ᠭᠠᠵᠠᠷ ᠳᠤᠤᠷᠠᠬᠢ ᠲᠡᠮᠦᠷ ᠵᠠᠮ ᠲᠠᠢ ᠪᠤᠯᠤᠯ᠎ᠠ
ᠨᠡᠶᠢᠲᠡᠯᠡᠭᠰᠡᠨ ᠴᠠᠭ᠄
2015/8/26
     ᠬᠥᠬᠡᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ 1᠂ 2 ᠳ᠋ᠤᠭᠠᠷ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠤᠯ ᠬᠦᠬᠡᠬᠤᠲᠠ ᠶᠢᠨ ᠲᠡᠤᠭᠡᠨ ᠳᠡᠭᠡᠷᠡᠬᠢ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠬᠠᠮᠤᠭ ᠤᠨ ᠶᠡᠭᠡ᠂ ᠪᠦᠲᠦᠭᠡᠨ ᠪᠠᠶᠢᠭᠤᠯᠤᠯᠲᠠ ᠶᠢᠨ ᠦᠶᠡᠯᠡᠬᠦ ᠬᠤᠭᠤᠴᠠᠭ᠎ᠠ ᠪᠠᠷ ᠬᠠᠮᠤᠭ ᠤᠨ ᠣᠷᠳᠣ ᠰᠠᠭᠤᠷᠢ ᠪᠡᠯᠡᠳᠭᠡᠮᠵᠢ ᠶᠢᠨ ᠪᠠᠷᠢᠯᠭ᠎ᠠ ᠪᠤᠯᠤᠨ᠎ᠠ᠂ ᠲᠡᠷᠡ ᠨᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠪᠠᠷᠢᠯᠭ᠎ᠠ᠂ ᠬᠦᠭᠵᠢᠯᠲᠡ ᠶᠢᠨ ᠪᠠᠷᠢᠯᠭ᠎ᠠ᠂ ᠪᠤᠬᠢᠷᠳᠦᠯ ᠦᠭᠡᠢ ᠪᠠᠷᠢᠯᠭ᠎ᠠ ᠪᠠ ᠳᠡᠭᠡᠭᠰᠢᠯᠡᠭᠦᠯᠬᠦ ᠪᠠᠷᠢᠯᠭ᠎ᠠ ᠪᠤᠯᠬᠤ ᠪᠦᠭᠡᠳ ᠬᠥᠬᠡᠬᠤᠲᠠ ᠶᠢᠨ ᠠᠵᠤ ᠠᠬᠤᠶ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ︽1 ᠳ᠋ᠤᠭᠡᠷ ᠨᠤᠮᠧᠷᠲᠤ ᠪᠠᠷᠢᠯᠭ᠎ᠠ︾ ᠪᠤᠯᠤᠨ᠎ᠠ᠃
   ᠪᠠᠷᠢᠯᠭ᠎ᠠ ᠡᠬᠢᠯᠡᠬᠦ ᠶᠣᠰᠣᠯᠠᠯ ᠤᠨ ᠲᠤᠬᠠᠢ ᠶᠢᠨ ᠲᠠᠯᠠᠪᠠᠢ᠂ ᠪᠠᠷᠢᠯᠭ᠎ᠠ ᠶᠢᠨ ᠲᠡᠷᠭᠡ ᠪᠡᠯᠡᠬᠡᠨ ᠪᠤᠯᠤᠭᠠᠳ ᠪᠠᠶᠢᠨ᠎ᠠ      ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠪᠠᠷᠢᠯᠭ᠎ᠠ ᠡᠬᠢᠯᠡᠪᠡ      8 ᠳ᠋ᠤᠭᠠᠷ ᠰᠠᠷ᠎ᠠ ᠶᠢᠨ 20᠎ ᠤ ᠡᠳᠦᠷ᠂ ᠬᠦᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠮᠦᠨ᠎ᠡ ᠲᠣᠭᠤᠷᠢᠭ ᠤᠨ ᠥᠷᠲᠡᠭᠡᠨ ᠳᠤ ᠵᠢᠩᠬᠢᠨᠢ ᠎ ᠪᠠᠷ ᠠᠵᠢᠯ ᠠᠬᠢᠯᠡᠭᠦᠯᠦᠨ ᠪᠦᠲᠦᠭᠡᠨ ᠪᠠᠶᠢᠭᠤᠯᠪᠠ᠃      ᠵᠢᠮᠲᠤ ᠵᠠᠮ ᠬᠠᠷᠢᠯᠴᠠᠭ᠎ᠠ ᠶᠢᠨ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠪᠡᠯ᠂ 2015 ᠤᠨ ᠠᠴᠠ 2020 ᠤᠨ ᠪᠤᠯᠲᠠᠯ᠎ᠠ ᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠱᠤᠭᠤᠮ 2᠎ ᠢ ᠪᠦᠲᠦᠭᠡᠨ ᠪᠠᠶᠢᠭᠤᠯᠬᠤ ᠪᠠᠷ ᠲᠦᠯᠦᠪᠵᠢᠭᠦᠯᠵᠤ᠂ ᠬᠦᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠵᠠᠮ ᠤᠨ ᠪᠦᠬᠦ ᠣᠷᠳᠣ ᠨᠢ 51.4km ᠪᠠᠶᠢᠵᠤ᠂ ᠪᠠᠷᠢᠯᠭ᠎ᠠ ᠶᠢᠨ ᠶᠡᠷᠦᠩᠭᠡᠢ ᠪᠡᠯᠡ ᠣᠷᠣᠭᠤᠯᠤᠯᠲᠠ ᠨᠡᠶᠢᠲᠡ 338.8 ᠳ᠋ᠦᠡᠭᠰᠢᠭᠤᠷ ᠲᠥᠭᠦᠷᠢᠭ ᠪᠣᠯᠤᠨ᠎ᠠ᠃ 1 ᠳ᠋ᠤᠭᠡᠷ ᠱᠤᠭᠤᠮ ᠨᠢ ᠶᠢᠨ ᠬᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠴᠠᠭᠠᠨ ᠰᠤᠪᠤᠷᠭ᠎ᠠ ᠥᠷᠲᠡᠭᠡ ᠬᠦᠷᠴᠦ᠂ ᠪᠦᠬᠦ ᠤᠷᠲᠤ ᠨᠢ 23.2 ᠺᠢᠯᠣᠮᠧᠲᠷ ᠪᠠᠶᠢᠵᠤ᠂ ᠡᠭᠦᠨ ᠳᠤ ᠭᠠᠵᠠᠷ ᠳᠡᠭᠡᠷᠡᠬᠢ ᠬᠡᠰᠡᠭ ᠨᠢ 3.9 ᠺᠢᠯᠣᠮᠧᠲᠷ ᠪᠠᠶᠢᠵᠤ᠂ 19 ᠦᠷᠲᠡᠭᠡ ᠭᠠᠷᠭᠠᠵᠤ᠂ ᠪᠡᠯᠡ ᠣᠷᠣᠭᠤᠯᠤᠯᠲᠠ 155.84 ᠳ᠋ᠦᠡᠭᠰᠢᠭᠤᠷ ᠲᠥᠭᠦᠷᠢᠭ ᠪᠣᠯᠤᠨ᠎ᠠ︔ 2 ᠳ᠋ᠤᠭᠠᠷ ᠱᠤᠭᠤᠮ ᠨᠢ ᠰᠢᠨ ᠳ᠋ᠢᠶᠠᠨ ᠤ  ᠵᠡᠬᠦᠨ ᠠᠴᠠ ᠮᠤᠰᠢᠭᠠᠶ ᠠᠶᠢᠯ ᠥᠷᠲᠡᠭᠡ ᠬᠦᠷᠴᠦ᠂ ᠱᠤᠭᠤᠮ ᠤᠨ ᠣᠷᠳᠣ ᠨᠢ ᠪᠠᠷᠤᠭ 28.2 ᠺᠢᠯᠣᠮᠧᠲᠷ ᠪᠠᠶᠢᠵᠤ᠂ ᠡᠭᠦᠨ ᠳᠤ ᠭᠠᠵᠠᠷ ᠳᠡᠭᠡᠷᠡᠬᠢ ᠬᠡᠰᠡᠭ ᠨᠢ 5.5 ᠺᠢᠯᠣᠮᠧᠲᠷ ᠪᠠᠶᠢᠵᠤ᠂ 24 ᠦᠷᠳᠡᠭᠡ ᠭᠠᠷᠭᠠᠵᠤ᠂ ᠪᠡᠯᠡ ᠣᠷᠣᠭᠤᠯᠤᠯᠲᠠ182.97 ᠳ᠋ᠦᠡᠭᠰᠢᠭᠤᠷ ᠲᠥᠭᠦᠷᠢᠭ ᠪᠣᠯᠤᠨ᠎ᠠ᠃ ᠤᠳᠤᠬᠠᠨ ᠳᠤ᠂ 1 ᠳ᠋ᠤᠭᠡᠷ ᠱᠤᠭᠤᠮ ᠨᠢ ᠬᠦᠬᠡᠬᠤᠲᠠ ᠶᠢᠨ ᠪᠤᠯᠤᠳ ᠲᠡᠮᠦᠷ ᠤᠨ ᠦᠢᠯᠡᠳᠪᠦᠷᠢ ᠶᠢᠨ ᠵᠡᠭᠦᠨ ᠵᠠᠮ ᠦᠷᠲᠡᠭᠡ ᠠᠴᠠ ᠡᠬᠢᠯᠡᠨ᠎ᠡ︔ 2 ᠳ᠋ᠤᠭᠠᠷ ᠱᠤᠭᠤᠮ ᠨᠢ ᠨᠠᠨ ᠪᠠ ᠯᠢ ᠵᠤᠸᠠᠩ ᠥᠷᠲᠡᠭᠡ ᠠᠴᠠ ᠡᠬᠢᠯᠡᠨ᠎ᠡ᠃      ᠲᠠᠨᠢᠯᠴᠠᠭᠤᠯᠤᠭᠰᠠᠨ ᠢᠶᠠᠷ᠂ ᠬᠦᠬᠡᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠮᠦᠨ᠎ᠡ ᠬᠤᠭᠤᠴᠠᠭᠠᠨ ᠳᠤ ᠠᠩᠬ᠎ᠠ ᠠᠵᠢᠯ ᠡᠬᠢᠯᠡᠭᠦᠯᠬᠦ ᠬᠡᠰᠡᠭ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠡᠬᠢᠯᠡᠭᠦᠯᠪᠡ᠃ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠬᠠᠶᠢᠨ ᠪᠠᠶᠢᠴᠠᠭᠠᠬᠤ ᠠᠵᠢᠯ 4 ᠳ᠋ᠤᠭᠡᠷ ᠰᠠᠷ᠎ᠠ ᠠᠴᠠ ᠡᠬᠢᠯᠡᠵᠦ᠂ 6 ᠳ᠋ᠤᠭᠠᠷ ᠰᠠᠷ᠎ᠠ ᠶᠢᠨ ᠰᠡᠭᠦᠯᠴᠢ ᠳᠤ ᠠᠩᠬ᠎ᠠ ᠬᠠᠶᠢᠨ ᠪᠠᠶᠢᠴᠠᠭᠠᠬᠤ ᠡᠭᠦᠷᠭᠡ ᠪᠠᠨ ᠪᠦᠷᠢᠮᠦᠰᠦᠨ ᠪᠡᠶᠡᠯᠡᠭᠦᠯᠵᠤ᠂ ᠡᠭᠦᠨ ᠳᠤ᠂ 1 ᠳ᠋ᠤᠭᠡᠷ ᠱᠤᠭᠤᠮ ᠳᠤ 352 ᠨᠦᠬᠡ ᠦᠷᠦᠮᠳᠡᠨ ᠨᠦᠬᠡᠯᠡᠬᠦ ᠶᠢ ᠪᠡᠶᠡᠯᠡᠭᠦᠯᠵᠤ᠂ ᠶᠡᠷᠦᠩᠬᠡᠶ ᠠᠬᠢᠴᠠ 16437.6 ᠮᠧᠲᠷ ᠪᠤᠯᠤᠨ᠎ᠠ︔ 2 ᠳ᠋ᠤᠭᠠᠷ ᠱᠤᠭᠤᠮ ᠳᠤ 499 ᠨᠦᠬᠡ ᠦᠷᠦᠮᠳᠡᠨ ᠨᠦᠬᠡᠯᠡᠬᠦ ᠶᠢ ᠪᠡᠶᠡᠯᠡᠭᠦᠯᠵᠤ᠂ ᠶᠡᠷᠦᠩᠬᠡᠶ ᠠᠬᠢᠴᠠ 23890 ᠮᠧᠲᠷ ᠪᠠᠶᠢᠵᠤ᠂ ᠣᠳᠣ ᠨᠢᠭᠡᠨᠲᠡ ᠠᠩᠬ᠎ᠠ ᠠᠯᠬᠤᠮ ᠤᠨ ᠵᠢᠷᠤᠭ ᠲᠥᠯᠥᠪᠯᠡᠭᠡᠨ ᠤ ᠠᠵᠢᠯ ᠤᠨ ᠱᠠᠲᠤ ᠦᠶ᠎ᠡ ᠳᠤ ᠤᠷᠤᠪᠠ᠃ 6 ᠳ᠋ᠤᠭᠠᠷ ᠰᠠᠷ᠎ᠠ ᠳᠤ᠂ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ︵ᠲᠤᠷᠰᠢᠯᠲᠠ ᠶᠢᠨ ᠬᠡᠰᠡᠭ ᠪᠠᠭᠲᠠᠨ᠎ᠠ︶᠎ ᠶᠢᠨ ᠵᠢᠷᠤᠭᠯᠠᠨ ᠲᠥᠯᠥᠪᠯᠡᠬᠦ᠂  ᠯᠠᠪᠯᠠᠯᠭ᠎ᠠ ᠥᠭᠬᠦ᠂ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠭᠦᠯᠪᠡ᠃ 8 ᠳ᠋ᠤᠭᠠᠷ ᠰᠠᠷ᠎ᠠ ᠳᠤ᠂ ᠠᠩᠬ᠎ᠠ ᠠᠵᠢᠯ ᠡᠬᠢᠯᠡᠬᠦᠯᠬᠦ ᠬᠡᠰᠡᠭ ᠤᠨ ᠬᠢᠨᠠᠨ ᠬᠠᠮᠢᠶᠠᠷᠬᠤ᠂ ᠭᠤᠷᠪᠠᠳᠤᠭᠠᠷ ᠲᠠᠯ᠎ᠠ ᠠᠴᠠ ᠬᠢᠨᠠᠨ ᠬᠡᠮᠵᠢᠬᠦ᠂ ᠭᠤᠷᠪᠠᠳᠤᠭᠠᠷ ᠲᠠᠯ᠎ᠠ ᠠᠴᠠ ᠰᠢᠯᠭᠠᠨ ᠬᠡᠮᠵᠢᠬᠦ ᠵᠡᠷᠭᠡ ᠳᠠᠭᠠᠭᠠᠴᠢᠯᠠᠯᠲᠠ ᠵᠠᠷᠯᠠᠬᠤ ᠠᠵᠢᠯ ᠢ ᠪᠡᠶᠡᠯᠡᠬᠦᠯᠬᠦ ᠪᠤᠯᠤᠨ᠎ᠠ᠃      ᠡᠭᠦᠨ ᠤ ᠬᠠᠮᠲᠤ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠴᠤ ᠡᠮᠬᠢ ᠳᠠᠷᠠᠭ᠎ᠠ ᠲᠠᠢ ᠶᠠᠪᠤᠭᠳᠠᠵᠤ ᠪᠠᠶᠢᠨ᠎ᠠ᠃ ᠵᠢᠮᠲᠤ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠡᠰᠡᠭ ᠤᠨ ᠲᠦᠭᠦᠬᠡᠶ ᠡᠳ᠋ ᠭᠦᠢᠴᠡᠳ ᠪᠠᠶᠢᠬᠤ ᠶᠢ ᠪᠠᠲᠤᠯᠠᠬᠤ ᠶᠢᠨ ᠲᠤᠰᠠᠳᠠ᠂ ᠬᠦᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠬᠠᠮᠢᠶᠠᠷᠤᠯᠲᠠ ᠶᠢᠨ ᠬᠡᠰᠡᠭ ᠤᠨ ᠦᠢᠯᠡᠳᠪᠦᠷᠢ ᠶᠢᠨ ᠦᠢᠯᠡᠳᠪᠦᠷᠢᠯᠡᠯ ᠤᠨ ᠲᠦᠷᠦᠯ ᠵᠦᠢᠯ ᠢ 3 ᠳ᠋ᠤᠭᠠᠷ ᠰᠠᠷ᠎ᠠ ᠠᠴᠠ ᠡᠬᠢᠯᠡᠭᠦᠯᠵᠦ᠂ 2015 ᠤᠨ ᠤ10 ᠳ᠋ᠤᠭᠠᠷ ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠬᠤ ᠪᠠᠷ ᠲᠦᠯᠦᠪᠯᠡᠵᠤ ᠪᠤᠢ᠃ ᠠᠩᠬ᠎ᠠ ᠠᠵᠢᠯ ᠡᠬᠢᠯᠡᠭᠦᠯᠬᠦ ᠬᠡᠰᠡᠭ ᠤᠨ ᠬᠤᠭᠤᠯᠠᠶ ᠶᠢᠨ ᠱᠤᠭᠤᠮ ᠢ ᠨᠡᠭᠦᠯᠭᠡᠨ ᠵᠠᠰᠠᠬᠤ᠂ ᠨᠤᠭᠤᠭᠠᠨ ᠬᠦᠷᠦᠰᠦ ᠶᠢ ᠬᠠᠮᠠᠭᠠᠯᠠᠨ ᠰᠢᠯᠵᠢᠭᠦᠯᠵᠤ ᠰᠠᠭᠤᠯᠭᠠᠬᠤ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ︽ᠨᠢᠭᠡ ᠬᠡᠰᠡᠭ ᠢ ᠡᠵᠡᠯᠡᠪᠡᠯ ᠨᠢᠭᠡ ᠬᠡᠰᠡᠭ ᠢ ᠪᠤᠴᠠᠭᠠᠬᠤ︾ ᠵᠠᠷᠴᠢᠮ ᠤᠨ ᠶᠤᠰᠤᠭᠠᠷ ᠡᠷᠬᠢᠨ ᠲᠤᠭᠤᠷᠢᠨ ᠤ ᠵᠠᠮ ᠬᠠᠷᠢᠯᠴᠠᠭ᠎ᠠ ᠲᠠᠢ ᠤᠶᠠᠯᠳᠤᠭᠤᠯᠤᠨ ᠵᠠᠮ ᠬᠠᠷᠢᠯᠴᠠᠭ᠎ᠠ ᠶᠢ ᠨᠡᠪᠲᠡᠷᠡᠯ ᠲᠠᠢ ᠪᠠᠶᠢᠯᠭᠠᠵᠤ᠂ ᠵᠠᠮ ᠬᠠᠷᠢᠯᠴᠠᠭᠠᠨ ᠤ ᠤᠷᠬᠢᠯ ᠦᠶ᠎ᠡ ᠠᠴᠠ ᠵᠠᠶᠢᠯᠠᠭᠤᠯᠤᠨ ᠪᠠᠷᠢᠯᠭ᠎ᠠ ᠪᠠᠷᠢᠵᠤ᠂ ᠬᠤᠲᠠ ᠶᠢᠨ ᠠᠷᠠᠳ ᠤᠨ ᠭᠠᠳᠠᠭᠰᠢ ᠭᠠᠷᠬᠤ ᠳᠤ ᠰᠠᠭᠠᠳ ᠦᠭᠡᠶ ᠨᠡᠪᠲᠡᠷᠡᠬᠦ ᠶᠢ ᠪᠠᠲᠤᠯᠠᠨ᠎ᠠ᠃ ᠡᠭᠦᠨ ᠠᠴᠠ ᠭᠠᠳᠠᠨ᠎ᠠ᠂ ᠬᠦᠬᠡᠬᠤᠲᠠ ᠶᠢᠨ ᠨᠢᠰᠬᠡᠯ ᠤᠨ ᠪᠠᠭᠤᠳᠠᠯ  ᠪᠤᠯᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠯᠪᠠᠨ ᠭᠡᠷ 8 ᠳ᠋ᠤᠭᠠᠷ ᠰᠠᠷ᠎ᠠ ᠶᠢᠨ 7᠎ ᠤ ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ᠭᠠᠵᠠᠷ ᠳᠣᠣᠷᠠᠬᠢ ᠲᠡᠮᠦᠷ ᠵᠠᠮ ᠤᠨ ᠲᠡᠮᠳᠡᠭ ᠴᠤᠭᠯᠠᠭᠤᠯᠬᠤ ᠠᠵᠢᠯ ᠢ ᠡᠬᠢᠯᠡᠭᠦᠯᠪᠡ᠃
     ᠬᠤᠣᠰ ᠪᠠᠭᠠᠨᠠᠯᠢᠭ ᠲᠡᠷᠭᠡᠨ ᠥᠷᠲᠡᠭᠡᠨ ᠤ ᠲᠠᠪᠴᠠᠩ ᠤᠨ ᠳᠠᠪᠬᠤᠷᠭ᠎ᠠ ᠶᠢᠨ ᠦᠷ᠎ᠡ ᠪᠦᠲᠦᠮᠵᠢ ᠶᠢᠨ ᠵᠢᠷᠤᠭ      ᠠᠯᠤᠰ ᠬᠡᠲᠦ ᠳᠡᠭᠡᠨ 5 ᠱᠤᠭᠤᠮ ᠪᠠᠶᠢᠭᠤᠯᠬᠤ ᠪᠠᠷ ᠲᠦᠯᠦᠪᠵᠢᠭᠦᠯᠪᠡ      ᠬᠤᠲᠠ ᠬᠦᠭᠵᠢᠬᠦ ᠳᠤ᠂ ᠵᠠᠮ ᠬᠠᠷᠢᠯᠴᠠᠭ᠎ᠠ ᠤᠷᠢᠳᠠᠪᠠᠷ ᠬᠦᠭᠵᠢᠭᠰᠡᠨ ᠪᠠᠶᠢᠬᠤ ᠬᠡᠷᠡᠭᠲᠠᠢ᠃ ᠬᠦᠬᠡᠬᠤᠲᠠ ᠶᠠᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠤᠷᠤᠰᠢᠵᠤ᠂ ᠦᠳᠲᠡᠷ ᠲᠦᠷᠭᠡᠨ ᠪᠤᠵᠠᠭᠠᠶᠢᠷᠠᠵᠤ ᠪᠠᠶᠢᠭ᠎ᠠ ᠠᠵᠤ ᠠᠬᠤᠶ ᠶᠢᠨ ᠪᠣᠳᠠᠲᠤ ᠬᠦᠴᠦᠨ ᠪᠠ ᠡᠳᠦᠷ ᠢᠷᠡᠬᠦᠶ᠎ᠡ ᠶᠡᠬᠡᠰᠴᠦ ᠪᠠᠶᠢᠭ᠎ᠠ ᠬᠤᠲᠠ ᠶᠢᠨ ᠬᠡᠪᠴᠢᠶ᠎ᠡ ᠨᠢ᠂ ᠬᠤᠲᠠ ᠶᠢᠨ ᠵᠠᠮ ᠬᠠᠷᠢᠯᠴᠠᠭ᠎ᠠ ᠶᠢ ᠤᠷᠢᠳᠤ ᠡᠮᠦᠨ᠎ᠡ ᠭᠠᠷᠤᠭ᠎ᠠ ᠦᠭᠡᠢ ᠳᠠᠷᠤᠯᠲᠠ ᠲᠠᠢ ᠪᠤᠯᠭᠠᠵᠤ᠂ ᠳᠠᠩ ᠭᠠᠭᠴᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠬᠡᠷᠡᠭᠯᠡᠬᠦ ᠨᠢ ᠨᠢᠭᠡᠨᠲᠡ ᠬᠤᠲᠠ ᠶᠢᠨ ᠬᠦᠭᠵᠢᠯᠲᠡ ᠶᠢᠨ ᠪᠣᠳᠠᠲᠤ ᠬᠡᠷᠡᠭᠴᠡᠭᠡ ᠳᠤ ᠵᠤᠬᠢᠴᠠᠵᠤ ᠳᠡᠶᠢᠯᠬᠦ ᠦᠭᠡᠢ ᠪᠤᠯᠪᠠ᠃      2011 ᠣᠨ ᠠᠴᠠ ᠡᠬᠢᠯᠡᠨ᠂ ᠬᠤᠲᠠ ᠶᠢᠨ ᠵᠠᠮ ᠬᠠᠷᠢᠯᠴᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠬᠦᠯᠬᠦ ᠶᠢᠨ ᠲᠦᠯᠦᠭᠡ᠂ ᠬᠦᠬᠡᠬᠤᠲᠠ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠬᠦ ᠶᠢ ᠵᠣᠬᠢᠶᠠᠨ ᠪᠠᠶᠢᠭᠤᠯᠵᠤ᠂ ︽12.5︾᠎ ᠶᠢᠨ ᠲᠥᠯᠥᠪᠵᠢᠭᠦᠯᠭᠡ ᠳᠤ ︽ᠵᠢᠮᠲᠤ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠬᠤ︾᠎ ᠶᠢ ᠵᠢᠩᠬᠢᠨᠢ ᠪᠠᠷ ᠳᠤᠷᠠᠳᠴᠤ᠂ ᠬᠦᠬᠡᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠡᠳᠦᠷ ᠳᠤᠲᠤᠮ ᠤᠨ ᠵᠦᠢᠯ ᠪᠤᠯᠤᠨ ᠳᠤᠷᠠᠳᠤᠭᠳᠠᠪᠠ᠃      2012 ᠤᠨ ᠤ 12 ᠳ᠋ᠤᠭᠠᠷ ᠰᠠᠷ᠎ᠠ ᠳᠤ᠂ ᠬᠦᠬᠡᠬᠤᠲᠠ ᠶᠢᠨ ᠲᠥᠯᠥᠪᠵᠢᠭᠦᠯᠭᠡ ᠶᠢᠨ ᠲᠣᠪᠴᠢᠶ᠎ᠠ ᠶᠢᠨ ᠲᠦᠷᠦᠭᠦᠯᠡᠨ ᠨᠠᠶᠢᠷᠠᠭᠤᠯᠤᠨ ᠵᠣᠬᠢᠶᠠᠭᠰᠠᠨ ︽ᠬᠥᠬᠡᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠲᠣᠣᠷ ᠰᠦᠯᠵᠢᠶ᠎ᠡ ᠶᠢᠨ ᠲᠥᠯᠥᠪᠵᠢᠭᠦᠯᠭᠡ︾᠎ ᠨᠢ  ᠵᠠᠰᠠᠭ ᠤᠨ ᠣᠷᠳᠣᠨ ᠤ ᠴᠣᠬᠤᠯᠠᠪᠤᠷᠢ ᠶᠢ ᠤᠯᠪᠠ᠃      2013 ᠣᠨ ᠳᠤ᠂ ᠬᠦᠬᠡᠬᠤᠲᠠ ᠶᠢᠨ ᠨᠢᠰᠬᠡᠯ ᠤᠨ ᠪᠠᠭᠤᠳᠠᠯ ᠬᠢᠭᠡᠳ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠯᠪᠠᠨ ᠭᠡᠷ ᠪᠠᠶᠢᠭᠤᠯᠤᠭᠳᠠᠵᠤ᠂ ᠵᠢᠮᠲᠤ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠠᠪᠤᠳᠠᠯ ᠨᠡᠩ ᠬᠦᠴᠦᠲᠡᠶ ᠲᠦᠰᠢᠭ ᠲᠤᠯᠭᠠᠭᠤᠷᠢ ᠲᠠᠢ ᠪᠣᠯᠤᠭᠰᠠᠨ ᠢ ᠬᠠᠷᠠᠭᠤᠯᠪᠠ᠃      2014 ᠣᠨ ᠤ 3 ᠳ᠋ᠤᠭᠠᠷ ᠰᠠᠷ᠎ᠠ ᠳᠤ᠂ ᠬᠦᠬᠡᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠪᠣᠯᠤᠨ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠶᠠᠷ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠪᠤᠯᠤᠨ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠤ ᠵᠢᠩᠬᠢᠨᠢ ᠪᠠᠷ ᠮᠡᠳᠡᠭᠦᠯᠪᠡ᠃      2014 ᠣᠨ ᠤ 11 ᠳ᠋ᠤᠭᠡᠷ ᠰᠠᠷ᠎ᠠ ᠳᠤ᠂ ᠵᠢᠮᠲᠤ ᠵᠠᠮ ᠬᠠᠷᠢᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠬᠢᠭᠡᠳ ᠱᠤᠭᠤᠮ ᠤᠨ ᠲᠣᠣᠷ ᠤᠨ ᠲᠥᠯᠥᠪᠵᠢᠭᠦᠯᠭᠡ ᠶᠢᠨ ᠤᠷᠴᠢᠨ ᠲᠤᠭᠤᠷᠢᠨ ᠳᠤ ᠦᠵᠡᠭᠦᠯᠬᠦ ᠨᠦᠯᠦᠭᠡᠯᠡᠯ ᠤᠨ ᠦᠨᠡᠯᠡᠯᠲᠡ ᠶᠢ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠮᠤᠨ ᠬᠢᠨᠠᠨ ᠪᠠᠶᠢᠴᠠᠭᠠᠭᠠᠳ ᠵᠦᠪᠰᠢᠶᠡᠷᠡᠪᠡ᠃      2015 ᠤᠨ ᠤ 4 ᠳ᠋ᠤᠭᠡᠷ ᠰᠠᠷ᠎ᠠ ᠶᠢᠨ 15᠎ ᠤ ᠡᠳᠦᠷ᠂ ᠣᠯᠠᠨ ᠤᠳᠠᠭ᠎ᠠ ᠦᠨᠡᠯᠡᠨ ᠵᠢᠱᠢᠬᠦ᠂ ᠬᠢᠨᠠᠨ ᠪᠠᠶᠢᠴᠠᠭᠠᠬᠤ᠂ ᠨᠤᠲᠠᠯᠠᠯᠲᠠ ᠬᠢᠬᠦ ᠠᠵᠢᠯ ᠢᠶᠠᠷ ᠳᠠᠮᠵᠢᠭᠠᠳ᠂ ᠬᠦᠬᠡᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠳᠡᠭᠰᠡᠨ ᠤ ᠳᠠᠷᠠᠭ᠎ᠠ᠂ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠴᠤᠬᠤᠪᠤᠷᠢᠯᠠᠭᠰᠠᠨ ᠪᠢᠴᠢᠭ ᠮᠠᠲ᠋ᠧᠷᠢᠶᠠᠯ ᠢ ᠣᠯᠵᠤ᠂ ᠪᠦᠬᠦ ᠤᠯᠤᠰ ᠤᠨ 39᠎ ᠳᠠᠬᠢ ᠵᠦᠪᠰᠢᠶᠡᠷᠡᠭᠳᠡᠭᠰᠡᠨ ᠵᠢᠮᠲᠤ ᠵᠠᠮ ᠬᠠᠷᠢᠯᠴᠠᠭ᠎ᠠ ᠶᠢ ᠪᠦᠲᠦᠭᠡᠨ ᠪᠠᠶᠢᠭᠤᠯᠬᠤ ᠬᠤᠲᠠ ᠪᠤᠯᠪᠠ᠃      ᠬᠥᠬᠡᠬᠤᠲᠠ ᠶᠢᠨ ︽ᠬᠤᠲᠠ ᠶᠢᠨ ᠶᠡᠷᠦᠩᠬᠡᠶ ᠲᠥᠯᠥᠪᠵᠢᠭᠦᠯᠭᠡ︾᠂ ︽ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ  ᠰᠢᠰᠲ᠋ᠧᠮᠵᠢ ᠶᠢᠨ ᠲᠥᠯᠥᠪᠵᠢᠭᠦᠯᠭᠡ︾ ᠪᠣᠯᠤᠨ ᠬᠤᠲᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠪᠡᠯ᠂ ᠠᠯᠤᠰ ᠬᠡᠳᠦ ᠶᠢᠨ ᠲᠦᠯᠦᠪᠵᠢᠭᠦᠯᠦᠭᠰᠡᠨ ᠱᠤᠭᠤᠮ ᠤᠨ ᠲᠤᠤᠷ ᠨᠢ 5 ᠵᠠᠮ ᠱᠤᠭᠤᠮ ᠢᠶᠠᠷ ᠪᠦᠷᠢᠯᠳᠦᠵᠤ᠂ ᠡᠭᠦᠨ ᠳᠤ 1 — 2 ᠳ᠋ᠤᠭᠠᠷ ᠱᠤᠭᠤᠮ ᠪᠣᠯ ᠭᠤᠤᠯ ᠱᠤᠭᠤᠮ ᠪᠠᠶᠢᠵᠤ᠂ 3 — 5 ᠳ᠋ᠤᠭᠠᠷ ᠱᠤᠭᠤᠮ ᠪᠤᠯ ᠲᠤᠰᠠᠯᠠᠬᠤ ᠱᠤᠭᠤᠮ ᠪᠤᠯᠤᠨ᠎ᠠ᠃ ᠵᠢᠮᠲᠤ ᠵᠠᠮ ᠬᠠᠷᠢᠯᠴᠠᠭ᠎ᠠ ᠶᠢᠨ ᠱᠤᠭᠤᠮ ᠤᠨ ᠲᠤᠤᠷ ᠤᠨ ᠶᠡᠷᠦᠩᠬᠡᠶ ᠬᠡᠪᠴᠢᠶ᠎ᠡ ᠨᠢ 154.9km ᠪᠤᠯᠤᠨ᠎ᠠ᠃ ᠪᠦᠬᠦ ᠲᠣᠣᠷ ᠲᠤ ᠨᠡᠶᠢᠲᠡ 123 ᠦᠷᠲᠡᠭᠡ ᠭᠠᠷᠭᠠᠵᠤ᠂ ᠡᠭᠦᠨ ᠳᠤ ᠲᠡᠷᠭᠡ ᠰᠣᠯᠢᠵᠤ ᠰᠠᠭᠤᠬᠤ ᠥᠷᠲᠡᠭᠡ 14 ᠪᠤᠢ᠃ ᠪᠦᠬᠦ ᠲᠣᠣᠷ ᠲᠤ ᠲᠡᠷᠭᠡ ᠵᠣᠭᠰᠣᠬᠤ ᠭᠠᠵᠠᠷ 5᠂ ᠲᠡᠷᠭᠡ ᠬᠦᠰᠭᠡ ᠶᠢᠨ ᠬᠡᠰᠡᠭ 3᠂ ᠶᠡᠷᠦᠩᠭᠡᠶᠢᠯᠡᠭᠰᠡᠨ ᠰᠡᠯᠪᠢᠨ ᠵᠠᠰᠠᠬᠤ ᠰᠠᠭᠤᠷᠢᠨ ᠭᠠᠵᠠᠷ 2᠎ ᠢ ᠲᠤᠬᠢᠷᠠᠭᠤᠯᠬᠤ ᠪᠠᠷ ᠪᠤᠯᠤᠨ᠎ᠠ᠃      1 ᠳ᠋ᠤᠭᠡᠷ ᠱᠤᠭᠤᠮ ᠨᠢ ᠵᠡᠭᠦᠨ ᠠᠴᠠ ᠪᠠᠷᠠᠭᠤᠨᠰᠢ ᠴᠢᠭᠯᠡᠭᠰᠡᠨ ᠭᠤᠤᠯᠯᠠᠭᠴᠢ ᠱᠤᠭᠤᠮ ᠪᠠᠶᠢᠵᠤ᠂ ᠵᠢᠨᠴᠤᠸᠠᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ — ᠵᠡᠭᠦᠨ ᠪᠠᠶᠠᠨ ᠪᠡᠯᠴᠢᠭᠡᠷ ᠬᠦᠷᠴᠦ᠂ ᠵᠠᠮ ᠱᠤᠭᠤᠮ ᠤᠨ ᠪᠦᠬᠦ ᠣᠷᠳᠣ ᠨᠢ ᠪᠠᠷᠤᠭ33.1km ᠪᠤᠯᠤᠨ᠎ᠠ︔ 2 ᠳ᠋ᠤᠭᠠᠷ ᠱᠤᠭᠤᠮ ᠨᠢ ᠵᠡᠭᠦᠨ ᠬᠡᠰᠡᠭ ᠤᠨ ᠳᠡᠳ᠋ ᠲᠥᠪ᠂ ᠭᠤᠣᠯ ᠲᠥᠪ᠂ ᠡᠮᠦᠨᠡᠲᠦ ᠬᠡᠰᠡᠭ ᠤᠨ ᠳᠡᠳ᠋ ᠲᠥᠪ ᠢ ᠬᠤᠭᠤᠷᠤᠨᠳᠤ ᠨᠢ ᠬᠤᠯᠪᠤᠭᠰᠠᠨ ︽L︾ ᠬᠡᠯᠪᠡᠷᠢ ᠶᠢᠨ ᠭᠤᠣᠯᠯᠠᠭᠴᠢ ᠱᠤᠭᠤᠮ ᠪᠠᠶᠢᠵᠤ᠂ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ — ᠮᠤᠰᠢᠭᠠᠶ ᠠᠶᠢᠯ ᠬᠦᠷᠴᠦ᠂ ᠵᠠᠮ ᠱᠤᠭᠤᠮ ᠤᠨ ᠪᠦᠬᠦ ᠣᠷᠳᠣ ᠨᠢ ᠪᠠᠷᠤᠭ 30.5km ᠪᠤᠯᠤᠨ᠎ᠠ︔ 3 ᠳ᠋ᠤᠭᠠᠷ ᠱᠤᠭᠤᠮ ᠨᠢ  ᠵᠡᠭᠦᠨ ᠬᠤᠶᠢᠨ᠎ᠠ — ᠪᠠᠷᠠᠭᠤᠨ ᠡᠮᠦᠨᠡᠰᠢ ᠴᠢᠭᠯᠡᠭᠰᠡᠨ ᠲᠤᠰᠠᠯᠠᠬᠤ ᠱᠤᠭᠤᠮ ᠪᠠᠶᠢᠵᠤ᠂ ᠱᠠ ᠯᠢᠶᠠᠩ ᠽᠢ ᠲᠣᠰᠬᠤᠨ — ᠵᠡᠭᠦᠨ ᠵᠡᠯᠡᠨ ᠠᠶᠢᠯ ᠬᠦᠷᠴᠦ᠂ ᠵᠠᠮ ᠱᠤᠭᠤᠮ ᠤᠨ ᠪᠦᠬᠦ ᠣᠷᠳᠣ ᠨᠢ ᠪᠠᠷᠤᠭ 35.6km ᠪᠤᠯᠤᠨ᠎ᠠ︔ 4 ᠳ᠋ᠤᠭᠡᠷ ᠱᠤᠭᠤᠮ ᠨᠢ ᠡᠮᠦᠨ᠎ᠡ — ᠬᠤᠶᠢᠰᠢ ᠴᠢᠭᠯᠡᠭᠰᠡᠨ ᠲᠤᠰᠠᠯᠠᠬᠤ ᠱᠤᠭᠤᠮ ᠪᠠᠶᠢᠵᠤ᠂ ᠰᠢᠶᠠ ᠱᠢ ᠲᠸᠤ  ᠰᠢᠨ᠎ᠡ ᠠᠶᠢᠯ ᠲᠣᠰᠬᠤᠨ —  ᠰᠢᠨ᠎ᠡ ᠶᠢᠩᠽᠢ ᠶᠢᠨ ᠡᠮᠦᠨ᠎ᠡ ᠬᠦᠷᠴᠦ᠂ ᠵᠠᠮ ᠱᠤᠭᠤᠮ ᠤᠨ ᠪᠦᠬᠦ ᠣᠷᠳᠣ ᠨᠢ ᠪᠠᠷᠤᠭ20.9km ᠪᠤᠯᠤᠨ᠎ᠠ︔ 5 ᠳ᠋ᠤᠭᠠᠷ ᠱᠤᠭᠤᠮ ᠨᠢ ᠪᠠᠷᠠᠭᠤᠨ — ᠡᠮᠦᠨᠡᠰᠢ ᠴᠢᠭᠯᠡᠭᠰᠡᠨ ᠲᠤᠰᠠᠯᠠᠬᠤ ᠱᠤᠭᠤᠮ ᠪᠠᠶᠢᠵᠤ᠂  ᠱᠠᠪᠠᠭ᠋ᠠᠢ — ᠳᠣᠣᠷ᠎ᠠ ᠪᠠᠶᠢᠰᠢᠩ ᠭᠠᠴᠠᠭ᠎ᠠ ᠬᠦᠷᠴᠦ᠂ ᠵᠠᠮ ᠱᠤᠭᠤᠮ ᠤᠨ ᠪᠦᠬᠦ ᠣᠷᠳᠣ ᠨᠢ ᠪᠠᠷᠤᠭ 34.8km ᠪᠤᠯᠤᠨ᠎ᠠ᠃      ᠭᠠᠵᠠᠷ ᠳᠣᠣᠷᠠᠬᠢ ᠲᠡᠮᠦᠷ ᠵᠠᠮ ᠤᠨ ᠪᠠᠷᠢᠯᠭ᠎ᠠ ᠪᠣᠯ ᠰᠢᠨᠵᠢᠯᠡᠭᠡᠨ ᠠᠯᠤᠰᠯᠠᠭᠰᠠᠨ ᠲᠦᠢᠯ ᠤᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠪᠤᠯᠤᠨ᠎ᠠ᠃ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠶᠡᠷᠦ ᠳᠡᠭᠡᠨ ᠢᠯᠡ ᠮᠠᠯᠲᠠᠵᠤ᠂ ᠨᠦᠬᠡᠨ ᠵᠠᠮ ᠤᠨ ᠪᠦᠲᠦᠭᠡᠨ ᠪᠠᠶᠢᠭᠤᠯᠤᠯᠲᠠ ᠶᠢ ᠶᠡᠷᠦ ᠳᠡᠭᠡᠨ ᠪᠠᠮᠪᠠᠶ ᠪᠦᠲᠦᠴᠡ ᠶᠢ ᠬᠡᠷᠡᠭᠯᠡᠳᠡᠭ᠃ ᠶᠡᠷᠦ ᠳᠡᠭᠡᠨ ᠭᠠᠵᠠᠷ ᠳᠣᠣᠷᠠᠬᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠴᠥᠮ ᠲᠠᠪᠤᠨ ᠵᠢᠯ ᠠᠴᠠ ᠳᠡᠭᠡᠭᠰᠢ ᠴᠠᠭ ᠢ ᠬᠡᠷᠡᠭᠰᠡᠳᠡᠭ᠂ ᠤᠳᠤᠬᠠᠨ ᠤ ᠮᠡᠷᠭᠡᠵᠢᠯ ᠨᠡᠯᠢᠶᠡᠳ ᠪᠣᠯᠪᠠᠰᠤᠷᠠᠩᠭᠤᠶ ᠪᠤᠯᠤᠭᠰᠠᠨ ᠲᠤᠯᠠ᠂ 4 ᠵᠢᠯ ᠣᠷᠴᠢᠮ ᠳᠤ ᠪᠡᠶᠡᠯᠡᠭᠦᠯᠵᠦ ᠳᠡᠶᠢᠯᠦᠨ᠎ᠡ᠃      ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠡᠭᠦᠷᠭᠡᠯᠡᠯ ᠢ ᠬᠤᠪᠢᠶᠠᠨ ᠡᠭᠦᠷᠭᠡᠯᠡᠬᠦ ᠨᠣᠷᠮ᠎ᠠ 35-40% ᠎ ᠳᠤ ᠬᠦᠷᠬᠦ ᠪᠤᠯᠤᠮᠵᠢᠲᠠᠢ      ᠬᠦᠬᠡᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠲᠥᠷᠥᠯ ᠵᠦᠢᠯ ᠨᠢ ᠭᠤᠤᠯᠳᠠᠭᠤ ᠭᠠᠵᠠᠷ ᠳᠣᠣᠷᠠᠬᠢ ᠵᠠᠮ ᠱᠤᠭᠤᠮ ᠢ ᠬᠡᠷᠡᠭᠯᠡᠵᠤ᠂ ᠭᠠᠵᠠᠷ ᠳᠡᠭᠡᠷᠡᠬᠢ ᠵᠠᠮ ᠤᠨ ᠡᠬᠢ ᠪᠠᠶᠠᠯᠢᠭ ᠢ ᠡᠵᠡᠯᠡᠨ ᠬᠡᠷᠡᠭᠯᠡᠬᠦ ᠦᠭᠡᠶ ᠨᠢ ᠵᠠᠮ ᠬᠠᠷᠢᠯᠴᠠᠭᠠᠨ ᠤ ᠪᠣᠭᠤᠮᠢ ᠶᠢ ᠨᠠᠮᠳᠠᠭᠤᠯᠵᠤ᠂ ᠵᠠᠮ ᠬᠠᠷᠢᠯᠴᠠᠭᠠᠨ ᠤ ᠣᠷᠭᠢᠯ ᠤᠨ ᠦᠶ᠎ᠡ ᠳᠠᠬᠢ ᠲᠦᠭᠵᠢᠷᠡᠬᠦ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃  ᠡᠭᠦᠨ ᠠᠴᠠ ᠭᠠᠳᠠᠨ᠎ᠠ᠂ ᠵᠢᠮᠲᠤ ᠵᠠᠮ ᠬᠠᠷᠢᠯᠴᠠᠭ᠎ᠠ ᠶᠢᠨ ᠡᠩ ᠤᠨ ᠠᠶᠠᠯᠠᠬᠤ ᠬᠤᠷᠳᠤᠴᠠ ᠨᠢ 35km/h-50km/h᠎ ᠶᠢᠨ ᠬᠤᠭᠤᠷᠤᠨᠳᠤ ᠪᠠᠶᠢᠵᠤ᠂ ᠤᠯᠠᠨ ᠨᠡᠢᠲᠡ ᠶᠢᠨ ᠮᠠᠰᠢᠨ ᠲᠡᠷᠭᠡᠨ ᠤ 2 — 4 ᠳᠠᠬᠢᠨ ᠪᠠᠶᠢᠵᠤ᠂ ᠭᠠᠵᠠᠷ ᠳᠡᠭᠡᠷᠡᠬᠢ ᠵᠠᠮ ᠬᠠᠷᠢᠯᠴᠠᠭᠠᠨ ᠤ ᠨᠦᠯᠦᠭᠡ ᠶᠢ ᠬᠦᠷᠲᠡᠬᠦ ᠦᠭᠡᠢ᠂ ᠠᠶᠠᠨᠴᠢᠳ ᠤᠨ ᠵᠠᠮ ᠶᠠᠪᠤᠬᠤ ᠴᠠᠭ ᠢ ᠠᠷᠪᠢᠯᠠᠵᠤ᠂ ᠠᠶᠠᠨᠴᠢᠳ ᠤᠨ ᠤᠷᠤᠵᠤ ᠭᠠᠷᠬᠤ ᠪᠦᠲᠦᠮᠵᠢ ᠪᠤᠯᠤᠨ ᠬᠤᠲᠠ ᠶᠢᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠪᠤᠯᠤᠨ᠎ᠠ᠃      ᠭᠠᠵᠠᠷ ᠤᠨ ᠪᠠᠶᠢᠷᠢᠰᠢᠯ ᠬᠠᠬᠢᠷ ᠬᠦᠢᠲᠡᠨ ᠭᠠᠵᠠᠷ ᠣᠷᠣᠨ ᠳᠤ ᠣᠷᠣᠰᠢᠵᠤ᠂ ᠡᠪᠤᠯ ᠬᠠᠪᠤᠷ ᠤᠨ ᠠᠭᠤᠷ ᠠᠮᠢᠰᠬᠤᠯ ᠮᠠᠭᠤ ᠲᠤᠯᠠ᠂ ᠬᠦᠬᠡᠬᠤᠲᠠ ᠶᠢᠨ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠮᠠᠰᠢᠨᠲᠤ ᠲᠡᠷᠭᠡ ᠳᠤ ᠲᠦᠰᠢᠭᠯᠡᠬᠦ ᠴᠢᠨᠠᠷ ᠨᠢ ᠮᠠᠰᠢ ᠴᠢᠩᠭ᠎ᠠ ᠲᠤᠯᠠ᠂ 2013 ᠣᠨ ᠤ ᠡᠪᠦᠯ ᠮᠠᠰᠢᠨᠲᠤ ᠲᠡᠷᠭᠡ ᠪᠠᠷ ᠭᠠᠳᠠᠭᠰᠢ ᠭᠠᠷᠬᠤ ᠎ ᠨᠢ ᠪᠦᠬᠦ ᠠᠷᠭ᠎ᠠ ᠮᠠᠶ᠋ᠢᠭ ᠢᠶᠠᠷ ᠭᠠᠳᠠᠭᠰᠢ ᠭᠠᠷᠬᠤ ᠶᠡᠷᠦᠩᠭᠡᠢ ᠬᠡᠮᠵᠢᠶ᠎ᠡ ᠶᠢᠨ 55%᠎ ᠶᠢ ᠡᠵᠡᠯᠡᠪᠡ᠃ ᠪᠦᠬᠦ ᠬᠤᠲᠠ ᠶᠢᠨ ᠮᠠᠰᠢᠨᠲᠤ ᠲᠡᠷᠭᠡ ᠲᠦᠷᠭᠡᠨ ᠨᠡᠮᠡᠭᠳᠡᠬᠦ ᠬᠠᠨᠳᠤᠰᠢ ᠲᠠᠢ ᠪᠤᠯᠵᠤ᠂ ᠣᠳᠣᠬᠠᠨ ᠤ ᠪᠠᠶᠢᠭ᠎ᠠ ᠮᠠᠰᠢᠨᠲᠤ ᠲᠡᠷᠭᠡᠨ ᠤ ᠬᠡᠮᠵᠢᠶ᠎ᠡ ᠨᠢᠭᠡᠨᠲᠡ 80 ᠲᠦᠮᠡ ᠶᠢ ᠳᠠᠪᠠᠵᠤ᠂ ᠵᠠᠮ ᠬᠠᠷᠢᠯᠴᠠᠭᠠᠨ ᠤ ᠰᠠᠭᠤᠷᠢ  ᠪᠡᠯᠡᠳᠭᠡᠮᠵᠢ ᠨᠢ ᠬᠦᠭᠵᠢᠯᠲᠡ ᠶᠢᠨ ᠬᠡᠷᠡᠭᠴᠡᠭᠡ ᠳᠤ ᠵᠤᠬᠢᠴᠠᠬᠤ ᠳᠤ ᠪᠡᠷᠭᠡᠲᠠᠢ ᠪᠤᠯᠤᠭᠠᠳ᠂ ᠭᠠᠵᠠᠷ ᠳᠡᠭᠡᠷᠡᠬᠢ ᠵᠠᠮ ᠬᠠᠷᠢᠯᠴᠠᠭ᠎ᠠ ᠲᠦᠢᠯ ᠢᠶᠠᠷ ᠲᠦᠭᠵᠢᠷᠠᠵᠤ᠂ ᠡᠪᠦᠯ ᠤᠨ ᠤᠯᠠᠷᠢᠯ ᠤᠨ ᠬᠤᠶᠠᠳᠤᠭᠠᠷ ᠲᠣᠭᠤᠷᠢᠯ ᠵᠠᠮ ᠤᠨ ᠣᠷᠭᠢᠯ ᠦᠶ᠎ᠡ ᠶᠢᠨ ᠮᠠᠰᠢᠨᠲᠤ ᠲᠡᠷᠭᠡᠨ ᠤ ᠳᠤᠮᠳᠠᠴᠢ ᠬᠤᠷᠳᠤᠴᠠ ᠨᠢ ᠵᠥᠪᠬᠡᠨ 11 ᠺᠢᠯᠣᠮᠧᠲᠷ ᠪᠠᠶᠢᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠤ ᠳᠤᠮᠳᠠᠴᠢ ᠬᠤᠷᠳᠤᠴᠠ ᠨᠢ ᠵᠥᠪᠬᠡᠨ 8.3 ᠺᠢᠯᠣᠮᠧᠲᠷ ᠪᠠᠶᠢᠨ᠎ᠠ᠃ ᠲᠠᠯᠠᠪᠤᠷ ᠥᠷᠲᠡᠭᠡ ᠳᠤᠲᠠᠮᠠᠭ ᠠᠴᠠ ᠪᠤᠯᠵᠤ᠂ ᠬᠡᠰᠡᠭ ᠭᠠᠵᠠᠷ ᠤᠨ ᠡᠬᠢᠯᠡᠵᠤ ᠬᠦᠳᠡᠯᠬᠦ ᠲᠡᠭᠡᠭᠡᠪᠦᠷᠢ ᠶᠢᠨ ᠬᠦᠴᠦᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠵᠤ᠂ ᠣᠷᠭᠢᠯ ᠤᠨ ᠦᠶ᠎ᠡ ᠳᠠᠬᠢ ᠵᠠᠮ ᠬᠠᠷᠢᠯᠴᠠᠭᠠᠨ ᠤ ᠲᠦᠭᠵᠢᠷᠡᠯ ᠨᠢ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠡᠷᠭᠢᠯᠲᠡ ᠶᠢᠨ ᠨᠣᠷᠮ᠎ᠠ ᠶᠢ ᠳᠤᠷᠤᠭᠰᠢᠯᠠᠭᠤᠯᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢᠯᠡᠬᠦ ᠬᠦᠴᠦᠨ ᠤ ᠨᠡᠮᠡᠭᠳᠡᠯ ᠤᠨ ᠬᠤᠷᠳᠤᠴᠠ ᠨᠢ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠤᠳᠠᠲᠠᠢ ᠲᠡᠭᠡᠭᠡᠪᠦᠷᠢᠯᠡᠬᠦ ᠴᠢᠳᠠᠪᠤᠷᠢ ᠶᠢᠨ ᠨᠡᠮᠡᠭᠳᠡᠯ ᠢ ᠳᠠᠭᠠᠵᠤ ᠳᠡᠶᠢᠯᠬᠦ ᠦᠭᠡᠢ ᠪᠠᠶᠢᠵᠤ᠂ ᠤᠳᠤᠬᠠᠨ ᠳᠤ᠂ ᠬᠦᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠬᠡᠷᠡᠭᠴᠡᠭᠡ ᠶᠢ ᠬᠤᠪᠢᠳᠠᠨ ᠡᠭᠦᠷᠭᠡᠯᠡᠬᠦ ᠨᠣᠷᠮ᠎ᠠ ᠨᠢ ᠵᠥᠪᠬᠡᠨ 20% ᠣᠷᠴᠢᠮ ᠪᠠᠶᠢᠨ᠎ᠠ᠃ ᠡᠭᠦᠨ ᠲᠠᠢ ᠬᠠᠷᠢᠴᠠᠭᠤᠯᠪᠠᠯ᠂ ᠭᠠᠵᠠᠷ ᠳᠣᠣᠷᠠᠬᠢ ᠲᠡᠮᠦᠷ ᠵᠠᠮ ᠨᠢ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢ ᠲᠦᠯᠬᠢᠨ ᠠᠬᠢᠭᠤᠯᠬᠤ ᠲᠠᠯ᠎ᠠ ᠪᠠᠷ᠂ ᠢᠯᠡᠳᠲᠡ ᠳᠠᠪᠠᠭᠤᠯᠢᠭ ᠲᠠᠯ᠎ᠠ ᠲᠠᠢ ᠶᠤᠮ᠃ ᠲᠡᠭᠦᠨ ᠤ ᠬᠤᠷᠳᠤᠴᠠ ᠨᠢ ᠲᠦᠷᠭᠡᠨ᠂ ᠠᠮᠤᠷ ᠲᠦᠪᠰᠢᠨ᠂ ᠪᠠᠭᠲᠠᠮᠵᠢ ᠶᠡᠭᠡ᠂ ᠠᠭᠤᠷ ᠠᠮᠢᠰᠬᠤᠯ ᠳᠤ ᠨᠦᠯᠦᠭᠡᠯᠡᠭᠳᠡᠬᠦ ᠦᠭᠡᠢ ᠲᠡᠭᠡᠭᠡᠪᠦᠷᠢᠯᠡᠬᠦ ᠬᠡᠪ ᠵᠠᠭᠪᠤᠷ ᠨᠢ ᠬᠦᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠶᠠᠪᠤᠵᠤ ᠰᠠᠭᠤᠬᠤ ᠬᠡᠷᠡᠭᠴᠡᠭᠡ ᠶᠢ ᠬᠤᠪᠢᠳᠠᠨ ᠡᠭᠦᠷᠭᠡᠯᠡᠬᠦ ᠨᠣᠷᠮ᠎ᠠ ᠶᠢ 35-40%᠎ ᠳᠤ ᠬᠦᠷᠲᠡᠯ᠎ᠡ ᠲᠡᠭᠡᠭᠰᠢᠯᠡᠭᠦᠯᠬᠦ ᠪᠤᠯᠤᠮᠵᠢᠲᠠᠢ ᠪᠠᠶᠢᠨ᠎ᠠ᠃      ᠬᠦᠬᠡᠬᠤᠲᠠ ᠶᠢᠨ ᠵᠢᠮᠲᠤ ᠵᠠᠮ ᠬᠠᠷᠢᠯᠴᠠᠭ᠎ᠠ ᠶᠢᠨ ᠨᠡᠶᠢᠭᠡᠮ ᠤᠨ ᠲᠦᠭᠰᠢᠭᠦᠷᠢᠲᠦ ᠴᠢᠨᠠᠷ ᠤᠨ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ ᠪᠦᠬᠦ ᠬᠤᠲᠠ ᠶᠢᠨ 80%᠎ ᠠᠴᠠ ᠳᠡᠭᠡᠭᠰᠢᠬᠢ ᠪᠠᠶᠢᠴᠠᠭᠠᠯᠲᠠ ᠬᠦᠯᠢᠶᠡᠭᠰᠡᠨ ᠠᠷᠠᠳ ᠢᠯᠡᠷᠭᠡᠶᠢᠯᠡᠭᠰᠡᠨ ᠨᠢ᠂ ᠭᠠᠵᠠᠷ ᠳᠣᠣᠷᠠᠬᠢ ᠲᠡᠮᠦᠷ ᠵᠠᠮ ᠪᠦᠬᠦ ᠱᠤᠭᠤᠮ ᠢᠶᠠᠷ ᠨᠡᠪᠲᠡᠷᠡᠪᠡᠯ ᠮᠠᠰᠢᠨ ᠲᠡᠷᠭᠡ ᠬᠦᠳᠡᠯᠭᠡᠬᠦ ᠲᠤᠭ᠎ᠠ ᠤᠳᠠᠭ᠎ᠠ ᠪᠠᠭᠠᠰᠴᠤ᠂ ᠭᠠᠵᠠᠷ ᠳᠣᠣᠷᠠᠬᠢ ᠲᠡᠮᠦᠷ ᠵᠠᠮ ᠤᠨ ᠲᠡᠷᠭᠡᠨ ᠳᠤ ᠰᠠᠭᠤᠵᠤ ᠭᠠᠳᠠᠭᠰᠢ ᠶᠠᠪᠤᠬᠤ ᠪᠤᠯᠤᠨ᠎ᠠ ᠬᠡᠪᠡ᠃ ᠤᠯᠠᠨ ᠤ ᠮᠡᠳᠡᠭᠡᠵᠢ ᠪᠠᠷ᠂ ᠮᠠᠰᠢᠨ ᠲᠡᠷᠭᠡᠨ ᠤ ᠠᠷᠤ ᠶᠢᠨ ᠬᠡᠢ ᠨᠢ ᠠᠭᠠᠷ ᠢ ᠪᠤᠬᠢᠷᠳᠤᠭᠤᠯᠬᠤ ᠭᠤᠤᠯ ᠰᠤᠷᠪᠤᠯᠵᠢ ᠪᠠᠶᠢᠵᠤ᠂ ᠬᠤᠲᠠ ᠶᠢᠨ ᠠᠭᠠᠷ ᠤᠨ ᠪᠣᠬᠢᠷᠲᠤᠯ ᠳᠤ᠂ ᠵᠠᠮ ᠬᠠᠷᠢᠯᠴᠠᠭᠠᠨ ᠤ ᠪᠣᠬᠢᠷᠲᠤᠯ ᠨᠢ ᠪᠦᠬᠦ ᠪᠣᠬᠢᠷᠲᠤᠯ ᠤᠨ 70%᠎ ᠠᠴᠠ 90%᠎ ᠶᠢ ᠡᠵᠡᠯᠡᠵᠤ ᠪᠠᠶᠢᠨ᠎ᠠ᠃ ᠭᠠᠵᠠᠷ ᠳᠣᠣᠷᠠᠬᠢ ᠲᠡᠮᠦᠷ ᠵᠠᠮ ᠪᠦᠬᠦ ᠱᠤᠭᠤᠮ ᠢᠶᠠᠷ ᠨᠡᠪᠲᠡᠷᠡᠭᠰᠡᠨ ᠤ ᠳᠠᠷᠠᠭ᠎ᠠ᠂ ᠲᠥᠪ ᠬᠤᠲᠠ ᠶᠢᠨ ᠵᠠᠮ ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠵᠢᠴᠢ ᠠᠭᠠᠷ ᠤᠨ ᠶᠠᠰᠤ ᠴᠢᠨᠠᠷ ᠤᠨ ᠪᠠᠶᠢᠳᠠᠯ ᠴᠦᠮ  ᠰᠠᠶᠢᠵᠢᠷᠠᠨ᠎ᠠ ᠭᠡᠳᠡᠭ ᠢ ᠵᠢᠱᠢᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号