ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠲᠦᠷᠭᠡᠨ ᠬᠥᠭᠵᠢᠬᠦ ᠶᠢ ᠠᠬᠢᠭᠤᠯᠵᠤ  ᠥᠪᠥᠷ ᠮᠣᠩᠭᠤᠯ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ  ᠤᠨ ᠰᠦᠯᠵᠢᠶ᠎ᠡ ᠨᠡᠪᠲᠡᠷᠡᠯ᠎ᠡ
ᠨᠡᠶᠢᠲᠡᠯᠡᠭᠰᠡᠨ ᠴᠠᠭ᠄
2015/8/24
8 ᠳ᠋ᠤᠭᠠᠷ ᠰᠠᠷ᠎ᠠ ᠶᠢᠨ 20᠎ ᠤ ᠡᠳᠦᠷ᠂ ᠥᠪᠥᠷ ᠮᠣᠩᠭᠤᠯ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠨᠡᠪᠲᠡᠷᠡᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠵᠢᠩᠬᠢᠨᠢ ᠪᠠᠷ ᠨᠡᠪᠲᠡᠷᠡᠭᠰᠡᠨ ᠢ ᠵᠠᠷᠯᠠᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠮᠡᠳᠡᠭᠡ ᠵᠠᠩᠭᠢᠵᠢᠯ ᠤᠨ ᠵᠥᠪᠯᠡᠯ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ᠂ ᠤᠯᠤᠰ ᠲᠥᠷᠥ ᠰᠤᠳᠤᠯᠬᠤ ᠭᠡᠷ᠂ ᠡᠳ᠋ ᠤᠨ ᠵᠠᠰᠠᠭ ᠤᠨ ᠲᠢᠩᠬᠢᠮ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠠᠷᠠᠳ ᠤᠨ ᠪᠠᠩᠬᠢ᠂ ᠬᠦᠬᠡᠬᠤᠲᠠ ᠶᠢᠨ ᠪᠣᠭᠤᠮᠲᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠩᠬᠢ ᠶᠢ ᠬᠢᠨᠠᠵᠤ ᠬᠠᠮᠢᠶᠠᠷᠬᠤ ᠲᠣᠪᠴᠢᠶ᠎ᠠ᠂ ᠲᠡᠮᠲᠡᠭᠲᠦ  ᠬᠢᠨᠠᠬᠤ ᠲᠣᠪᠴᠢᠶ᠎ᠠ᠂ ᠨᠡᠭᠡᠭᠡᠯᠲᠡ ᠶᠢᠨ ᠪᠠᠩᠬᠢ᠂ ᠠᠵᠤ ᠦᠢᠯᠡᠳᠪᠦᠷᠢ ᠬᠤᠳᠠᠯᠳᠤᠭᠠᠴᠢᠨ ᠤ ᠬᠤᠯᠪᠣᠭ᠎ᠠ᠂ ᠪᠠᠶᠢᠴᠠᠭᠠᠬᠤ ᠶᠡᠷᠦᠩᠬᠡᠶ ᠠᠩᠭᠢ᠂ ᠵᠠᠮ ᠬᠠᠷᠢᠯᠴᠠᠭᠠᠨ ᠤ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ᠂ ᠠᠮᠤᠷ ᠲᠦᠪᠰᠢᠨ ᠤ ᠬᠢᠨᠠᠯᠲᠠ ᠲᠠᠯᠪᠢᠬᠤ ᠲᠣᠪᠴᠢᠶ᠎ᠠ᠂ ᠣᠷᠴᠢᠨ ᠲᠣᠭᠤᠷᠢᠨ ᠢ ᠬᠠᠮᠠᠭᠠᠯᠠᠬᠤ ᠲᠢᠩᠬᠢᠮ᠂ ᠬᠠᠤᠯᠢ ᠳᠦᠷᠢᠮ ᠤᠨ ᠠᠯᠪᠠᠨ ᠭᠡᠷ᠂ ᠴᠠᠬᠢᠯᠭᠠᠨ ᠬᠦᠴᠦᠨ ᠤ ᠺᠣᠮᠫᠠᠨᠢ ᠵᠡᠷᠭᠡ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠪᠦᠬᠦ ᠣᠷᠣᠨ ᠤ 12 ᠠᠶᠢᠮᠠᠭ ᠬᠤᠲᠠ᠂ ᠲᠥᠯᠥᠪᠯᠡᠭᠡ ᠳᠤ ᠠᠰᠳᠠᠭᠠᠨ ᠵᠢᠭᠰᠠᠭᠠᠭᠰᠠᠨ ᠬᠤᠲᠠ ᠶᠢᠨ ᠬᠤᠯᠪᠣᠭᠳᠠᠯ ᠪᠦᠬᠦᠢ 2 ᠰᠠᠯᠠᠭ᠎ᠠ ᠮᠥᠴᠢᠷ᠂ ᠳᠤᠮᠳᠠ ᠵᠢᠵᠢᠭ ᠠᠵᠤ ᠠᠬᠤᠶᠢᠯᠠᠯ ᠤᠨ ᠴᠣᠩᠬᠤᠪᠴᠢ ᠦᠢᠯᠡᠴᠢᠯᠡᠭᠡᠨ ᠤ ᠲᠠᠪᠴᠠᠩ ᠲᠣᠬᠠᠢ ᠶᠢᠨ ᠭᠠᠵᠠᠷ ᠲᠠᠭᠠᠨ  ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠲᠠᠨᠢᠯᠴᠠᠭᠤᠯᠤᠭᠰᠠᠨ ᠢᠶᠠᠷ᠂ ᠤᠯᠤᠰ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠮᠡᠳᠡᠭᠡ ᠵᠠᠩᠭᠢ ᠶᠢᠨ ᠬᠡᠯᠲᠡᠰ  ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢᠨ ᠪᠠᠶᠢᠭᠤᠯᠤᠯᠲᠠ ᠶᠢ ᠠᠬᠢᠭᠤᠯᠬᠤ ᠵᠢᠯᠣᠭᠤᠳᠬᠤ ᠰᠠᠨᠠᠯ ᠢ ᠦᠨᠳᠦᠰᠦᠯᠡᠨ᠂ 2013 ᠣᠨ ᠳᠤ᠂ ᠥᠪᠥᠷ ᠮᠣᠩᠭᠤᠯ ᠪᠦᠬᠦ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ 3 ᠵᠢᠯ ᠤᠨ ᠬᠤᠭᠤᠴᠠᠭ᠎ᠠ ᠬᠡᠷᠡᠭᠯᠡᠬᠦ ᠪᠠᠷ ᠲᠥᠯᠥᠪᠯᠡᠵᠦ᠂1.9 ᠳ᠋ᠦᠩᠰᠢᠭᠤᠷ ᠲᠦᠬᠦᠷᠢᠭ ᠤᠨ ᠶᠡᠷᠦᠩᠬᠡᠶ ᠪᠡᠯᠡ ᠣᠷᠣᠭᠤᠯᠵᠤ᠂ ᠪᠦᠬᠦ ᠣᠷᠣᠨ ᠤ ︽1+14+N︾ ᠪᠤᠰᠤᠭ᠎ᠠ ᠬᠡᠯᠪᠡᠷᠢᠲᠦ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢᠨ ᠰᠢᠰᠲ᠋ᠧᠮᠵᠢ ᠶᠢ  ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠢᠰᠦ ᠦᠢᠯᠡᠴᠢᠯᠡᠭᠡᠨ ᠤ ᠲᠠᠪᠴᠠᠩ ᠢᠶᠠᠷ ᠭᠤᠣᠯ ᠠᠴᠢᠶᠠᠯᠠᠪᠤᠷᠢ ᠪᠣᠯᠭᠠᠵᠤ ᠳᠡᠭᠡᠳᠦ ᠳᠠᠪᠬᠤᠷᠭ᠎ᠠ ᠶᠢᠨ ᠠᠵᠢᠯᠯᠠᠭ᠎ᠠ ᠶᠢ ᠬᠠᠷᠢᠭᠤᠴᠠᠵᠤ᠂12 ᠠᠶᠢᠮᠠᠭ ᠬᠤᠲᠠ᠂ ᠲᠥᠯᠥᠪᠯᠡᠭᠡ ᠳᠤ ᠠᠰᠳᠠᠭᠠᠨ ᠵᠢᠭᠰᠠᠭᠠᠭᠰᠠᠨ 2 ᠬᠤᠲᠠ ᠪᠣᠯᠣᠨ N ᠣᠨᠴᠠᠯᠢᠭᠲᠤ ᠠᠵᠤ ᠦᠢᠯᠡᠰ ᠤᠨ ᠴᠤᠭᠯᠠᠷᠠᠯ ᠤᠨ ᠴᠣᠩᠬᠤᠪᠴᠢ ᠦᠢᠯᠡᠴᠢᠯᠡᠭᠡᠨ ᠤ ᠲᠠᠪᠴᠠᠩ ᠢᠶᠠᠷ ᠰᠢᠭᠤᠳ ᠡᠵᠡᠩᠨᠡᠭᠦᠯᠵᠦ᠂ ᠴᠤᠭᠯᠠᠷᠠᠯ ᠤᠨ ᠣᠷᠣᠨ ᠤ ᠳᠣᠲᠣᠷ᠎ᠠ ᠭᠠᠳᠠᠨᠠᠬᠢ ᠨᠡᠶᠢᠭᠡᠮ ᠤᠨ ᠴᠢᠨᠠᠷ ᠰᠠᠶᠢᠲᠠᠢ ᠦᠢᠯᠡᠴᠢᠯᠡᠭᠡᠨ ᠤ ᠪᠠᠶᠢᠭᠤᠯᠤᠮᠵᠢ ᠶᠢ ᠳᠠᠶᠢᠴᠢᠯᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠮᠡᠳᠡᠭᠡ ᠵᠠᠩᠭᠢ ᠶᠢᠨ ᠵᠥᠪᠯᠡᠯᠭᠡ ᠥᠭᠬᠦ᠂ ᠬᠥᠮᠦᠨ ᠤ ᠬᠦᠴᠦᠨ ᠤ ᠡᠬᠢ ᠪᠠᠶᠠᠯᠢᠭ᠂ ᠮᠡᠷᠭᠡᠵᠢᠯ ᠤᠨ ᠳᠡᠮᠵᠢᠯᠭᠡ᠂ ᠠᠳᠠᠯ ᠦᠢᠯᠡᠰ ᠴᠣᠭᠴᠠᠯᠠᠬᠤ  ᠵᠢᠯᠣᠭᠤᠳᠤᠮᠵᠢ᠂ ᠵᠠᠬ᠎ᠠ ᠳᠡᠯᠭᠡᠭᠦᠷ ᠢ ᠨᠡᠭᠡᠭᠡᠬᠦ  ᠂ ᠬᠠᠮᠢᠶᠠᠷᠤᠯᠲᠠ ᠶᠢᠨ ᠠᠰᠠᠭᠤᠨ ᠯᠠᠪᠯᠠᠭ᠎ᠠ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠡᠷᠬᠡ ᠠᠰᠢᠭ ᠢᠶᠠᠨ ᠬᠠᠮᠠᠭᠠᠯᠠᠬᠤ ︽8 + 1︾ ᠵᠦᠢᠯ ᠤᠨ ᠦᠢᠯᠡᠴᠢᠯᠡᠭᠡ ᠦᠷᠨᠢᠭᠦᠯᠬᠦ  ᠪᠣᠯᠵᠠᠢ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢ ᠨᠡᠪᠲᠡᠷᠡᠭᠦᠯᠪᠡ
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ  ᠥᠪᠡᠷᠲᠡᠭᠡᠨ ᠵᠠᠰᠠᠬᠤ ᠣᠷᠣᠨ ᠤ ᠬᠦᠢᠰᠦ ᠦᠢᠯᠡᠴᠢᠯᠡᠭᠡᠨ ᠤ ᠲᠠᠪᠴᠠᠩ ᠤᠨ ᠮᠡᠳᠡᠭᠡ ᠵᠠᠩᠭᠢᠵᠢᠯᠲᠠ ᠲᠢᠩᠬᠢᠮ ᠢ ᠪᠠᠶᠢᠴᠠᠭᠠᠨ ᠰᠢᠨᠵᠢᠯᠡᠵᠦ ᠪᠠᠶᠢᠭ᠎ᠠ ᠨᠢ
     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠰᠦᠯᠵᠢᠶᠡᠨ ᠤ ᠵᠢᠩᠬᠢᠨᠢ  ᠬᠠᠷᠠᠭᠠᠨ ᠳᠠᠪᠲᠠᠮᠵᠢ ᠪᠠᠷ ᠳᠠᠮᠵᠢᠭᠠᠳ ᠡᠯ᠎ᠡ ᠠᠶᠢᠮᠠᠭ ᠬᠤᠲᠠ ᠶᠢᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠪᠡ᠃
     ᠥᠪᠥᠷ ᠮᠣᠩᠭᠤᠯ ᠤᠨ ᠡᠯ᠎ᠡ ᠠᠶᠢᠮᠠᠭ ᠬᠤᠲᠠ ᠶᠢᠨ ᠴᠣᠩᠬᠤᠪᠴᠢ ᠦᠢᠯᠡᠴᠢᠯᠡᠭᠡᠨ ᠤ ᠲᠠᠪᠴᠠᠩ ᠰᠦᠯᠵᠢᠶᠡᠨ ᠤ ᠵᠢᠩᠬᠢᠨᠢ ᠬᠠᠷᠠᠭᠠᠨ ᠳᠠᠪᠲᠠᠮᠵᠢ ᠪᠠᠷ ᠳᠠᠮᠵᠢᠨ  ᠲᠣᠬᠠᠢ ᠶᠢᠨ ᠭᠠᠵᠠᠷ ᠲᠠᠭᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠠᠶᠢᠨ᠎ᠠ᠃      3 ᠵᠢᠯ ᠰᠢᠬᠠᠮ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠪᠦᠬᠦ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ 1500 ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠬᠦᠢᠰᠦ ᠦᠢᠯᠡᠴᠢᠯᠡᠭᠡᠨ ᠤ ᠲᠠᠪᠴᠠᠩ ᠨᠢ ᠲᠤᠲᠤᠭᠠᠳᠤ ᠳᠠᠭᠠᠨ ᠪᠣᠳᠠᠲᠤ ᠴᠣᠭᠴᠠ ᠶᠢᠨ ᠦᠢᠯᠡᠴᠢᠯᠡᠭᠡᠨ ᠤ ᠲᠢᠩᠬᠢᠮ ᠂ ᠮᠡᠳᠡᠭᠡ ᠵᠠᠩᠭᠢᠵᠢᠯᠲᠠ ᠶᠢᠨ ᠪᠡᠶᠡᠴᠢᠯᠡᠨ ᠣᠶᠢᠯᠠᠭᠠᠬᠤ ᠲᠥᠪ᠂ ᠦᠢᠯᠡᠴᠢᠯᠡᠭᠡᠨ ᠤ ᠪᠠᠶᠢᠭᠤᠯᠤᠮᠵᠢ ᠶᠢᠨ ᠴᠣᠩᠬᠤᠪᠴᠢ ᠦᠢᠯᠡᠴᠢᠯᠡᠭᠡᠨ ᠤ ᠲᠣᠭᠤᠷᠢᠭ᠂ ᠰᠦᠯᠵᠢᠶᠡᠨ ᠤ ᠵᠢᠩᠬᠢᠨᠢ ᠬᠠᠷᠠᠭᠠᠨ ᠳᠠᠪᠲᠠᠮᠵᠢ ᠶᠢᠨ ᠪᠣᠯᠪᠠᠰᠤᠷᠠᠭᠤᠯᠤᠯ ᠤᠨ ᠲᠥᠪ᠂ ᠣᠨᠴᠠᠯᠢᠭᠲᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠡᠪᠴᠢᠭᠦᠯᠦᠷ ᠤᠨ ᠲᠣᠭᠤᠷᠢᠭ᠂ ᠣᠯᠠᠨ ᠵᠠᠭᠤᠴᠢᠲᠤ ᠪᠣᠯᠪᠠᠰᠤᠷᠠᠭᠤᠯᠤᠯ ᠤᠨ ᠲᠥᠪ᠂ ᠠᠳᠠᠯ ᠦᠢᠯᠡᠰ ᠴᠣᠭᠴᠠᠯᠠᠬᠤ ᠨᠡᠪᠴᠢᠭᠦᠯᠦᠷ ᠤᠨ ᠲᠠᠰᠤᠭ ᠵᠢᠴᠢ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠬᠦ  ᠰᠦᠯᠵᠢᠶᠡᠨ ᠳᠡᠭᠡᠷᠡᠬᠢ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠢ ᠲᠣᠬᠢᠷᠠᠭᠤᠯᠪᠠ᠃ ᠪᠦᠬᠦ ᠣᠷᠣᠨ ᠤ 12 ᠠᠶᠢᠮᠠᠭ ᠬᠤᠲᠠ᠂ ᠲᠥᠯᠥᠪᠯᠡᠭᠡ ᠎ ᠳᠤ ᠠᠰᠳᠠᠭᠠᠨ ᠵᠢᠭᠰᠠᠭᠠᠭᠰᠠᠨ 2 ᠬᠤᠲᠠ ᠪᠣᠯᠣᠨ ᠠᠵᠤ ᠦᠢᠯᠡᠰ ᠴᠣᠭᠴᠠᠯᠬᠤ 10  ᠴᠣᠭᠯᠠᠷᠠᠯ ᠪᠠᠰᠠ ᠲᠤᠰ ᠲᠤᠰ ᠲᠠᠭᠠᠨ 200᠎ ᠠᠴᠠ 1000 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠲᠢᠩᠬᠢᠮ ᠪᠠᠶᠢᠭᠤᠯᠪᠠ᠃      ᠥᠪᠡᠷᠲᠡᠭᠡᠨ ᠵᠠᠰᠠᠬᠤ ᠣᠷᠣᠨ ᠤ ᠬᠦᠢᠰᠦ ᠦᠢᠯᠡᠴᠢᠯᠡᠭᠡᠨ ᠤ ᠲᠠᠪᠴᠠᠩ ᠪᠣᠯᠣᠨ ᠠᠶᠢᠮᠠᠭ ᠬᠤᠲᠠ ᠵᠢᠴᠢ ᠣᠨᠴᠠᠯᠢᠭᠲᠤ ᠠᠵᠤ ᠦᠢᠯᠡᠰ ᠤᠨ ᠴᠣᠩᠬᠤᠪᠴᠢ ᠦᠢᠯᠡᠴᠢᠯᠡᠭᠡᠨ ᠤ ᠲᠠᠪᠴᠠᠩ ᠤᠨ ︽ᠪᠠᠶᠢᠭᠤᠯᠬᠤ ᠶᠢᠨ ᠳᠠᠭᠠᠤ ᠦᠢᠯᠡᠴᠢᠯᠡᠬᠦ︾ ᠠᠵᠢᠯ ᠢ ᠲᠦᠯᠬᠢᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠭ ᠤᠨ ᠳᠠᠭᠠᠭᠤᠯᠭ᠎ᠠ ᠳᠣᠣᠷ᠎ᠠ᠂ ︽ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷᠴᠢᠯᠡᠨ ᠡᠵᠡᠩᠨᠡᠬᠦ︾ ᠵᠠᠷᠴᠢᠮ  ᠢᠶᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤ ᠡᠳ᠋ᠯᠡᠬᠦ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ᠂ ᠴᠢᠳᠠᠮᠵᠢ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠦᠢᠯᠡᠴᠢᠯᠡᠭᠡ ᠪᠠᠷ  ᠬᠠᠮᠵᠢᠯᠴᠠᠬᠤ᠂ ᠪᠦᠬᠦ ᠣᠷᠣᠨ ᠢ ᠬᠠᠮᠤᠷᠤᠭᠰᠠᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢᠨ ᠦᠷᠭᠦᠯᠵᠢᠯᠡᠨ ᠬᠦᠭᠵᠢᠬᠦ ᠡᠵᠡᠩᠨᠡᠯᠲᠡ ᠶᠢᠨ ᠵᠠᠭᠪᠤᠷ ᠢ ᠭᠠᠷᠳᠠᠨ ᠬᠠᠶᠢᠨ ᠰᠦᠪᠡᠭᠴᠢᠯᠡᠵᠡᠢ᠄ ᠲᠤᠰᠬᠠᠢ ᠮᠡᠷᠭᠡᠵᠢᠭᠰᠡᠨ ᠴᠢᠨᠠᠷ ᠰᠠᠶᠢᠲᠠᠢ ᠦᠢᠯᠡᠴᠢᠯᠡᠭᠡᠨ ᠤ ᠪᠠᠶᠢᠭᠤᠯᠤᠮᠵᠢ ᠶᠢ ᠰᠢᠯᠢᠨ ᠰᠤᠩᠭᠤᠵᠤ ᠣᠷᠣᠵᠤ ᠰᠠᠭᠤᠯᠭᠠᠨ᠂ ᠣᠳᠣᠬᠠᠨ ᠳᠤ ᠣᠷᠣᠨ ᠤ ᠳᠣᠲᠣᠷ᠎ᠠ  ᠭᠠᠳᠠᠨᠠᠬᠢ ᠴᠢᠨᠠᠷ ᠰᠠᠶᠢᠲᠠᠢ 132 ᠦᠢᠯᠡᠴᠢᠯᠡᠭᠡᠨ ᠤ ᠪᠠᠶᠢᠭᠤᠯᠤᠮᠵᠢ ᠶᠢ ᠥᠪᠡᠷᠲᠡᠭᠡᠨ ᠵᠠᠰᠠᠬᠤ ᠣᠷᠣᠨ ᠤ  ᠬᠦᠢᠰᠦ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠳᠠᠲᠤ ᠴᠣᠭᠴᠠ ᠶᠢᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠯᠭᠠᠵᠠᠢ︔ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ᠢ ᠦᠨᠡᠯᠡᠨ ᠲᠣᠭᠲᠠᠭᠠᠵᠤ ᠲᠣᠭᠲᠠᠭᠠᠵᠤ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠲᠠᠪᠴᠠᠩ 10᠂ ᠥᠪᠡᠷᠲᠡᠭᠡᠨ ᠵᠠᠰᠠᠬᠤ ᠣᠷᠣᠨ ᠤ ᠳᠡᠰ ᠤᠨ135 ᠪᠣᠯᠣᠨ ᠬᠦᠭᠵᠢᠵᠦ᠂ ᠤᠯᠤᠰ ᠤᠨ ᠦᠯᠢᠭᠡᠷ ᠵᠢᠱᠢᠶ᠎ᠡ ᠦᠵᠡᠭᠦᠯᠬᠦ ᠲᠠᠪᠴᠠᠩ ᠢᠶᠠᠷ ᠳᠠᠭᠠᠭᠤᠯᠤᠭᠴᠢ ᠪᠣᠯᠭᠠᠭᠰᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠲᠠᠪᠴᠠᠩ ᠢᠶᠠᠷ ᠭᠤᠣᠯ ᠪᠣᠯᠭᠠᠭᠰᠠᠨ ᠱᠠᠲᠤ  ᠳᠠᠪᠬᠤᠷᠭ᠎ᠠ ᠶᠢᠨ ᠳᠠᠭᠠᠭᠤᠯᠤᠨ ᠬᠦᠭᠵᠢᠭᠦᠯᠬᠦ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠪᠠ᠃ 2015 ᠣᠨ ᠤ 3 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠤ 26 ᠲᠠᠪᠴᠠᠩ ᠤᠨ ᠰᠦᠯᠵᠢᠶ᠎ᠡ ᠨᠢ ᠨᠢᠭᠡᠨᠲᠡ ᠥᠷᠭᠡᠨ ᠣᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠎ ᠳᠤ 2173 ᠤᠳᠠᠭ᠎ᠠ ᠡᠯ᠎ᠡ ᠲᠥᠷᠥᠯ ᠬᠡᠯᠪᠡᠷᠢ ᠶᠢᠨ ᠦᠢᠯᠡᠴᠢᠯᠡᠭᠡᠨ ᠤ ᠠᠵᠢᠯᠯᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂  ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 15419ᠡᠷᠦᠬᠡ ᠤᠳᠠᠭ᠎ᠠ ᠦᠢᠯᠡᠴᠢᠯᠡᠵᠦ᠂ ᠦᠢᠯᠡᠴᠢᠯᠡᠭᠰᠡᠨ ᠬᠥᠮᠦᠨ ᠤ ᠲᠤᠭ᠎ᠠ ᠨᠢ 196623 ᠬᠥᠮᠦᠨ ᠤᠳᠠᠭ᠎ᠠ ᠳᠤ ᠬᠦᠷᠴᠦ᠂ ᠲᠠᠭᠠᠰᠢᠶᠠᠯ ᠤᠨ ᠨᠣᠷᠮ᠎ᠠ ᠨᠢ 95%᠎ ᠠᠴᠠ ᠳᠡᠭᠡᠭᠰᠢ ᠳᠤ ᠬᠦᠷᠪᠡ᠃ 2015 ᠣᠨ ᠤ 4 ᠳ᠋ᠦ᠋ᠭᠡᠷ ᠰᠠᠷ᠎ᠠ ᠶᠢᠨ 12᠎ ᠤ ᠡᠳᠦᠷ᠂ ᠥᠪᠡᠷᠲᠡᠭᠡᠨ ᠵᠠᠰᠠᠬᠤ ᠣᠷᠣᠨ ︽ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠲᠦᠷᠭᠡᠨ ᠬᠥᠭᠵᠢᠬᠦ ᠶᠢ ᠤᠯᠠᠮ  ᠨᠢᠭᠡ ᠠᠯᠬᠤᠮ ᠳᠡᠮᠵᠢᠬᠦ ᠲᠤᠬᠠᠶ ᠨᠠᠢᠮᠠᠨ ᠵᠤᠷᠪᠤᠰ ᠠᠷᠭ᠎ᠠ ᠬᠡᠮᠵᠢᠶ᠎ᠡ︾᠎ ᠶᠢ ᠨᠡᠶᠢᠲᠡᠯᠡᠪᠡ᠂ ᠪᠦᠬᠦ ᠣᠷᠣᠨ ᠤ ᠡᠯ᠎ᠡ ᠱᠠᠲᠤᠨ ᠤ ᠦᠢᠯᠡᠴᠢᠯᠡᠭᠡᠨ ᠤ ᠲᠠᠪᠴᠠᠩ  ᠡᠨᠡᠬᠦ ᠠᠰᠢᠭᠲᠠᠶ ᠴᠠᠭ ᠲᠣᠬᠢᠶᠠᠯ ᠢ ᠠᠮᠵᠢᠵᠤ᠂  ᠪᠦᠬᠦ ᠣᠷᠣᠨ ᠳᠤ ︽︿8 ᠵᠤᠷᠪᠤᠰ ᠠᠷᠭ᠎ᠠ ᠬᠡᠮᠵᠢᠶ᠎ᠡ﹀᠎ ᠶᠢ ᠨᠠᠶᠢᠳᠠᠪᠤᠷᠢᠵᠢᠭᠤᠯᠬᠤ ᠲᠠᠶᠢᠯᠦᠮᠵᠢ ᠪᠣᠯᠣᠨ ︿ᠭᠤᠷᠪᠠᠳᠤᠭᠠᠷ ᠰᠢᠨ᠎ᠡ ᠳᠡᠯᠭᠡᠴᠡ﹀᠎ ︾᠎ ᠶᠢᠨ ᠪᠣᠯᠪᠠᠰᠤᠷᠠᠭᠤᠯᠤᠯ ᠤᠨ ᠬᠤᠷᠠᠯ ᠢ ᠤᠷᠢᠳ ᠬᠤᠵᠢᠳ ᠳᠠᠭᠠᠭᠠᠨ ᠡᠷᠬᠢᠯᠡᠵᠦ᠂ ᠣᠷᠣᠨ ᠤ ᠲᠤᠲᠤᠷ᠎ᠠ ᠭᠠᠳᠠᠨᠠᠬᠢ 70 ᠭᠠᠷᠤᠢ ᠦᠢᠯᠡᠴᠢᠯᠡᠭᠡᠨ ᠤ ᠪᠠᠶᠢᠭᠤᠯᠤᠮᠵᠢ᠂ 600 ᠭᠠᠷᠤᠢ ᠠᠵᠤ ᠠᠬᠤᠶᠢᠯᠠᠯ᠂ 720  ᠭᠠᠷᠤᠢ ᠬᠥᠮᠥᠰ ᠬᠤᠷᠠᠯ ᠳᠤ ᠣᠷᠣᠯᠴᠠᠪᠠ᠃
     ᠡᠬᠢᠯᠡᠯᠲᠡ ᠶᠢᠨ ᠶᠤᠰᠣᠯᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠬᠦ ᠭᠡᠰᠢᠭᠦᠳ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠪᠠ᠃       ᠥᠪᠥᠷ ᠮᠣᠩᠭᠤᠯ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠶᠢᠨ ᠵᠢᠩᠬᠢᠨᠢ ᠪᠠᠷ ᠨᠡᠪᠲᠡᠷᠡᠭᠰᠡᠨ ᠢ ᠳᠠᠭᠠᠯᠳᠤᠨ᠂ ᠪᠦᠬᠦ ᠣᠷᠣᠨ ᠤ ᠡᠯ᠎ᠡ ᠱᠠᠲᠤᠨ ᠤ ᠲᠠᠪᠴᠠᠩ ᠨᠤᠭᠤᠳ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ︽ᠡᠷᠢᠬᠦ ᠳᠤ ᠳᠦᠭᠦᠮ᠂ ᠬᠡᠷᠡᠭᠯᠡᠵᠦ ᠳᠡᠶᠢᠯᠬᠦ᠂ ᠪᠠᠲᠤᠯᠠᠭ᠎ᠠ ᠲᠠᠢ︾ ᠡᠯ᠎ᠡ ᠵᠦᠢᠯ ᠤᠨ ᠰᠢᠯᠢᠳᠡᠭ ᠦᠢᠯᠡᠴᠢᠯᠡᠭᠡ ᠬᠠᠩᠭᠠᠬᠤ ᠲᠡᠦᠬᠡᠨ ᠡᠭᠦᠷᠭᠡ ᠶᠢ ᠡᠭᠦᠷᠭᠡᠯᠡᠵᠦ᠂ ᠪᠦᠬᠦ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠲᠦᠷᠭᠡᠨ ᠬᠦᠭᠵᠢᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号