ᠤᠯᠠᠭᠠᠠ᠄ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠪᠤᠯᠤᠨ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠠᠵᠢᠯ ᠢ ᠲᠠᠰᠤᠷᠠᠯᠲᠠ ᠦᠭᠡᠢ ᠬᠦᠨᠵᠡᠭᠡᠶᠢᠷᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2015/8/25
     8 ᠳ᠋ᠤᠭᠠᠷ ᠰᠠᠷ᠎ᠠ ᠶᠢᠨ 19᠎ ᠠᠴᠠ 20᠎ ᠤ ᠡᠲᠦᠷ ᠪᠤᠯᠲᠠᠯ᠎ᠠ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠭᠡᠯᠲᠡᠰ ᠤᠨ ᠲᠠᠷᠤᠭ᠎ᠠ ᠤᠯᠠᠭᠠᠠ ᠰᠤᠶᠤᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠪᠦᠬᠦ ᠤᠯᠤᠰ ᠤᠨ ᠪᠤᠯᠪᠠᠰᠤᠨ ᠬᠤᠲᠠ ᠶᠢ ᠡᠭᠦᠲᠦᠨ ᠪᠠᠶᠢᠭᠤᠯᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠪᠣᠢ ᠪᠣᠯᠭᠠᠨ ᠦᠢᠯᠡᠲᠦᠯᠭᠡᠵᠢᠭᠦᠯᠬᠦ ᠵᠡᠷᠭᠡ ᠠᠵᠢᠯ ᠤᠨ ᠲᠤᠬᠠᠢ ᠲᠦᠩᠯᠢᠶᠤᠤ ᠬᠤᠲᠠ ᠳᠤ ᠪᠠᠶᠢᠴᠠᠭᠠᠠ ᠰᠤᠲᠤᠯᠤᠯᠲᠠ ᠬᠢᠵᠠᠢ᠃      ᠤᠯᠠᠭᠠᠠ ᠨᠠᠷ ᠤᠷᠢᠳ ᠬᠤᠵᠢᠳ ᠲᠦᠩᠯᠢᠶᠦᠤ ᠬᠤᠲᠠ ᠶᠢᠨ ᠬᠤᠷᠴᠢᠨ ᠲᠤᠭᠤᠷᠢᠭ ᠤᠨ ᠬᠤᠩ ᠰᠢᠩ ᠪᠠᠯᠭᠠᠰᠤᠨ ᠤ ᠳ᠋ᠠ ᠼᠤᠤ ᠹᠠᠩ ᠲᠤᠰᠬᠤᠠ᠂ ᠰᠢᠨ ᠯᠢ ᠲᠦᠨ ᠲᠤᠰᠬᠤᠠ᠂ ᠬᠠᠠ ᠪᠦᠸᠧ ᠢ ᠫᠢᠨ ᠨᠡᠶᠢᠭᠡᠮ ᠲᠤᠭᠤᠷᠢᠭ᠂ ᠰᠢᠨᠬᠤᠸᠠ ᠨᠤᠮ ᠤᠨ ᠲᠡᠯᠭᠡᠭᠦᠷ ᠵᠡᠷᠭᠡ ᠭᠠᠵᠠᠷ ᠲᠤ ᠰᠢᠨᠵᠢᠯᠡᠡ ᠪᠠᠶᠢᠴᠠᠭᠠᠵᠠᠢ᠃      ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠪᠤᠢ ᠪᠣᠯᠭᠠᠨ ᠦᠢᠯᠡᠲᠦᠯᠭᠡᠵᠢᠭᠦᠯᠬᠦ ᠲᠤᠬᠠᠢ ᠤᠯᠠᠭᠠᠠ᠂ ︽ᠲᠤᠮᠲᠠᠲᠤ ᠶᠢᠨ ᠵᠡᠭᠦᠲᠦ · ᠬᠠᠷᠢᠭᠤᠴᠠᠯᠭ᠎ᠠ ᠪᠠᠨ ᠬᠦᠢᠴᠡᠳᠭᠡᠵᠣ ᠵᠡᠬᠦᠳᠣ ᠪᠠᠨ ᠲᠡᠷᠭᠡᠯᠰᠢᠭᠦᠯᠣᠨ᠎ᠠ︾ ᠭᠡᠬᠦ ᠭᠤᠤᠯ ᠰᠡᠲᠦᠪᠲᠦ ᠦᠢᠯᠡᠲᠦᠯᠭᠡ ᠶᠢᠨ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ︽ᠲᠦᠷᠪᠡᠡ ᠶᠤᠰᠤ ᠰᠤᠷᠲᠠᠬᠤᠨ ᠤ ᠦᠯᠢᠭᠡᠷ ᠵᠢᠱᠢᠶ᠎ᠠ︾᠂ ︽ᠮᠠᠨ ᠤ ᠲᠡᠷᠭᠡᠲᠡᠬᠢ ᠰᠠᠶᠢᠨ ᠬᠦᠮᠦᠨ︾ ᠵᠡᠷᠭᠡ ᠬᠡᠯᠪᠡᠷᠢ ᠪᠠᠷ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠦᠢᠯᠡᠲᠦᠯᠭᠡᠵᠢᠭᠦᠯᠦᠭᠰᠡᠡ ᠲᠡᠷᠭᠡᠲᠡᠬᠢ ᠲᠡᠷᠢᠭᠦᠨ ᠤ ᠨᠡᠶᠢᠲᠡᠯᠢᠭ ᠵᠢᠱᠢᠶ᠎ᠠ ᠶᠢ ᠶᠡᠬᠡᠪᠠᠷ ᠤᠬᠠᠭᠤᠯᠵᠦ᠂ ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠬᠦᠴᠦᠷᠭᠡᠭ ᠶᠡᠭᠡ ᠢᠲᠠᠪᠬᠢ ᠬᠦᠴᠤᠨ ᠢ ᠨᠢᠠᠠᠲᠠᠷᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃      ᠤᠯᠠᠭᠠᠠ᠂ ᠪᠤᠯᠪᠠᠰᠤᠨ ᠬᠤᠲᠠ ᠶᠢ ᠡᠭᠦᠲᠦᠠ ᠪᠠᠶᠢᠭᠤᠯᠬᠤ ᠠᠵᠢᠯ ᠤᠨ ᠲᠤᠬᠠᠢ ᠲᠠᠨᠢᠯᠲᠠ ᠪᠠᠨ ᠴᠢᠨᠠᠭᠰᠢᠲᠠ ᠲᠡᠭᠡᠭᠰᠢᠯᠡᠭᠦᠯᠵᠦ᠂ ᠵᠤᠬᠢᠶᠠᠠ ᠪᠠᠶᠢᠭᠤᠯᠤᠯᠲᠠ ᠶᠢᠨ ᠤᠲᠤᠷᠢᠲᠤᠯᠭ᠎ᠠ ᠪᠠᠨ ᠴᠢᠩᠭᠠᠳᠬᠠᠠ᠂ ᠬᠠᠷᠢᠭᠤᠴᠠᠯᠭᠠᠲᠦ ᠰᠡᠳᠭᠢᠯᠭᠡ ᠪᠤᠯᠤᠨ ᠡᠭᠦᠷᠭᠡ ᠬᠠᠷᠢᠭᠤᠴᠠᠬᠤ ᠪᠤᠲᠤᠯ ᠢᠶᠠᠨ ᠴᠢᠩᠭᠠᠳᠬᠠᠠ᠂ ᠲᠤᠭᠲᠠᠴᠠ ᠪᠠᠶᠢᠭᠤᠯᠤᠮᠵᠢ ᠶᠢ ᠲᠡᠭᠦᠯᠲᠡᠷᠵᠢᠭᠦᠯᠵᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠵᠦ᠂ ᠨᠢᠭᠡ ᠱᠠᠲᠤ ᠨᠢ ᠨᠢᠭᠡ ᠱᠠᠲᠤ ᠪᠠᠨ ᠲᠠᠭᠠᠭᠤᠯᠣᠨ᠂ ᠨᠢᠭᠡ ᠱᠠᠲᠤ ᠨᠢ ᠨᠢᠭᠡ ᠱᠠᠲᠦ ᠳᠠᠭᠠᠨ ᠬᠠᠷᠢᠭᠤᠴᠠᠵᠦ᠂ ᠱᠠᠲᠤ ᠱᠠᠲᠤᠨ ᠳᠤ ᠠᠳᠬᠤᠬᠤ ᠬᠦᠮᠦᠨ ᠲᠠᠢ᠂ ᠶᠠᠪᠣᠳᠠᠯ ᠪᠤᠯᠭᠠᠠ ᠢ ᠬᠠᠮᠢᠶᠠᠷᠬᠤ ᠬᠦᠮᠦᠨ ᠲᠠᠢ ᠪᠤᠯᠭᠠᠵᠦ᠂ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠳᠤ ᠪᠠᠳᠣ ᠴᠢᠩᠭ᠎ᠠ ᠲᠠᠢ ᠵᠤᠬᠢᠶᠠᠠ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠠᠵᠢᠯ ᠢ ᠪᠦᠬᠦᠯᠢ ᠴᠤᠭᠴᠠ ᠪᠠᠷ ᠨᠢ ᠠᠬᠢᠭᠤᠯᠬᠤ ᠠᠵᠢᠯ ᠲᠠᠢ ᠨᠢᠭᠲᠠ ᠤᠶᠠᠯᠲᠤᠭᠤᠯᠵᠦ᠂ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠠᠵᠢᠯ ᠤᠨ ᠲᠠᠶᠢᠴᠢᠯᠠᠯᠲᠠ ᠶᠢᠨ ᠶᠡᠭᠡ ᠬᠤᠷᠠᠯ ᠢ ᠴᠠᠭ ᠲᠤᠬᠠᠢ ᠳᠤᠨᠢ ᠬᠤᠷᠠᠯᠲᠤᠭᠤᠯᠵᠦ᠂ ᠬᠠᠷᠢᠭᠤᠴᠠᠯᠭ᠎ᠠ ᠶᠢᠨ ᠭᠤᠤᠯ ᠴᠤᠭᠴᠠ ᠶᠢ ᠲᠤᠲᠤᠷᠬᠠᠢᠢᠯᠠᠠ᠂ ᠠᠵᠢᠯ ᠤᠨ ᠨᠡᠶᠢᠯᠡᠯ ᠬᠦᠴᠤ ᠶᠢ ᠪᠦᠷᠢᠯᠲᠦᠭᠦᠯᠵᠦ᠂ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠠᠵᠢᠯ ᠢ ᠲᠦᠷᠢᠮᠵᠢᠭᠦᠯᠬᠦ ᠪᠠ ᠪᠠᠶᠢᠩᠭᠤᠵᠢᠭᠤᠯᠬᠤ ᠶᠢ ᠠᠬᠢᠭᠤᠯᠵᠦ᠂ ᠪᠦᠬᠦ ᠬᠤᠲᠠ ᠶᠢᠨ ᠪᠦᠬᠦᠯᠢ ᠴᠤᠭᠴᠠ ᠶᠢᠨ ᠠᠵᠢᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠲᠡᠢ᠃ ︽ᠪᠦᠬᠦ ᠤᠯᠤᠰ ᠤᠨ ᠪᠤᠯᠪᠠᠰᠤᠨ ᠬᠤᠲᠠ ᠶᠢ ᠦᠨᠡᠯᠡᠠ ᠲᠤᠭᠲᠠᠭᠠᠬᠤ ᠰᠢᠰᠲ᠋ᠧᠮ︾᠎ ᠲᠠᠢ ᠨᠠᠷᠢᠨ ᠬᠢᠨᠠᠮᠠᠭᠠᠢ ᠬᠠᠷᠢᠴᠠᠭᠤᠯᠵᠦ᠂ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠠᠵᠢᠯ ᠳᠤ ᠤᠷᠤᠰᠢᠵᠦ ᠪᠠᠶᠢᠭ᠎ᠠ ᠪᠠᠭᠤᠷᠠᠢ ᠭᠤᠭᠴᠤᠭ᠎ᠠ ᠪᠤᠯᠤᠨ ᠲᠤᠪᠤᠶᠢᠮ᠎ᠠ ᠠᠰᠠᠭᠤᠲᠠᠯ ᠢ ᠵᠦᠪ ᠤᠨᠤᠪᠴᠢᠲᠠᠢ ᠪᠦᠭᠡᠳ ᠪᠤᠲᠠᠲᠠᠢ ᠡᠷᠢᠵᠦ᠂ ᠦᠨᠡᠯᠡᠡ ᠲᠤᠭᠲᠠᠭᠠᠬᠤ ᠠᠵᠢᠯ ᠤᠨ ᠡᠭᠦᠷᠭᠡ ᠶᠢ ᠦᠨᠲᠦᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ᠃ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠠᠵᠢᠯ ᠤᠨ ᠨᠡᠶᠢᠭᠡᠮ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠣ᠂ ᠪᠤᠯᠪᠠᠰᠤᠨ ᠬᠤᠲᠠ ᠶᠢ ᠡᠭᠦᠲᠦᠨ ᠪᠠᠶᠢᠭᠤᠯᠬᠤ ᠤᠷᠴᠢᠨ ᠠᠬᠤᠢ ᠶᠢ ᠪᠤᠢ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号