠ ᠪᠠᠷᠠᠭᠤᠨ ᠵᠡᠭᠡᠯᠢ ᠳᠠᠭᠠᠤ᠂ ᠰᠢᠨᠬᠤᠸᠠ ᠵᠡᠭᠦᠨ ᠵᠡᠭᠡᠯᠢ᠂ ᠵᠡᠭᠦᠨ ᠥᠷᠲᠡᠭᠡ ᠶᠢᠨ ᠡᠮᠦᠨ᠎ᠡ ᠵᠡᠭᠡᠯᠢ᠂ | ᠠᠭᠠᠷ ᠤᠨ ᠭᠠᠷᠠᠮ ᠤᠨ ᠶᠡᠭᠡ ᠵᠠᠮ ᠳᠠᠭᠠᠤ ᠳᠡᠪᠢᠰᠴᠦ᠂ ᠴᠠᠭᠠᠨ ᠰᠤᠪᠤᠷᠭ᠎ᠠ ᠥᠷᠲᠡᠭᠡ ᠬᠦᠷᠴᠦ᠂ ᠪᠦᠬᠦ ᠣᠷᠳᠣ ᠨᠢ | 23.2 ᠺᠢᠯᠣᠮᠧᠲᠷ ᠪᠤᠯᠤᠨ᠎ᠠ᠃ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢ ︽L︾ | ᠬᠡᠯᠪᠡᠷᠢ ᠶᠢᠨ ᠭᠤᠣᠯᠯᠠᠭᠴᠢ ᠱᠤᠭᠤᠮ ᠪᠠᠶᠢᠵᠤ᠂ ᠡᠮᠦᠨ᠎ᠡ ᠳᠠᠬᠢ ᠪᠠᠷᠠᠭᠤᠨ ᠯᠠᠮᠠ ᠶᠢᠨ ᠠᠶᠢᠯ ᠤᠨ ᠮᠠᠰᠢᠨ ᠲᠡᠷᠭᠡᠨ ᠤ | ᠬᠡᠰᠡᠭ ᠠᠴᠠ ᠡᠬᠢᠯᠡᠵᠦ᠂ ᠰᠢᠯᠢ ᠶᠢᠨ ᠭᠤᠤᠯ ᠵᠠᠮ᠂ ᠴᠢᠩᠭᠢᠰ ᠬᠠᠭᠠᠨ ᠶᠡᠭᠡ ᠵᠡᠭᠡᠯᠢ ᠳᠠᠭᠠᠤ ᠳᠡᠪᠢᠰᠴᠤ᠂ ᠵᠡᠭᠦᠨ | ᠬᠤᠶᠢᠲᠦ ᠦᠵᠦᠭᠦᠷ ᠨᠢ ᠰᠢᠨ ᠳ᠋ᠢᠶᠠᠨ ᠤ ᠵᠡᠭᠦᠨᠳᠡᠬᠢ ᠲᠡᠷᠭᠡ ᠵᠤᠭᠰᠤᠭᠠᠬᠤ ᠲᠠᠯᠠᠪᠠᠢ ᠬᠦᠷᠴᠦ᠂ ᠬᠤᠲᠠ ᠶᠢᠨ ᠵᠡᠭᠦᠨ | ᠬᠡᠰᠡᠭ ᠤᠨ ᠳᠡᠳ᠋ ᠲᠥᠪ᠂ ᠭᠤᠣᠯ ᠲᠥᠪ ᠪᠣᠯᠤᠨ ᠡᠮᠦᠨᠡᠲᠦ ᠬᠡᠰᠡᠭ ᠤᠨ ᠳᠡᠳ᠋ ᠲᠥᠪ ᠢ ᠳᠠᠷᠠᠭᠠᠯᠠᠨ ᠬᠤᠯᠪᠤᠵᠤ᠂ | ᠪᠦᠬᠦ ᠣᠷᠳᠣ ᠨᠢ 28.2 ᠺᠢᠯᠣᠮᠧᠲᠷ ᠪᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ᠂ ᠤᠷᠤᠨ ᠰᠠᠭᠤᠴᠠ | ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭᠠᠨ ᠤ ᠲᠢᠩᠬᠢᠮ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠰᠣᠶᠣᠯ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ | ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠲᠡᠮᠦᠷ ᠵᠠᠮ ᠤᠨ ᠠᠵᠢᠯ ᠤᠨ ᠠᠯᠪᠠᠨ | ᠭᠡᠷ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠥᠪᠥᠷ ᠮᠣᠩᠭᠤᠯ ᠤᠨ ᠵᠠᠮ ᠬᠠᠷᠢᠯᠴᠠᠭᠠᠨ ᠤ | ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠪᠠᠷᠢᠯᠭ᠎ᠠ ᠡᠬᠢᠯᠡᠬᠦ ᠶᠣᠰᠣᠯᠠᠯ ᠳᠤ ᠤᠷᠤᠯᠴᠠᠪᠠ᠃ |