ᠦᠪᠦᠷ ᠮᠤᠩᠭᠤᠯ ᠤᠨ ᠨᠢᠭᠡᠲᠦᠮᠡᠯ ᠹᠷᠤᠨᠲ ᠤᠨ ᠲᠤᠮᠲᠠᠲᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠭᠰᠡᠨ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠭᠰᠡᠨ ᠲᠠᠶᠢᠨ ᠢᠯᠠᠯᠲᠠ ᠤᠯᠤᠬᠰᠠᠨ 70 ᠵᠢᠯ ᠤᠨ ᠤᠢ ᠶᠢ ᠲᠤᠷᠠᠰᠬᠠᠬᠤ ᠮᠡᠲᠡᠭᠦᠯᠦᠯᠲᠡ ᠶᠢᠨ ᠬᠤᠷᠠᠯ ᠬᠦᠬᠡᠬᠤᠲᠠ ᠳᠤ ᠶᠠᠪᠣᠭᠳᠠᠪᠠ
ᠨᠡᠶᠢᠲᠡᠯᠡᠭᠰᠡᠨ ᠴᠠᠭ᠄
2015/8/26
     8 ᠳ᠋ᠤᠭᠠᠷ ᠰᠠᠷ᠎ᠠ ᠶᠢᠨ 25᠎ ᠤ ᠡᠲᠦᠷ᠂ ᠦᠪᠦᠷ ᠮᠤᠩᠭᠤᠯ ᠤᠨ ᠨᠢᠭᠡᠲᠦᠮᠡᠯ ᠹᠷᠤᠨᠲ ᠤᠨ ᠲᠤᠮᠲᠠᠲᠤ ᠤᠯᠤᠰ ᠎ ᠤᠨ ᠠᠷᠠᠳ ᠲᠦᠮᠡᠨ ᠤ ᠶᠠᠫᠤᠨ ᠢ ᠡᠰᠡᠷᠬᠦᠴᠡᠭᠰᠡᠨ ᠲᠠᠶᠢᠨ ᠵᠢᠴᠢ ᠲᠡᠯᠡᠬᠡᠢ ᠶᠢᠨ ᠹᠠᠱᠢᠰ ᠢ ᠡᠰᠡᠷᠬᠦᠴᠡᠭᠰᠡᠨ ᠲᠠᠶᠢᠨ ᠢᠯᠠᠯᠲᠠ ᠤᠯᠤᠬᠰᠠᠨ 70 ᠵᠢᠯ ᠤᠨ ᠤᠢ ᠶᠢ ᠲᠤᠷᠠᠰᠬᠠᠬᠤ ᠮᠡᠲᠡᠭᠦᠯᠦᠯᠲᠡ ᠶᠢᠨ ᠬᠤᠷᠠᠯ ᠬᠦᠬᠡᠬᠤᠲᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠲᠠᠷᠤᠭ᠎ᠠ ᠪᠦ᠋ ᠰᠢᠶᠤᠤ ᠯᠢᠨ ᠮᠡᠲᠡᠭᠦᠯᠦᠯᠲᠡ ᠶᠢᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠡᠯᠪᠢᠵᠠᠢ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠲᠤᠮᠲᠠᠲᠤ ᠤᠯᠤᠰ ᠤᠨ ᠠᠷᠠᠳᠴᠢᠯᠠᠬᠰᠠᠨ ᠬᠤᠯᠪᠤᠭ᠎ᠠ ᠶᠢᠨᠦᠪᠦᠷ ᠮᠤᠩᠭᠤᠯ ᠤᠨ ᠬᠤᠷᠢᠶ᠎ᠠ ᠶᠢᠨ ᠡᠷᠬᠢᠯᠡᠭᠴᠢ ᠬᠡᠰᠢᠭᠦᠨ ᠳ᠋ᠦᠩ ᠾᠧᠩ ᠢᠤᠢ ᠮᠡᠲᠡᠭᠦᠯᠦᠯᠲᠡ ᠶᠢᠨ ᠬᠤᠷᠠᠯ ᠳᠤ ᠤᠷᠤᠯᠴᠠᠪᠠ᠃      ᠮᠡᠲᠡᠭᠦᠯᠦᠯᠲᠡ ᠶᠢᠨ ᠬᠤᠷᠠᠯ ᠨᠢ ᠦᠪᠡᠷᠲᠡᠭᠡᠨ ᠵᠠᠰᠬᠠᠤ ᠤᠷᠤᠨ ᠤ ᠠᠬᠠᠮᠠᠳ ᠺᠠᠳ᠋ᠷᠴᠤᠳ ᠤᠨ ᠨᠠᠶᠢᠷᠠᠯ ᠲᠠᠭᠤᠤ ᠶᠢᠨ ᠪᠦᠯᠬᠦᠮ ᠤᠨ ᠰᠦᠷ ᠵᠢᠪᠬᠤᠯᠠᠩᠳᠦ ᠶᠠᠫᠤᠨ ᠢ ᠡᠰᠡᠷᠬᠦᠴᠡᠬᠦ ᠲᠠᠶᠢᠨ ᠤ ᠲᠠᠭᠤᠣ ᠶᠢᠨ ᠲᠤᠮᠲᠠ ᠬᠦᠰᠢᠭᠡ ᠪᠠᠨ ᠢᠷᠠᠵᠦ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠢᠤᠢ ᠯᠢᠶᠠᠨ ᠷᠦᠢ ᠫᠷᠤᠹᠧᠰᠰᠤᠷ ︽ᠶᠠᠫᠤᠨ ᠢ ᠡᠰᠡᠷᠬᠦᠴᠡᠭᠰᠡᠨ ᠲᠠᠶᠢᠨ ᠤ ᠵᠤᠷᠢᠭ ᠰᠠᠨᠠᠭ᠎ᠠ ᠶᠢ ᠪᠠᠲᠠᠷᠠᠭᠤᠯᠤᠨ᠂ ᠦᠨᠳᠦᠰᠦᠲᠡᠨ ᠤ ᠰᠡᠷᠭᠦᠨ ᠮᠠᠨᠳᠣᠯᠳᠠ ᠶᠢ ᠪᠡᠶᠡᠯᠡᠭᠦᠯᠦᠶ᠎ᠡ︾ ᠬᠡᠬᠦ ᠲᠤᠰᠬᠠᠢ ᠰᠡᠲᠦᠪᠲᠦ ᠮᠡᠲᠡᠭᠦᠯᠦᠯᠲᠡ ᠬᠢᠵᠦ᠂ ᠶᠡᠭᠡ ᠬᠡᠮᠵᠢᠶᠡᠨ ᠤ ᠲᠡᠦᠬᠡᠨ ᠦᠨᠡᠨ ᠬᠡᠷᠡᠭ ᠎ ᠢᠶᠠᠷ ︽ᠶᠠᠫᠤᠨ ᠢ ᠡᠰᠡᠷᠬᠦᠴᠡᠭᠰᠡᠨ ᠲᠠᠶᠢᠨ ᠪᠤᠯᠤᠨ ᠦᠨᠳᠦᠰᠦᠲᠡᠨ ᠤ ᠬᠤᠪᠢ ᠵᠠᠶᠠᠭ᠎ᠠ︾᠂ ︽ᠶᠠᠫᠤᠨ ᠢ ᠡᠰᠡᠷᠬᠦᠴᠡᠭᠰᠡᠨ ᠵᠤᠷᠢᠭ ᠰᠠᠨᠠᠭ᠎ᠠ ᠵᠢᠴᠢ ᠲᠡᠭᠦᠨ ᠤ ᠠᠴᠢ ᠬᠤᠯᠪᠤᠬᠲᠠᠯ︾᠂ ︽ᠶᠠᠫᠤᠨ ᠢ ᠡᠰᠡᠷᠬᠦᠴᠡᠭᠰᠡᠨ ᠲᠠᠶᠢᠨ ᠤ ᠵᠤᠷᠢᠭ ᠰᠠᠨᠠᠭ᠎ᠠ ᠶᠢ ᠪᠠᠲᠠᠷᠠᠭᠤᠯᠤᠨ ᠦᠨᠳᠦᠰᠦᠲᠡᠨ ᠤ ᠰᠡᠷᠭᠦᠨ ᠮᠠᠨᠳᠣᠯᠳᠠ ᠶᠢ ᠪᠡᠶᠡᠯᠡᠭᠦᠯᠬᠦ︾ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠠᠢ᠃      ᠪᠦ᠋ ᠰᠢᠶᠤᠤ ᠯᠢᠨ ᠵᠢᠭᠠᠵᠦ ᠭᠠᠷᠭᠠᠬᠰᠠᠨ ᠨᠢ᠂ ᠲᠤᠮᠲᠠᠲᠤ ᠶᠢᠨ ᠦᠨᠳᠦᠰᠦᠲᠡᠨ ᠤ ᠶᠠᠫᠤᠨ ᠢ ᠡᠰᠡᠷᠬᠦᠴᠡᠭᠰᠡᠨ ᠠᠭᠤᠤ ᠶᠡᠭᠡ ᠵᠤᠷᠢᠭ ᠰᠠᠨᠠᠭ᠎ᠠ ᠶᠢ ᠶᠡᠬᠡᠪᠡᠷ ᠪᠠᠲᠠᠷᠠᠭᠤᠯᠵᠦ᠂ ᠤᠯᠠᠨ ᠵᠦᠢᠯ ᠤᠨ ᠬᠡᠯᠪᠡᠷᠢ ᠶᠢᠨ ᠲᠤᠷᠠᠰᠬᠠᠬᠤ ᠠᠵᠢᠯᠯᠠᠭ᠎ᠠ ᠶᠢ ᠦᠷᠭᠡᠨ ᠳᠡᠯᠭᠡᠷ ᠦᠷᠨᠢᠭᠦᠯᠵᠦ᠂ ᠨᠢᠭᠡᠲᠦᠮᠡᠯ ᠹᠷᠤᠨᠲ ᠤᠨ ᠦᠷᠭᠡᠨ ᠤᠯᠠᠨ ᠪᠦᠷᠢᠯᠲᠦᠭᠦᠨ ᠢ ᠤᠳᠤᠷᠢᠳᠤᠨ ᠲᠤᠮᠲᠠᠲᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠭᠰᠡᠨ ᠲᠠᠶᠢᠨ ᠤ ᠢᠯᠠᠯᠲᠠ ᠶᠢᠨ ᠠᠭᠤᠤ ᠶᠡᠭᠡ ᠲᠡᠦᠬᠡᠨ ᠠᠴᠢ ᠬᠤᠯᠪᠤᠬᠲᠠᠯ ᠢ ᠬᠦᠨᠵᠡᠭᠡᠢ ᠲᠠᠨᠢᠵᠦ᠂ ᠲᠡᠯᠡᠬᠡᠢ ᠶᠢᠨ ᠹᠠᠱᠢᠰ ᠢ ᠡᠰᠡᠷᠬᠦᠴᠡᠭᠰᠡᠨ ᠲᠠᠶᠢᠨ ᠎ ᠤ ᠲᠤᠮᠲᠠᠬᠢ ᠶᠠᠫᠤᠨ ᠢ ᠡᠰᠡᠷᠬᠦᠴᠡᠭᠰᠡᠨ ᠲᠠᠶᠢᠨ ᠤ ᠴᠢᠬᠤᠯᠠ ᠪᠠᠶᠢᠷᠢ ᠰᠠᠭᠤᠷᠢ ᠶᠢ ᠬᠦᠨᠵᠡᠭᠡᠢ ᠲᠠᠨᠢᠵᠦ᠂ ᠶᠠᠫᠤᠨ ᠢ ᠡᠰᠡᠷᠬᠦᠴᠡᠭᠰᠡᠨ ᠲᠠᠶᠢᠨ ᠤ ᠵᠤᠷᠢᠭ ᠰᠠᠨᠠᠭ᠎ᠠ ᠶᠢ ᠲᠤᠮᠲᠠᠲᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠣᠯᠳᠠ ᠶᠢ ᠪᠡᠶᠡᠯᠡᠭᠦᠯᠬᠦ ᠶᠢᠨ ᠲᠦᠯᠦᠭᠡ ᠬᠠᠮᠳᠤᠪᠡᠷ ᠴᠢᠷᠮᠠᠶᠢᠬᠤ ᠬᠦᠴᠦᠷᠭᠡᠭ ᠶᠡᠭᠡ ᠬᠦᠴᠦᠨ ᠪᠤᠯᠭᠠᠨ ᠬᠤᠪᠢᠷᠠᠭᠤᠯᠬᠤ ᠬᠡᠷᠡᠭᠲᠡᠢ᠃ ᠲᠤᠮᠲᠠᠲᠤ ᠤᠯᠤᠰ ᠤᠨ ᠡᠪ ᠬᠠᠮᠲᠦ ᠨᠠᠮ ᠤᠨ ᠪᠦᠬᠦ ᠦᠨᠳᠦᠰᠦᠲᠡᠨ ᠤ ᠶᠠᠫᠤᠨ ᠢ ᠡᠰᠡᠷᠬᠦᠴᠡᠭᠰᠡᠨ ᠲᠠᠶᠢᠨ ᠤ ᠲᠤᠮᠲᠠᠬᠢ ᠭᠤᠤᠯ ᠲᠤᠯᠭᠠᠭᠤᠷᠢ ᠶᠢᠨ ᠦᠢᠯᠡᠲᠦᠯ ᠢ ᠬᠦᠨᠵᠡᠭᠡᠢ ᠲᠠᠨᠢᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠳᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠢᠡᠷ ᠶᠡᠷᠦᠩᠬᠡᠢ ᠱᠦᠵᠢ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶᠡᠨ ᠤ ᠨᠢᠭᠡᠲᠦᠯᠲᠠᠢ ᠪᠠᠶᠢᠬᠤ ᠬᠡᠷᠡᠭᠲᠡᠢ᠃ ᠶᠠᠫᠤᠨ ᠢ ᠡᠰᠡᠷᠬᠦᠴᠡᠭᠰᠡᠨ ᠦᠨᠳᠦᠰᠦᠲᠡᠨ ᠤ ᠨᠢᠭᠡᠲᠦᠮᠡᠯ ᠹᠷᠤᠨᠲ ᠨᠢ ᠪᠦᠬᠦ ᠦᠨᠳᠦᠰᠦᠲᠡᠨ ᠤ ᠶᠠᠫᠤᠨ ᠢ ᠡᠰᠡᠷᠬᠦᠴᠡᠭᠰᠡᠨ ᠲᠠᠶᠢᠨ ᠤ ᠢᠯᠠᠯᠲᠠ ᠤᠯᠤᠬᠰᠠᠨ ᠴᠢᠬᠤᠯᠠ ᠡᠷᠲᠡᠨᠢ ᠪᠤᠯᠬᠤ ᠶᠢ ᠬᠦᠨᠵᠡᠭᠡᠢ ᠤᠢᠢᠯᠠᠭᠠᠵᠦ᠂ ᠰᠢᠨ᠎ᠡ ᠪᠠᠶᠢᠲᠠᠯ ᠲᠤᠤᠷᠠᠬᠢ ᠨᠢᠭᠡᠲᠦᠮᠡᠯ ᠹᠷᠤᠨᠲ ᠤᠨ ᠠᠵᠢᠯ ᠢ ᠤᠬᠠᠮᠰᠠᠷ ᠠᠴᠠ ᠪᠠᠨ ᠨᠡᠩ ᠰᠠᠶᠢᠨ ᠬᠢᠵᠦ᠂ ᠤᠯᠤᠰ ᠢᠶᠠᠨ ᠬᠠᠶᠢᠷᠠᠯᠠᠬᠤ ᠨᠢᠭᠡᠲᠦᠮᠡᠯ ᠹᠷᠤᠨᠲ ᠢ ᠪᠠᠬᠢᠵᠢᠭᠦᠯᠬᠦ ᠪᠠ ᠬᠦᠭᠵᠢᠭᠦᠯᠬᠦ ᠢᠷᠠᠭᠤ ᠠᠯᠲᠠᠷᠲᠦ ᠡᠭᠦᠷᠭᠡ ᠲᠤᠰᠢᠶᠠᠯ ᠢ ᠦᠨᠡᠨᠬᠦ ᠡᠭᠦᠷᠭᠡᠯᠡᠬᠦ ᠬᠡᠷᠡᠭᠲᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号