ᠬᠤᠶᠠᠳᠡᠬᠢ ᠪᠦᠯᠦᠭ ᠤᠯᠤᠰ ᠤᠨ ᠳᠡᠰ ᠤᠨ ᠶᠠᠫᠣᠨ ᠢ ᠡᠰᠡᠷᠭᠦᠴᠡᠬᠦ ᠳᠠᠶᠢᠨ ᠤ ᠪᠠᠭᠤᠷᠢ ᠶᠢᠨ ᠨᠡᠷᠡᠰ ᠢ ᠨᠡᠶᠢᠲᠡᠯᠡᠵᠦ    ᠥᠪᠥᠷ ᠮᠣᠩᠭᠤᠯ ᠤᠨ 6 ᠭᠠᠵᠠᠷ ᠰᠤᠩᠭᠤᠭᠳᠠᠨ ᠣᠷᠣᠪᠠ
ᠨᠡᠶᠢᠲᠡᠯᠡᠭᠰᠡᠨ ᠴᠠᠭ᠄
2015/8/26
     ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠪᠣᠯᠤᠨ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 70 ᠵᠢᠯ ᠢ ᠥᠪᠳᠡᠭᠰᠢ ᠶᠡᠭᠡ ᠪᠠᠷ ᠳᠤᠷᠠᠰᠬᠠᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠥᠷᠥ ᠶᠢᠨ ᠶᠠᠪᠤᠳᠠᠯ ᠤᠨ ᠬᠤᠷᠢᠶ᠎ᠠ ᠮᠡᠳᠡᠭᠳᠡᠯ ᠭᠠᠷᠭᠠᠵᠤ᠂ ᠬᠤᠶᠠᠳᠡᠬᠢ ᠪᠦᠯᠦᠭ ᠤᠯᠤᠰ ᠤᠨ ᠳᠡᠰ ᠤᠨ ᠶᠠᠫᠣᠨ ᠢ ᠡᠰᠡᠷᠭᠦᠴᠡᠬᠦ ᠳᠠᠶᠢᠨ ᠤ 100 ᠳᠤᠷᠠᠰᠬᠠᠯᠲᠤ ᠪᠡᠯᠡᠳᠬᠡᠮᠵᠢ᠂ ᠪᠠᠭᠤᠷᠢ ᠶᠢᠨ ᠨᠡᠷᠡᠰ ᠢ ᠨᠡᠶᠢᠲᠡᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 6  ᠭᠠᠵᠠᠷ ᠰᠤᠩᠭᠤᠭᠳᠠᠨ ᠣᠷᠣᠪᠠ᠃      ᠡᠨᠡᠬᠦ ᠤᠯᠤᠰ ᠤᠨ ᠳᠡᠰ ᠤᠨ ᠶᠠᠫᠣᠨ ᠢ ᠡᠰᠡᠷᠭᠦᠴᠡᠬᠦ ᠳᠠᠶᠢᠨ ᠤ 6 ᠳᠤᠷᠠᠰᠬᠠᠯᠲᠤ ᠪᠡᠯᠡᠳᠬᠡᠮᠵᠢ᠂  ᠪᠠᠭᠤᠷᠢ ᠳᠤ᠄ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤ ᠶᠢᠨ ᠪᠠᠭᠰᠢ ᠶᠢᠨ ᠪᠠᠶᠢᠰᠢᠩ ᠤᠨ ᠲᠣᠰᠬᠤᠨ ᠎ ᠳᠠᠬᠢ ᠲᠦᠮᠡᠨ ᠵᠡᠭᠦᠨ ᠬᠤᠰᠢᠭᠤᠨ ᠤ ᠬᠠᠷᠭᠤᠨ᠎ᠠ ᠶᠢᠨ ᠨᠥᠭᠴᠢᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ᠂ ᠪᠣᠭᠤᠳᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠬᠡᠦᠭᠡᠨ ᠠᠭᠤᠯᠠᠨ ᠳᠤ ᠪᠠᠶᠢᠭ᠎ᠠ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠥᠰᠢᠶ᠎ᠡ᠂ ᠬᠦᠯᠦᠨ ᠪᠣᠶᠢᠷ ᠬᠤᠲᠠ ᠶᠢᠨ ᠠᠷᠣᠨ ᠬᠤᠰᠢᠭᠤᠨ ᠤ ᠨᠠᠵᠢ ᠪᠠᠯᠭᠠᠰᠤ ᠶᠢᠨ ᠵᠡᠭᠦᠨ ᠠᠭᠤᠯᠠᠨ ᠳᠤ ᠪᠠᠶᠢᠭ᠎ᠠ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ  ᠪᠠᠭᠠᠲᠤᠷᠴᠤᠳ ᠤᠨ ᠬᠦᠷᠢᠶᠡᠯᠡᠩ᠂  ᠬᠥᠯᠥᠨ ᠪᠣᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠣᠬᠤᠶ ᠪᠠᠯᠭᠠᠰᠤ ᠶᠢᠨ ᠪᠠᠶᠠᠨ ᠬᠠᠭᠠᠨ ᠳᠤ ᠪᠠᠶᠢᠭ᠎ᠠ ᠶᠠᠫᠣᠨ ᠤ  ᠵᠡᠭᠦᠨ ᠬᠤᠶᠢᠲᠤ ᠶᠢᠨ  ᠴᠡᠷᠢᠭ ᠤᠨ ᠬᠤᠣᠷᠲᠤ ᠬᠡᠢ ᠶᠢᠨ ᠲᠤᠷᠰᠢᠯᠲᠠ ᠶᠢᠨ ᠲᠠᠯᠠᠪᠠᠢ ᠶᠢᠨ ᠪᠠᠭᠤᠷᠢ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠯᠦᠩ ᠰᠢᠩ ᠴᠠᠩ ᠪᠠᠯᠭᠠᠰᠤ ᠳᠠᠬᠢ ᠦᠶᠤᠸᠠᠨ ᠤ ᠶᠠᠫᠣᠨ ᠢ ᠡᠰᠡᠷᠭᠦᠴᠡᠬᠦ ᠨᠥᠭᠴᠢᠭᠰᠡᠨ ᠪᠠᠭᠠᠲᠤᠷᠴᠤᠳ ᠤᠨ ᠪᠣᠩᠬᠤᠨ ᠤ ᠬᠦᠷᠢᠶᠡᠯᠡᠩ᠂ ᠬᠢᠩᠭᠠᠨ ᠠᠶᠢᠮᠠᠭ ᠤᠨ ᠷᠠᠰᠢᠶᠠᠨ ᠬᠤᠲᠠ ᠳᠠᠬᠢ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠣᠨ ᠴᠡᠷᠢᠭ ᠤᠨ ᠷᠠᠰᠢᠶᠠᠨ ᠤ ᠴᠠᠶᠢᠵᠠ ᠶᠢᠨ ᠪᠠᠭᠤᠷᠢ ᠪᠠᠭᠲᠠᠵᠤ ᠪᠣᠢ᠃      2014 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠭᠰᠡᠨ ᠠᠩᠬᠠᠳᠠᠭᠴᠢ ᠪᠦᠯᠦᠭ ᠤᠯᠤᠰ ᠤᠨ ᠳᠡᠰ ᠤᠨ ᠶᠠᠫᠣᠨ ᠢ ᠡᠰᠡᠷᠭᠦᠴᠡᠬᠦ ᠳᠠᠶᠢᠨ ᠤ ᠳᠤᠷᠠᠰᠬᠠᠯᠲᠤ ᠪᠡᠯᠡᠳᠬᠡᠮᠵᠢ᠂ ᠪᠠᠭᠤᠷᠢ ᠶᠢᠨ ᠨᠡᠷᠡᠰ ᠲᠤ ᠥᠪᠥᠷ ᠮᠣᠩᠭᠤᠯ ᠤᠨ 3 ᠭᠠᠵᠠᠷ ᠰᠤᠩᠭᠤᠭᠳᠠᠨ ᠣᠷᠣᠭᠰᠠᠨ ᠪᠠᠶᠢᠨ᠎ᠠ᠃  ᠡᠨᠡ ᠨᠢ ᠲᠤᠰ ᠲᠤᠰ ᠬᠦᠬᠡᠬᠤᠲᠠ ᠶᠢᠨ ᠦᠴᠦᠸᠠᠨ ᠰᠢᠶᠠᠨ ᠤ ᠳᠡᠷᠡᠰᠦᠨ ᠭᠤᠤ ᠰᠢᠶᠠᠩ ᠤᠨ ᠮᠥᠭᠦ ᠶᠢᠨ ᠶᠣᠣ  ᠭᠠᠴᠠᠭᠠᠨ ᠳᠤ ᠪᠠᠶᠢᠭ᠎ᠠ ᠳᠠᠯᠠᠨ ᠬᠠᠷ᠎ᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠠᠭᠤᠴᠢᠨ ᠪᠠᠭᠤᠷᠢ᠂ ᠬᠦᠯᠦᠨ ᠪᠣᠶᠢᠷ ᠬᠤᠲᠠ ᠶᠢᠨ ᠬᠠᠶᠢᠯᠠᠷ ᠲᠣᠭᠤᠷᠢᠭ  ᠤᠨ ᠬᠤᠶᠢᠲᠤ ᠠᠭᠤᠯᠠᠨ ᠳᠤ ᠪᠠᠶᠢᠭ᠎ᠠ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠬᠠᠶᠢᠯᠠᠷ ᠲᠠᠬᠢ ᠳᠤᠷᠠᠰᠬᠠᠯ ᠤᠨ ᠬᠦᠷᠢᠶᠡᠯᠡᠩ  ᠪᠣᠯᠣᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤ ᠳᠤ ᠪᠠᠶᠢᠭ᠎ᠠ ᠨᠣᠮᠣᠨ ᠬᠠᠨ ᠲᠠᠶᠢᠨ ᠤ ᠪᠠᠭᠤᠷᠢ ᠶᠢᠨ ᠳᠡᠯᠭᠡᠨ ᠦᠵᠡᠭᠦᠯᠬᠦ ᠮᠦᠽᠧᠢ ᠪᠣᠯᠣᠨ᠎ᠠ᠃      ᠳᠠᠯᠠᠨ ᠬᠠᠷ᠎ᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠠᠭᠤᠴᠢᠨ ᠪᠠᠭᠤᠷᠢ
     ᠳᠠᠯᠠᠨ ᠬᠠᠷ᠎ᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠬᠠᠭᠤᠴᠢᠨ ᠪᠠᠭᠤᠷᠢ  ᠬᠥᠬᠡᠬᠤᠲᠠ ᠶᠢᠨ ᠦᠴᠦᠸᠠᠨ ᠰᠢᠶᠠᠨ ᠤ ᠳᠡᠷᠡᠰᠦᠨ ᠭᠤᠤ ᠰᠢᠶᠠᠩ ᠤᠨ ᠮᠥᠭᠦ ᠶᠢᠨ ᠶᠣᠣ ᠭᠠᠴᠠᠭᠠᠨ ᠤ ᠵᠡᠭᠦᠨᠳᠡᠬᠢ ᠪᠠᠶᠢᠭ᠎ᠠ ᠳᠠᠯᠠᠨ ᠬᠠᠷ᠎ᠠ ᠠᠭᠤᠯᠠ ᠶᠢᠨ ᠬᠦᠨ ᠳᠤ ᠪᠠᠶᠢᠵᠤ᠂ ᠶᠠᠫᠣᠨ ᠢ ᠡᠰᠡᠷᠭᠦᠴᠡᠬᠦ ᠳᠠᠶᠢᠨ ᠤ ᠦᠶ᠎ᠡ ᠶᠢᠨ ᠵᠥᠪᠯᠡᠯᠲᠦ ᠮᠣᠩᠭᠤᠯ ᠤᠯᠤᠰ ᠤᠷᠤᠭᠤ ᠨᠡᠪᠲᠡᠷᠡᠬᠦ ᠬᠤᠪᠢᠰᠬᠠᠯᠲᠤ ᠵᠠᠮ ᠬᠠᠷᠢᠯᠴᠠᠭᠠᠨ ᠤ ᠵᠠᠩᠭᠢᠯᠠᠭ᠎ᠠ᠂ ᠤᠮᠠᠷᠠᠲᠤ ᠣᠷᠣᠨ ᠤ ᠶᠠᠫᠣᠨ ᠢ ᠡᠰᠡᠷᠭᠦᠴᠡᠬᠦ ᠹᠷᠣᠨᠲ ᠤᠨ ᠬᠥᠭᠦᠷᠭᠡᠨ ᠪᠠᠬᠢᠯᠡᠯᠲᠡ ᠪᠣᠯᠬᠤ ᠶᠤᠮ᠃ ᠲᠡᠷᠡ ᠨᠢ ᠥᠪᠡᠷᠮᠢᠴᠡ ᠬᠤᠪᠢᠰᠬᠠᠯᠲᠤ ᠤᠯᠠᠮᠵᠢᠯᠠᠯ ᠤᠨ ᠬᠥᠮᠦᠵᠢᠯ ᠪᠣᠯᠣᠨ ᠡᠬᠡ ᠣᠷᠣᠨᠴᠢ ᠦᠵᠡᠯ ᠤᠨ ᠬᠥᠮᠦᠵᠢᠯ ᠤᠨ ᠠᠴᠢ ᠬᠤᠯᠪᠣᠭᠳᠠᠯ ᠲᠠᠢ ᠠᠴᠠ ᠪᠣᠯᠵᠤ᠂ 1964 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠣᠯᠳᠠᠯᠭ᠎ᠠ ᠲᠠᠢ ᠲᠡᠦᠭᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠠᠷ ᠵᠢᠭᠰᠠᠭᠠᠪᠠ︔ 2005 ᠣᠨ ᠳᠤ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠲᠥᠯᠥᠪᠵᠢᠭᠦᠯᠭᠡ ᠶᠢᠨ ᠬᠦᠲᠦᠯᠪᠦᠷᠢ ᠳᠤ ᠵᠢᠭᠰᠠᠭᠠᠭᠳᠠᠨ᠂ ᠪᠦᠬᠦ ᠣᠷᠣᠨ ᠤ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠭᠰᠠᠨ ᠪᠥᠭᠡᠳ ᠲᠥᠪ ᠤᠨ ᠤᠬᠠᠭᠤᠯᠬᠤ ᠬᠡᠯᠲᠡᠰ ᠵᠡᠷᠭᠡ 6 ᠶᠠᠮᠤᠨ ᠵᠥᠪᠯᠡᠯ ᠠᠴᠠ ᠪᠦᠬᠦ ᠤᠯᠤᠰ ᠤᠨ  ᠶᠠᠫᠣᠨ ᠢ ᠡᠰᠡᠷᠭᠦᠴᠡᠬᠦ ᠫᠠᠷᠲ᠋ᠢᠽᠠᠨ ᠤ 19 ᠰᠠᠭᠤᠷᠢᠨ ᠭᠠᠵᠠᠷ ᠤᠨ ᠨᠢᠭᠡ ᠪᠣᠯᠣᠨ ᠪᠦᠬᠦ ᠤᠯᠤᠰ ᠤᠨ ᠵᠠᠭᠤᠨ ᠬᠤᠪᠢᠰᠬᠠᠯᠲᠤ ᠰᠣᠩᠭᠤᠳᠠᠭ ᠦᠵᠡᠮᠵᠢᠲᠦ ᠣᠷᠣᠨ ᠤ ᠨᠢᠭᠡ ᠪᠠᠷ ᠨᠡᠷᠡᠯᠡᠪᠡ᠃      ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠬᠠᠶᠢᠯᠠᠷ ᠲᠠᠬᠢ ᠳᠤᠷᠠᠰᠬᠠᠯ ᠤᠨ ᠬᠦᠷᠢᠶᠡᠯᠡᠩ
    ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠤ ᠬᠠᠶᠢᠯᠠᠷ ᠲᠠᠬᠢ ᠳᠤᠷᠠᠰᠬᠠᠯ ᠤᠨ ᠬᠦᠷᠢᠶᠡᠯᠡᠩ ᠬᠠᠶᠢᠯᠠᠷ ᠲᠣᠭᠤᠷᠢᠭ ᠤᠨ ᠤᠮᠠᠷᠠᠲᠤ ᠬᠡᠰᠡᠭ ᠲᠤ ᠪᠠᠶᠢᠷᠢᠰᠢᠵᠦ᠂ ᠤᠯᠤᠰ ᠤᠨ 5A ᠳᠡᠰ ᠤᠨ ᠳᠠᠶᠢᠨ ᠤ  ᠭᠤᠣᠯ ᠰᠡᠳᠦᠪᠲᠦ ᠴᠡᠴᠡᠷᠯᠢᠭ ᠢᠶᠠᠷ ᠲᠣᠭᠲᠠᠭᠠᠭᠳᠠᠵᠤ᠂ ᠶᠡᠷᠦᠩᠬᠡᠶ ᠲᠠᠯᠠᠪᠠᠶ ᠨᠢ 110 ᠡᠾᠧᠺᠲ᠋ᠡᠷ ᠪᠠᠶᠢᠵᠤ᠂ ᠤᠤᠯ ᠤᠨ ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠣᠨ ᠴᠡᠷᠢᠭ ᠤᠨ ᠬᠠᠶᠢᠯᠠᠷ ᠲᠠᠬᠢ ᠴᠠᠶᠢᠵᠠ ᠶᠢᠨ   ᠪᠠᠭᠤᠷᠢ ᠳᠡᠭᠡᠷ᠎ᠡ ᠪᠠᠶᠢᠭᠤᠯᠤᠭᠳᠠᠵᠤ᠂ ᠡᠬᠡ ᠣᠷᠣᠨᠴᠢ ᠦᠵᠡᠯ᠂ ᠢᠨᠲ᠋ᠧᠷᠨᠠᠼᠢᠣᠨᠠᠯ ᠤᠨ ᠦᠵᠡᠯ᠂ ᠬᠤᠪᠢᠰᠬᠠᠯᠲᠤ ᠪᠠᠭᠠᠲᠤᠷᠯᠢᠭ ᠦᠵᠡᠯ ᠢ ᠨᠢᠭᠡ ᠴᠣᠭᠴᠠ ᠪᠣᠯᠭᠠᠭᠰᠠᠨ ᠴᠡᠷᠢᠭ ᠤᠨ ᠶᠠᠪᠤᠳᠠᠯ ᠤᠨ ᠭᠤᠣᠯ  ᠰᠡᠳᠦᠪᠲᠦ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢᠲᠦ ᠣᠷᠣᠨ ᠪᠠᠶᠢᠵᠤ᠂ ᠤᠯᠤᠰ ᠤᠨ ᠳᠣᠲᠣᠭᠠᠳᠤ ᠳᠠᠭᠠᠨ ᠠᠳᠠᠯᠢ ᠲᠥᠷᠥᠯ ᠤᠨ ᠰᠡᠳᠦᠪ ᠢᠶᠠᠷ ᠴᠦᠭᠡᠨ ᠪᠠᠶᠢᠬᠤ ᠭᠤᠣᠯ ᠰᠡᠳᠦᠪᠲᠦ ᠴᠡᠴᠡᠷᠯᠢᠭ ᠤᠨ ᠨᠢᠭᠡ ᠪᠣᠯᠤᠨ᠎ᠠ᠃     ᠨᠣᠮᠣᠨ ᠬᠠᠨ ᠤ ᠲᠠᠶᠢᠨ ᠤ ᠪᠠᠭᠤᠷᠢ ᠶᠢᠨ ᠳᠡᠯᠭᠡᠨ ᠦᠵᠡᠭᠦᠯᠬᠦ ᠮᠦᠽᠧᠢ
     1989 ᠣᠨ ᠳᠤ  ᠂ ᠰᠢᠨ᠎ᠡ ᠪᠠᠷᠭᠤ ᠵᠡᠭᠦᠨ ᠬᠤᠰᠢᠭᠤ ᠨᠣᠮᠣᠨ ᠬᠠᠨ ᠤ ᠲᠠᠶᠢᠨ ᠤ ᠪᠠᠭᠤᠷᠢ ᠶᠢᠨ ᠳᠡᠯᠭᠡᠨ ᠦᠵᠡᠭᠦᠯᠬᠦ ᠮᠦᠽᠧᠢ ᠪᠠᠶᠢᠭᠤᠯᠵᠤ᠂ ᠮᠦᠽᠧᠢ ᠳᠤ ᠳᠠᠶᠢᠨ ᠤ ᠦᠯᠡᠳᠡᠭᠳᠡᠯ ᠪᠤᠳᠠᠰ ᠢ 3000 ᠭᠠᠷᠤᠢ ᠵᠦᠢᠯ ᠬᠤᠷᠢᠶᠠᠨ ᠬᠠᠳᠠᠭᠠᠯᠠᠪᠠ᠃ ᠨᠣᠮᠣᠨ ᠬᠠᠨ ᠤ ᠲᠠᠶᠢᠨ ᠤ ᠪᠠᠭᠤᠷᠢ ᠶᠢᠨ ᠳᠡᠯᠭᠡᠨ ᠦᠵᠡᠭᠦᠯᠬᠦ ᠮᠦᠽᠧᠢ ᠶᠢ 2008 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ  ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠭᠡ ᠶᠢᠨ ᠳᠤᠷᠠᠰᠬᠠᠯᠲᠤ ᠵᠦᠢᠯᠡᠰ ᠢ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠡ ᠪᠠᠷ ᠨᠡᠶᠢᠲᠡᠯᠡᠪᠡ︔ 2008 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠨᠡᠶᠢᠲᠡᠯᠡᠪᠡ᠃      ᠲᠦᠮᠡᠨ ᠵᠡᠭᠦᠨ ᠬᠤᠰᠢᠭᠤᠨ ᠤ ᠬᠠᠷᠭᠤᠨ᠎ᠠ ᠶᠢᠨ ᠨᠥᠭᠴᠢᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ
     ᠬᠠᠷᠭᠤᠨ᠎ᠠ ᠶᠢᠨ ᠨᠥᠭᠴᠢᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠨᠢ ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠪᠠᠭᠰᠢ ᠶᠢᠨ ᠪᠠᠶᠢᠰᠢᠩ ᠤᠨ ᠭᠠᠴᠠᠭᠠᠨ ᠤ ᠪᠠᠷᠠᠭᠤᠨ ᠬᠤᠶᠢᠨ᠎ᠠ ᠳᠠᠯᠠᠨ ᠬᠠᠷ᠎ᠠ ᠠᠭᠤᠯᠠᠨ ᠤ ᠠᠭᠤᠯᠠᠨ ᠬᠤᠷᠮᠣᠶ ᠳᠤ ᠪᠠᠶᠢᠷᠢᠰᠢᠵᠦ᠂ 1 ᠲᠦᠮᠡ ᠭᠠᠷᠤᠢ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ 1966 ᠣᠨ ᠳᠤ ᠡᠬᠢᠯᠡᠵᠦ ᠪᠠᠶᠢᠭᠤᠯᠤᠨ᠂ ᠪᠣᠩᠬᠤᠨ ᠤ ᠬᠦᠷᠢᠶᠡᠯᠡᠩ ᠳᠤ ᠨᠡᠶᠢᠲᠡ 44 ᠦᠷᠡᠭᠳᠡᠭᠰᠡᠨ ᠪᠠᠭᠠᠲᠤᠷᠴᠤᠳ ᠤᠨ ᠬᠡᠭᠦᠷ ᠢ ᠣᠷᠣᠰᠢᠭᠤᠯᠵᠤ ᠪᠤᠢ᠃       ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠥᠰᠢᠶ᠎ᠡ
     1989 ᠣᠨ ᠳᠤ᠂ ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠬᠦ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠬᠥᠰᠢᠶ᠎ᠡ ᠶᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤ ᠶᠢᠨ ᠬᠡᠦᠬᠡᠨ ᠠᠭᠤᠯᠠ ᠶᠢᠨ ᠣᠷᠣᠢ ᠳᠤ ᠪᠠᠶᠢᠷᠢᠰᠢᠭᠤᠯᠪᠠ᠃ ᠬᠥᠰᠢᠶ᠎ᠡ ᠨᠢ ᠳᠦᠷᠪᠡᠯᠵᠢᠨ ᠱᠣᠪᠣᠭᠤᠷ ᠬᠡᠯᠪᠡᠷᠢ ᠲᠠᠢ ᠪᠠᠶᠢᠵᠤ᠂ ᠦᠨᠳᠦᠷ ᠨᠢ 20 ᠮᠧᠲᠷ᠂ ᠵᠥᠪ ᠲᠠᠯ᠎ᠠ ᠶᠢᠨ ᠥᠷᠭᠡᠨ ᠨᠢ 1.2--1.5 ᠮᠧᠲᠷ᠂ ᠬᠠᠵᠠᠭᠤ ᠲᠠᠯ᠎ᠠ ᠶᠢᠨ ᠥᠷᠭᠡᠨ ᠎ ᠨᠢ 3.6--8 ᠮᠧᠲᠷ ᠪᠣᠯᠣᠨ᠎ᠠ᠃ ᠣᠳᠣ ᠪᠣᠭᠤᠳᠤ ᠬᠤᠲᠠ ᠶᠢᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠤᠨ᠎ᠠ᠃      ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠪᠠᠭᠠᠲᠤᠷᠴᠤᠳ ᠤᠨ ᠬᠦᠷᠢᠶᠡᠯᠡᠩ
     ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠪᠠᠭᠠᠲᠤᠷᠴᠤᠳ ᠤᠨ ᠬᠦᠷᠢᠶᠡᠯᠡᠩ ᠬᠦᠯᠦᠨ ᠪᠣᠶᠢᠷ ᠬᠤᠲᠠ ᠶᠢᠨ ᠠᠷᠤᠨ ᠬᠤᠰᠢᠭᠤᠨ ᠤ ᠨᠠᠵᠢ ᠪᠠᠯᠭᠠᠰᠤ ᠶᠢᠨ ᠵᠡᠭᠦᠨ ᠠᠭᠤᠯᠠᠨ ᠳᠤ ᠪᠠᠶᠢᠷᠢᠰᠢᠵᠤ᠂ ᠵᠡᠭᠦᠨ ᠬᠤᠶᠢᠲᠤ ᠶᠢᠨ ᠶᠠᠫᠤᠨ ᠢ ᠡᠰᠡᠷᠬᠦᠴᠡᠬᠦ ᠬᠤᠯᠪᠣᠭᠠᠲᠤ ᠴᠡᠷᠢᠭ ᠤᠨ 1939 ᠣᠨ ᠠᠴᠠ 1942 ᠣᠨ  ᠤ ᠪᠣᠯᠲᠠᠯᠠᠬᠢ ᠬᠥᠯᠥᠨ ᠪᠤᠶᠢᠷ ᠣᠷᠣᠨ ᠳᠠᠬᠢ ᠶᠠᠫᠤᠨ ᠢ ᠡᠰᠡᠷᠬᠦᠴᠡᠬᠦ ᠠᠵᠢᠯᠯᠠᠭ᠎ᠠ ᠶᠢ ᠲᠤᠷᠠᠰᠬᠠᠬᠤ ᠶᠢ ᠲᠦᠯᠦᠭᠡ ᠪᠠᠶᠢᠭᠤᠯᠤᠭᠰᠠᠨ ᠶᠤᠮ᠂ ᠦᠵᠡᠮᠵᠢᠲᠦ ᠣᠷᠣᠨ ᠤ ᠡᠵᠡᠯᠡᠭᠰᠡᠨ ᠲᠠᠯᠠᠪᠠᠶ ᠨᠢ 40 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ᠂ ᠬᠥᠯᠥᠨ ᠪᠤᠶᠢᠷ ᠲᠠᠬᠢ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠮᠦᠽᠧᠢ᠂ ᠲᠣᠮᠣ ᠱᠤᠭᠤᠮᠠᠯ᠂ ᠰᠡᠶᠢᠯᠦᠮᠡᠯ ᠬᠡᠷᠡᠮ ᠵᠡᠷᠭᠡ  ᠦᠵᠡᠮᠵᠢᠲᠦ ᠣᠷᠣᠨ ᠪᠠᠶᠢᠭᠤᠯᠵᠠᠢ᠃     ᠪᠠᠶᠠᠨ ᠬᠠᠨ ᠳᠠᠬᠢ ᠶᠠᠫᠣᠨ ᠤ ᠵᠡᠭᠦᠨ ᠬᠤᠶᠢᠲᠤ ᠶᠢᠨ ᠴᠡᠷᠢᠭ ᠤᠨ ᠬᠤᠣᠷᠲᠤ ᠬᠡᠢ ᠶᠢᠨ ᠲᠤᠷᠰᠢᠯᠲᠠ ᠶᠢᠨ ᠲᠠᠯᠠᠪᠠᠢ ᠶᠢᠨ ᠪᠠᠭᠤᠷᠢ
     ᠶᠠᠫᠣᠨ ᠤ ᠵᠡᠭᠦᠨ ᠬᠤᠶᠢᠲᠤ ᠶᠢᠨ ᠴᠡᠷᠢᠭ ᠤᠨ ᠬᠤᠣᠷᠲᠤ ᠬᠡᠢ ᠶᠢᠨ ᠲᠤᠷᠰᠢᠯᠲᠠ ᠶᠢᠨ ᠲᠠᠯᠠᠪᠠᠢ ᠶᠢᠨ ᠪᠠᠭᠤᠷᠢ ᠬᠥᠯᠥᠨ ᠪᠣᠶᠢᠷ ᠬᠤᠲᠠ ᠶᠢᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠣᠬᠤᠶ ᠪᠠᠯᠭᠠᠰᠤ ᠶᠢᠨ ᠪᠠᠶᠠᠨ ᠬᠠᠨ ᠳᠤ ᠪᠠᠶᠢᠷᠢᠰᠢᠵᠤ ᠪᠣᠢ᠃ ᠡᠨᠡ ᠨᠢ ᠶᠠᠫᠣᠨ ᠤ ᠵᠡᠭᠦᠨ ᠬᠤᠶᠢᠲᠤ ᠶᠢᠨ ᠴᠡᠷᠢᠭ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠳᠤ ᠪᠠᠶᠢᠭᠤᠯᠤᠭᠰᠠᠨ ᠬᠠᠮᠤᠭ ᠤᠨ ᠲᠣᠮᠣ ᠠᠮᠢᠳᠤ ᠪᠣᠳᠠᠰ ᠤᠨ ᠵᠡᠪᠰᠡᠭ ᠤᠨ ᠲᠤᠷᠰᠢᠯᠲᠠ ᠶᠢᠨ ᠲᠠᠯᠠᠪᠠᠢ ᠪᠠᠶᠢᠵᠤ᠂ ᠣᠳᠣ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠭᠰᠡᠨ ᠪᠦᠬᠦ ᠤᠯᠤᠰ ᠤᠨ ᠳᠣᠯᠣᠳᠤᠭᠠᠷ ᠪᠦᠯᠦᠭ  ᠭᠤᠣᠯᠳᠠᠯᠭ᠎ᠠ ᠲᠠᠢ ᠲᠡᠦᠭᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ ᠪᠣᠯᠬᠤ ᠪᠦᠭᠡᠳ ᠮᠥᠨ ᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠤᠨ᠎ᠠ᠃      ᠦᠶᠤᠸᠠᠨ ᠳᠠᠬᠢ ᠶᠠᠫᠣᠨ ᠢ ᠡᠰᠡᠷᠭᠦᠴᠡᠭᠰᠡᠨ ᠨᠥᠭᠴᠢᠭᠰᠡᠨ ᠪᠠᠭᠠᠲᠤᠷᠴᠤᠳ ᠤᠨ ᠪᠣᠩᠬᠤᠨ ᠤ ᠬᠦᠷᠢᠶᠡᠯᠡᠩ
     ᠦᠶᠤᠸᠠᠨ ᠳᠠᠬᠢ ᠶᠠᠫᠣᠨ ᠢ ᠡᠰᠡᠷᠭᠦᠴᠡᠭᠰᠡᠨ ᠨᠥᠭᠴᠢᠭᠰᠡᠨ ᠪᠠᠭᠠᠲᠤᠷᠴᠤᠳ ᠤᠨ ᠪᠣᠩᠬᠤᠨ ᠤ ᠬᠦᠷᠢᠶᠡᠯᠡᠩ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠬᠤᠲᠠ ᠶᠢᠨ ᠬᠤᠶᠢᠲᠤ ᠲᠠᠯ᠎ᠠ ᠳᠤ ᠪᠠᠶᠢᠵᠤ᠂ ᠠᠳᠡ ᠶᠠᠫᠣᠨ ᠢ ᠡᠰᠡᠷᠭᠦᠴᠡᠬᠦ ᠳᠠᠶᠢᠨ ᠳᠤ ᠪᠡᠶ᠎ᠡ ᠦᠷᠡᠭᠳᠡᠭᠰᠡᠨ 679 ᠨᠡᠷᠡᠰ ᠳᠠᠷᠤᠭ᠎ᠠ ᠪᠠᠶᠢᠯᠳᠤᠭᠴᠢᠳ ᠤᠨ ᠰᠢᠳᠤᠷᠭᠤ ᠴᠢᠨᠳᠠᠷ ᠢ ᠣᠷᠣᠰᠢᠭᠤᠯᠵᠤ ᠪᠣᠢ᠃ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠵᠢᠴᠢ ᠡᠯ᠎ᠡ ᠭᠠᠵᠠᠷ ᠤᠨ ᠵᠢᠭᠤᠯᠴᠢᠯᠠᠭᠴᠢᠳ ᠨᠦᠭᠴᠢᠭᠰᠡᠨ ᠪᠠᠭᠠᠲᠤᠷᠴᠤᠳ ᠲᠤ ᠪᠠᠷᠠᠯᠠᠭᠠᠬᠤ ᠴᠢᠬᠤᠯᠠ ᠭᠠᠵᠠᠷ  ᠪᠠᠶᠢᠵᠤ᠂ ᠥᠪᠥᠷ ᠮᠣᠩᠭᠤᠯ ᠤᠨ ᠣᠷᠣᠨ ᠤ ᠶᠠᠫᠣᠨ ᠢ ᠡᠰᠡᠷᠭᠦᠴᠡᠬᠦ ᠳᠠᠶᠢᠨ ᠢ ᠳᠤᠷᠠᠰᠬᠠᠬᠤ᠂ ᠡᠬᠡ ᠣᠷᠣᠨᠴᠢ ᠦᠵᠡᠯ ᠤᠨ ᠬᠦᠮᠦᠵᠢᠯ ᠬᠢᠬᠦ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢᠲᠦ ᠣᠷᠣᠨ ᠪᠣᠯᠣᠨ᠎ᠠ᠃     ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠣᠨ ᠴᠡᠷᠢᠭ ᠤᠨ ᠷᠠᠰᠢᠶᠠᠨ ᠳᠠᠬᠢ ᠴᠠᠶᠢᠵᠠ ᠶᠢᠨ  ᠪᠠᠭᠤᠷᠢ
    ᠳᠤᠮᠳᠠᠳᠤ ᠤᠯᠤᠰ ᠢ ᠲᠦᠷᠢᠮᠡᠬᠡᠶᠢᠯᠡᠭᠰᠡᠨ ᠶᠠᠫᠣᠨ ᠴᠡᠷᠢᠭ ᠤᠨ ᠷᠠᠰᠢᠶᠠᠨ ᠳᠠᠬᠢ ᠴᠠᠶᠢᠵᠠ  ᠷᠠᠰᠢᠶᠠᠨ ᠬᠤᠲᠠ ᠳᠤ ᠪᠠᠶᠢᠷᠢᠰᠢᠵᠤ᠂ 1935 — — 1945 ᠣᠨ ᠤ ᠬᠤᠭᠤᠷᠤᠨᠳᠤ ᠡᠬᠢᠯᠡᠵᠦ ᠪᠠᠶᠢᠭᠤᠯᠤᠨ᠂   ᠬᠤᠸᠠ ᠫᠣᠣᠲ᠋ᠠᠢ ᠳᠠᠬᠢ ᠵᠢᠭᠰᠠᠭᠠᠯ ᠤᠨ ᠭᠠᠵᠠᠷ᠂ ᠡᠦ ᠴᠠ ᠭᠸᠦ ᠳᠠᠬᠢ ᠨᠢᠰᠬᠡᠯ ᠤᠨ ᠪᠠᠭᠤᠳᠠᠯ᠂ ᠡᠮᠦᠨᠡᠲᠦ ᠬᠢᠩᠭᠠᠨ ᠤ ᠨᠦᠬᠡᠨ ᠵᠠᠮ᠂ ᠪᠠᠬᠢᠯᠡᠯᠲᠡ᠂ ᠷᠠᠰᠢᠶᠠᠨ ᠲᠡᠷᠭᠡᠨ ᠥᠷᠲᠡᠭᠡ ᠵᠡᠷᠭᠡ ᠢᠶᠠᠷ ᠪᠦᠷᠢᠯᠳᠦᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号