2015 ᠣᠨ ᠤ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠠᠵᠢᠯᠯᠠᠭ᠎ᠠ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2015/8/26
     ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ      8 ᠳ᠋ᠤᠭᠠᠷ ᠰᠠᠷ᠎ᠠ ᠶᠢᠨ 24᠎ ᠤ ᠡᠳᠦᠷ᠂ 2015 ᠣᠨ ᠤ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠤᠬᠠᠭᠤᠯᠬᠤ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠵᠣᠬᠢᠶᠠᠨ ᠪᠠᠶᠢᠭᠤᠯᠬᠤ ᠺᠣᠮᠢᠰ ᠤᠨ ᠡᠷᠬᠢᠯᠡᠭᠴᠢ ᠯᠢ ᠷᠦᠩ ᠰᠢ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠣᠷᠴᠢᠨ ᠲᠣᠭᠤᠷᠢᠨ ᠡᠬᠢ ᠪᠠᠶᠠᠯᠢᠭ ᠢ ᠬᠠᠮᠠᠭᠠᠯᠠᠬᠤ ᠪᠣᠯᠣᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ᠂ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠵᠣᠬᠢᠶᠠᠨ ᠪᠠᠶᠢᠭᠤᠯᠬᠤ ᠺᠤᠮᠢᠰ ᠤᠨ ᠳᠡᠳ᠋ ᠡᠷᠬᠢᠯᠡᠭᠴᠢ ᠵᠠᠩ ᠫᠢᠶᠠᠨ ᠺᠣᠣ ᠬᠤᠷᠠᠯ ᠡᠷᠭᠢᠯᠡᠪᠡ᠃      2015 ᠣᠨ ᠤ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠤᠬᠠᠭᠤᠯᠬᠤ ᠠᠵᠢᠯᠯᠠᠭ᠎ᠠ ᠨᠢ ᠦᠷᠭᠦᠯᠵᠢᠯᠡᠨ ︽ᠠᠮᠢ ᠠᠬᠤᠶ ᠶᠢᠨ ᠪᠣᠯᠪᠠᠰᠤᠨ ᠢ ᠲᠦᠯᠬᠢᠨ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ︾᠎ ᠪᠠᠷ ᠭᠤᠣᠯ ᠰᠡᠳᠦᠪ ᠪᠣᠯᠭᠠᠵᠤ᠂ ︽ᠡᠯᠡᠰᠦ ᠮᠠᠩᠬᠠᠨ ᠤ ᠠᠮᠢ ᠠᠬᠤᠶ ᠶᠢᠨ ᠪᠣᠯᠪᠠᠰᠤᠨ ᠢ ᠪᠦᠲᠦᠭᠡᠨ ᠪᠠᠶᠢᠭᠤᠯᠬᠤ︾᠎ ᠪᠠᠷ ᠲᠤᠰᠬᠠᠶ ᠰᠡᠳᠦᠪ ᠪᠣᠯᠭᠠᠵᠤ᠂ ᠰᠣᠷᠪᠣᠯᠵᠢᠯᠠᠭᠴᠢᠳ ᠤᠨ ᠪᠦᠯᠬᠦᠮ ᠢ ᠵᠣᠬᠢᠶᠠᠨ ᠪᠠᠶᠢᠭᠤᠯᠤᠨ ᠭᠤᠣᠯᠳᠠᠯᠭ᠎ᠠ ᠲᠠᠢ ᠪᠠᠷ ᠴᠦᠯᠵᠢᠯ ᠢ ᠵᠠᠰᠠᠬᠤ ᠪᠠ ᠠᠮᠢ ᠠᠬᠤᠶ ᠶᠢᠨ ᠰᠡᠷᠭᠦᠭᠡᠬᠦ᠂ ᠡᠯᠡᠰᠦᠷᠬᠡᠭ ᠣᠷᠣᠨ ᠢ ᠪᠦᠲᠦᠭᠡᠨ ᠪᠠᠶᠢᠭᠤᠯᠬᠤ᠂ ᠡᠯᠡᠰᠦᠨ ᠡᠬᠢ ᠪᠠᠶᠠᠯᠢᠭ ᠢ ᠠᠰᠢᠭᠯᠠᠬᠤ ᠵᠢᠴᠢ ᠡᠯᠡᠰᠦᠨ ᠠᠵᠤ ᠦᠢᠯᠡᠰ ᠢ ᠨᠡᠭᠡᠭᠡᠨ ᠬᠥᠭᠵᠢᠭᠦᠯᠬᠦ ᠪᠠᠶᠢᠳᠠᠯ ᠢ ᠤᠬᠠᠭᠤᠯᠤᠨ ᠮᠡᠳᠡᠭᠡᠯᠡᠬᠦ ᠪᠣᠯᠣᠨ᠎ᠠ᠃
     ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠵᠣᠬᠢᠶᠠᠨ ᠪᠠᠶᠢᠭᠤᠯᠬᠤ ᠺᠣᠮᠢᠰ ᠤᠨ ᠡᠷᠬᠢᠯᠡᠭᠴᠢ ᠯᠢ ᠷᠦᠩ ᠰᠢ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢ ᠷᠦᠩ ᠰᠢ ᠵᠢᠭᠠᠵᠤ ᠭᠠᠷᠭᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ︽ᠬᠤᠣᠰ ᠵᠠᠭᠤᠨ ᠵᠢᠯ︾᠎ ᠤᠨ ᠲᠡᠮᠡᠴᠡᠯ ᠤᠨ ᠬᠠᠷᠠᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠬᠦᠰᠡᠯ ᠵᠡᠭᠦᠳᠦ ᠶᠢ ᠪᠡᠶᠡᠯᠡᠭᠦᠯᠬᠦ ᠳᠤ ᠬᠤᠯᠪᠣᠭᠳᠠᠨ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠠᠴᠠ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠤᠬᠠᠭᠤᠯᠬᠤ ᠠᠵᠢᠯᠯᠠᠭ᠎ᠠ ᠳᠤ ᠥᠭᠭᠦᠭᠰᠡᠨ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠬᠤ ᠬᠡᠷᠡᠭᠲᠡᠢ᠃ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠷᠡᠰ ᠪᠠᠷᠢᠮᠲᠠᠯᠠᠵᠤ᠂ ᠡᠷᠡᠨ ᠵᠠᠭᠤᠨ ᠤ ᠠᠶᠠᠯᠠᠯ ᠤᠨ ᠤᠬᠠᠭᠤᠯᠬᠤ ᠠᠵᠢᠯᠯᠠᠭ᠎ᠠ ᠶᠢᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠪᠠ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠤᠰ ᠤᠳᠠᠭᠠᠨ ᠤ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠲᠤᠰᠬᠠᠶ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠢᠳᠡᠪᠬᠢᠲᠡᠶ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ ᠭᠡᠪᠡ᠃      ᠡᠬᠢᠯᠡᠭᠦᠯᠬᠦ ᠶᠣᠰᠣᠯᠠᠯ ᠤᠨ ᠳᠠᠷᠠᠭ᠎ᠠ᠂ ᠥᠪᠥᠷ ᠮᠣᠩᠭᠤᠯ ᠤᠨ ᠣᠷᠴᠢᠨ ᠲᠣᠭᠤᠷᠢᠨ ᠢ ᠬᠠᠮᠠᠭᠠᠯᠠᠬᠤ ᠡᠷᠡᠨ ᠵᠠᠭᠤᠨ ᠤ ᠠᠶᠠᠯᠠᠯ ᠤᠨ ᠰᠣᠷᠪᠣᠯᠵᠢᠯᠠᠭᠴᠢᠳ ᠤᠨ ᠪᠦᠯᠬᠦᠮ ᠰᠢᠯᠢ ᠶᠢᠨ ᠬᠤᠲᠠ᠂ ᠲᠦᠩᠯᠢᠶᠣᠣ᠂ ᠤᠯᠠᠭᠠᠨᠬᠠᠳᠠ᠂ ᠣᠷᠳᠣᠰ᠂ ᠦᠬᠠᠢ᠂ ᠠᠯᠠᠱᠠ ᠵᠡᠷᠭᠡ 6 ᠠᠶᠢᠮᠠᠭ ᠬᠤᠲᠠ ᠳᠤ ᠬᠦᠷᠴᠦ ᠲᠤᠬᠠᠶ ᠶᠢᠨ ᠭᠠᠵᠠᠷ ᠲᠤ ᠰᠤᠷᠪᠤᠯᠵᠢᠯᠠᠨ ᠮᠡᠳᠡᠭᠡᠯᠡᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号