ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/8/25
     2015 ᠤᠨ ᠤ 8 ᠳ᠋ᠤᠭᠠᠷ ᠰᠠᠷ᠎ᠠ ᠶᠢᠨ 21᠎ ᠤ ᠡᠳᠦᠷ᠂ ᠮᠠᠨ ᠤ ᠲᠢᠩᠬᠢᠮ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃    
                                               ᠲᠢᠩᠬᠢᠮ ᠤᠨ ᠳᠡᠳ᠋ ᠳᠠᠷᠤᠭ᠎ᠠ ᠸᠠᠩ ᠵᠢᠶᠧ ᠶᠠᠷᠢᠶ᠎ᠠ ᠲᠠᠯᠪᠢᠪᠠ
                       ᠳᠡᠳ᠋ ᠲᠣᠭᠤᠷᠢᠨ ᠪᠠᠶᠢᠴᠠᠭᠠᠭᠴᠢ ᠸᠠᠩ ᠵᠢᠶᠠᠨ ᠮᠢᠨ ᠬᠤᠷᠠᠯ ᠡᠷᠬᠢᠯᠡᠪᠡ            2015 ᠤᠨ ᠤ 8 ᠳ᠋ᠤᠭᠠᠷ ᠰᠠᠷ᠎ᠠ ᠶᠢᠨ 21᠎ ᠤ ᠡᠳᠦᠷ᠂ ᠮᠠᠨ ᠤ ᠲᠢᠩᠬᠢᠮ ᠪᠦᠬᠦ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ ᠤᠨ ᠳᠡᠳ᠋ ᠳᠠᠷᠤᠭ᠎ᠠ ᠸᠠᠩ ᠵᠢᠶᠧ᠂ ᠳᠡᠳ᠋ ᠲᠣᠭᠤᠷᠢᠨ ᠪᠠᠶᠢᠴᠠᠭᠠᠭᠴᠢ ᠸᠠᠩ ᠵᠢᠶᠠᠨ ᠮᠢᠨ᠂ ᠲᠢᠩᠬᠢᠮ ᠤᠨ ᠬᠠᠷᠢᠶ᠎ᠠ ᠨᠢᠭᠡᠴᠡ ᠶᠢᠨ ᠠᠶᠤᠯ ᠦᠭᠡᠢ  ᠦᠢᠯᠡᠳᠪᠦᠷᠢᠯᠡᠯ ᠤᠨ ᠠᠵᠢᠯ ᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠤᠯᠪᠣᠭᠳᠠᠯ ᠪᠦᠬᠦᠢ ᠭᠠᠵᠠᠷ ᠭᠡᠷ ᠤᠨ  ᠬᠠᠷᠢᠭᠤᠴᠠᠯᠭᠠᠲᠠᠳ ᠲᠢᠩᠬᠢᠮ ᠤᠨ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠤᠷᠤᠯᠴᠠᠪᠠ᠃ ᠪᠦᠬᠦ ᠤᠷᠤᠨ ᠤ ᠨᠡᠶᠢᠲᠡ 957 ᠬᠥᠮᠦᠨ ᠲᠤᠰ ᠤᠳᠠᠭᠠᠨ ᠤ ᠲᠧᠯᠸᠢᠰ ᠳ᠋ᠢᠶᠠᠩᠬᠤᠸᠠ ᠬᠤᠷᠠᠯ ᠳᠤ ᠤᠷᠤᠯᠴᠠᠪᠠ᠃      ᠲᠢᠩᠬᠢᠮ ᠤᠨ ᠳᠡᠳ᠋ ᠳᠠᠷᠤᠭ᠎ᠠ ᠸᠠᠩ ᠵᠢᠶᠧ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠬᠠᠲᠠᠭᠤ ᠴᠢᠩᠭ᠎ᠠ ᠪᠠᠶᠢᠭ᠎ᠠ ᠲᠤᠯᠠ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠮᠤᠷ ᠲᠦᠪᠰᠢᠨ ᠬᠦᠭᠵᠢᠬᠦᠯᠬᠦ ᠤᠨᠤᠯᠵᠢᠬᠤᠨ ᠪᠣᠯᠤᠨ ᠴᠢᠩᠭ᠎ᠠ ᠬᠤᠷᠢᠭ᠎ᠠ ᠱᠤᠭᠤᠮ ᠤᠨ ᠦᠵᠡᠯ ᠤᠬᠠᠮᠰᠠᠷ ᠢ ᠪᠤᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠠᠶᠤᠯ ᠦᠭᠡᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠨ ᠵᠤᠭᠰᠤᠭᠠᠬᠤ ᠬᠡᠷᠡᠭᠲᠠᠢ ᠭᠡᠪᠡ᠃      ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠥᠰᠦᠯ ᠲᠤᠭᠲᠠᠭᠠᠨ᠂ ᠭᠦᠨᠵᠡᠭᠡᠶ ᠳᠠᠶᠢᠴᠢᠯᠠᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠠᠵᠢᠯ ᠢᠶᠠᠨ ᠤᠷᠤᠨ ᠪᠠᠶᠢᠷᠢ ᠳᠤᠨᠢ ᠬᠦᠷᠲᠡᠯ᠎ᠡ ᠬᠢᠬᠦ ᠶᠢ ᠦᠨᠡᠨ ᠬᠦ ᠪᠠᠲᠤᠯᠠᠬᠤ ᠬᠡᠷᠡᠭᠲᠠᠢ︔ ᠬᠤᠶᠠᠷ ᠲᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠣᠪᠴᠢᠶ᠎ᠠ ᠨᠤᠭᠤᠳ ᠬᠠᠤᠯᠢ ᠴᠠᠭᠠᠵᠠ ᠶᠢ ᠴᠢᠩᠭ᠎ᠠ ᠬᠡᠷᠡᠭᠵᠢᠭᠦᠯᠦᠨ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠤᠷ ᠲᠦᠪᠰᠢᠨ ᠪᠤᠰᠤ ᠳᠠᠯᠳᠠ ᠭᠡᠮ ᠢ ᠬᠠᠤᠯᠢ ᠶᠣᠰᠣᠭᠠᠷ ᠠᠷᠢᠯᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠲᠢᠩᠬᠢᠮ ᠤᠨ ᠬᠠᠷᠢᠶ᠎ᠠ ᠨᠢᠬᠡᠴᠡ ᠨᠦᠭᠦᠳ ᠪᠦᠬᠦᠨ ᠢ ᠬᠠᠮᠤᠷᠤᠭᠰᠠᠨ ᠪᠠᠶᠢᠴᠠᠭᠠᠯᠲᠠ ᠬᠢᠵᠦ᠂ ᠣᠯᠠᠨ ᠠᠷᠭ᠎ᠠ ᠶᠢ ᠵᠡᠷᠭᠡᠪᠡᠷ ᠬᠡᠷᠡᠭᠯᠡᠨ᠂ ᠥᠩᠭᠡᠨ ᠲᠠᠯ᠎ᠠ ᠪᠤᠯᠤᠨ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ  ᠬᠦᠴᠦᠲᠠᠢ ᠠᠳᠬᠤᠬᠤ ᠬᠡᠷᠡᠭᠲᠠᠢ︔ ᠭᠤᠷᠪᠠ ᠳᠤ  ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠡᠯ᠎ᠡ ᠵᠦᠢᠯ ᠤᠨ ᠬᠡᠯᠪᠡᠷᠢ ᠶᠢ ᠠᠪᠴᠤ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠬᠦ ᠪᠠ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠵᠢᠱᠢᠶ᠎ᠡ ᠦᠵᠡᠭᠦᠯᠵᠤ ᠬᠥᠲᠥᠯᠥᠨ ᠳᠠᠭᠠᠭᠤᠯᠬᠤ ᠪᠠ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠬᠤ ᠬᠡᠷᠡᠭᠲᠠᠢ᠃ ᠶᠡᠭᠡ ᠪᠠᠢᠴᠠᠭᠠᠯᠲᠠ ᠳᠤ ᠤᠯᠵᠤ ᠮᠡᠳᠡᠭᠰᠡᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠠᠮᠢᠶ᠎ᠠ ᠪᠦᠬᠦᠢ ᠳᠦᠷᠢᠮ ᠲᠣᠭᠲᠠᠭᠠᠯ ᠠᠷᠭ᠎ᠠ ᠬᠡᠮᠵᠢᠶ᠎ᠡ ᠶᠢ ᠲᠤᠭᠲᠠᠭᠠᠨ ᠲᠡᠭᠦᠯᠳᠡᠷᠵᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠤᠷᠲᠤ ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠪᠠᠶᠢᠭᠤᠯᠬᠤ ᠬᠡᠷᠡᠭᠲᠠᠢ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号