ᠥᠪᠥᠷ ᠮᠣᠩᠭᠤᠯ᠄ ᠭᠠᠴᠠᠭ᠎ᠠ ᠲᠤᠰᠬᠤᠨ ᠳᠤ ᠬᠦᠷᠴᠦ ᠲᠤᠰᠢᠶᠠᠯ ᠡᠭᠦᠷᠭᠡᠯᠡᠨ ᠦᠨᠳᠦᠰᠦᠨ ᠱᠠᠲᠤᠨ ᠳᠤ ᠠᠵᠢᠯ ᠤᠯᠤᠭᠠᠳ ᠬᠤᠭᠤᠴᠠᠭ᠎ᠠ ᠨᠢ ᠳᠦᠭᠦᠷᠴᠦ ᠬᠢᠷᠢ ᠲᠡᠩᠴᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠤᠯᠴᠠᠵᠤ ᠪᠠᠶᠢᠭᠰᠠᠨ ᠬᠤᠭᠤᠴᠠᠭᠠᠨ ᠤ ᠰᠤᠷᠤᠯᠭ᠎ᠠ ᠶᠢ ᠲᠡᠳᠬᠦᠬᠦ ᠵᠢᠭᠡᠯᠡᠯᠭᠡ ᠬᠢᠭᠡᠳ ᠬᠦᠦ ᠮᠥᠩᠭᠦ ᠶᠢ ᠡᠳ᠋ ᠤᠨ ᠵᠠᠰᠠᠭ ᠠᠴᠠ ᠪᠦᠬᠦ ᠲᠤᠭ᠎ᠠ ᠪᠠᠷ ᠨᠦᠬᠦᠪᠦᠷᠢᠯᠡᠨ᠎ᠡ
ᠨᠡᠶᠢᠲᠡᠯᠡᠭᠰᠡᠨ ᠴᠠᠭ᠄
2015/8/27
      2015 ᠤᠨ ᠤ 7 ᠳ᠋ᠤᠭᠠᠷ ᠰᠠᠷ᠎ᠠ ᠶᠢᠨ 15᠎ ᠤ ᠡᠳᠦᠷ᠂ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ︽ᠤᠯᠤᠰ ᠤᠨ ᠰᠤᠷᠤᠯᠭ᠎ᠠ ᠶᠢ ᠲᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠶ ᠰᠠᠨᠠᠯ ᠤᠳ︾ ︵ᠰᠤᠷᠭᠠᠨ ᠡᠳ᠋  ﹇2015﹈ 7 ᠳ᠋ᠤᠭᠠᠷ ᠲᠤᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠳᠠᠷᠤᠮᠠᠯᠯᠠᠨ ᠲᠠᠷᠬᠠᠭᠠᠪᠠ᠃ ︽ᠰᠠᠨᠠᠯ︾᠎ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠣᠷᠣᠨ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ ᠶᠢᠨ ᠰᠢᠰᠲ᠋ᠧᠮ ᠢ ᠴᠠᠭ ᠲᠤᠬᠠᠶ ᠳᠤᠨᠢ ᠲᠤᠬᠢᠷᠠᠭᠤᠯᠤᠨ ᠰᠢᠨᠡᠳᠭᠡᠪᠡ᠂ ᠲᠤᠬᠢᠷᠠᠭᠤᠯᠤᠭᠰᠠᠨ ᠰᠤᠷᠤᠯᠭ᠎ᠠ ᠶᠢ ᠲᠡᠳᠬᠦᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠄ ᠨᠢᠭᠡ ᠳᠤ ᠰᠤᠷᠤᠭᠴᠢᠳ ᠰᠤᠷᠤᠯᠴᠠᠵᠤ ᠪᠠᠶᠢᠭ᠎ᠠ ᠬᠤᠭᠤᠴᠠᠭᠠᠨ ᠳᠤ ᠵᠢᠭᠡᠯᠡᠯᠭᠡ ᠶᠢᠨ ᠬᠦᠦ ᠮᠥᠩᠭᠦ ᠶᠢ ᠡᠳ᠋ ᠤᠨ ᠵᠠᠰᠠᠭ ᠠᠴᠠ ᠨᠦᠬᠦᠪᠦᠷᠢᠯᠡᠵᠤ᠂ ᠵᠣᠭᠤᠰ ᠵᠢᠭᠡᠯᠡᠭᠰᠡᠨ ᠰᠤᠷᠤᠭᠴᠢᠳ ᠲᠡᠭᠦᠰᠦᠭᠰᠡᠨ ᠤ ᠳᠠᠷᠠᠭ᠎ᠠ ᠵᠣᠭᠤᠰ ᠪᠤᠴᠠᠭᠠᠬᠤ ᠬᠤᠭᠤᠴᠠᠭᠠᠨ ᠳᠤ ᠦᠷᠭᠦᠯᠵᠢᠯᠡᠨ ᠡᠷᠳᠡᠮ ᠤᠨ ᠴᠣᠯᠠ ᠬᠠᠮᠠᠭᠠᠯᠠᠬᠤ ᠪᠠᠷ ᠰᠤᠷᠤᠯᠴᠠᠬᠤ ᠪᠠ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠪᠡᠳᠴᠢᠯᠡᠭᠰᠡᠨ ᠵᠡᠷᠭᠡ ᠰᠢᠯᠲᠠᠭᠠᠨ ᠠᠴᠠ ᠪᠣᠯᠵᠤ ᠰᠤᠷᠤᠯᠭ᠎ᠠ ᠠᠴᠠ ᠲᠦᠷ ᠵᠤᠭᠰᠤᠪᠠᠯ᠂ ᠡᠳ᠋ ᠤᠨ ᠵᠠᠰᠠᠭ ᠤᠨ ᠳᠠᠮ ᠬᠦᠦ ᠶᠢ ᠦᠷᠭᠦᠯᠵᠢᠯᠡᠨ ᠭᠤᠶᠤᠴᠢᠯᠠᠵᠤ ᠪᠣᠯᠤᠨ᠎ᠠ᠃ ᠬᠤᠶᠠᠷ ᠲᠤ ᠵᠢᠭᠡᠯᠡᠯᠭᠡ ᠶᠢᠨ ᠬᠠᠮᠤᠭ ᠤᠨ ᠤᠷᠲᠤ ᠬᠤᠭᠤᠴᠠᠭ᠎ᠠ ᠶᠢ ᠨᠢᠭᠡᠳᠦᠯᠲᠡᠶ ᠲᠤᠬᠢᠷᠠᠭᠤᠯᠤᠨ ᠰᠤᠷᠤᠯᠭ᠎ᠠ ᠶᠢᠨ ᠬᠤᠭᠤᠴᠠᠭ᠎ᠠ ᠳᠡᠭᠡᠷ᠎ᠡ 13 ᠵᠢᠯ ᠨᠡᠮᠡᠵᠦ᠂ ᠬᠠᠮᠤᠭ ᠤᠨ ᠤᠷᠲᠤ ᠳᠠᠭᠠᠨ 20 ᠵᠢᠯ ᠢ ᠬᠡᠲᠦᠷᠡᠭᠦᠯᠬᠦ ᠦᠭᠡᠢ᠂ ᠡᠬᠡ ᠮᠦᠡᠭᠭᠦ ᠪᠤᠴᠠᠭᠠᠬᠤ ᠬᠤᠭᠤᠴᠠᠭ᠎ᠠ ᠶᠢ 2 ᠵᠢᠯ ᠪᠠᠶᠢᠭᠰᠠᠨ ᠠᠴᠠ ᠨᠢ ᠤᠷᠲᠤᠳᠬᠠᠭᠠᠳ 3 ᠵᠢᠯ ᠪᠤᠯᠭᠠᠪᠠ᠃ ᠭᠤᠷᠪᠠ ᠳᠤ ᠤᠯᠤᠰ ᠤᠨ ᠰᠤᠷᠤᠯᠭ᠎ᠠ ᠶᠢ ᠲᠡᠳᠬᠦᠬᠦ ᠵᠢᠭᠡᠯᠡᠯᠭᠡ ᠶᠢᠨ ᠮᠥᠩᠭᠦ ᠪᠤᠴᠠᠭᠠᠬᠤ ᠳᠠᠬᠢ ᠲᠡᠩᠬᠡᠷᠡᠭᠦᠯᠦᠨ ᠲᠤᠰᠠᠯᠠᠬᠤ ᠲᠣᠭᠲᠠᠴᠠ ᠪᠠᠶᠢᠭᠤᠯᠵᠤ᠂ ᠲᠡᠩᠭᠡᠷᠡᠭᠦᠯᠦᠨ ᠲᠤᠰᠠᠯᠠᠭᠳᠠᠭᠴᠢ ᠨᠢ ᠡᠪᠡᠳᠴᠢᠨ ᠢᠶᠠᠷ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠭᠡᠷ ᠪᠦᠯᠢ ᠨᠢ ᠬᠦᠨᠳᠦ ᠶᠡᠭᠡ ᠪᠠᠶᠢᠭᠠᠯᠢ ᠶᠢᠨ ᠭᠠᠮᠰᠢᠭ ᠲᠤ ᠤᠴᠠᠷᠠᠭᠰᠠᠨ᠂ ᠭᠡᠷ ᠪᠦᠯᠢ ᠶᠢᠨ ᠪᠦᠷᠢᠯᠳᠦᠬᠦᠨ ᠨᠢ ᠬᠦᠨᠳᠦ ᠶᠡᠭᠡ ᠡᠪᠡᠳᠴᠢᠨ ᠲᠠᠢ ᠵᠢᠴᠢ ᠠᠵᠤ ᠠᠬᠤᠶ ᠶᠢᠨ ᠣᠷᠣᠯᠭ᠎ᠠ ᠨᠢ ᠲᠤᠶᠢᠯ ᠤᠨ ᠳᠣᠣᠷ᠎ᠠ ᠪᠠᠶᠢᠭ᠎ᠠ ᠵᠣᠭᠤᠰ ᠵᠢᠭᠡᠯᠡᠭᠰᠡᠨ ᠲᠡᠭᠦᠰᠦᠭᠰᠡᠳ ᠪᠤᠯᠤᠨ᠎ᠠ᠃ ᠳᠥᠷᠪᠡ ᠳᠤ ᠰᠤᠷᠤᠯᠭ᠎ᠠ ᠶᠢ ᠲᠡᠳᠬᠦᠬᠦ ᠵᠢᠭᠡᠯᠡᠯᠭᠡ ᠶᠢᠨ ᠮᠥᠩᠭᠦ ᠶᠢ ᠣᠷᠣᠯᠠᠨ ᠪᠤᠴᠠᠭᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠴᠠᠭ᠎ᠠ ᠲᠤᠰᠬᠤᠨ ᠳᠤ ᠤᠴᠢᠵᠤ ᠲᠤᠰᠢᠶᠠᠯ ᠡᠭᠦᠷᠭᠡᠯᠡᠵᠤ᠂ ᠦᠨᠳᠦᠰᠦᠨ ᠱᠠᠲᠤᠨ ᠳᠤ ᠠᠵᠢᠯ ᠤᠯᠬᠤ ᠶᠢ ᠵᠤᠷᠢᠭᠵᠢᠭᠤᠯᠤᠨ᠂ ᠬᠤᠭᠤᠴᠠᠭ᠎ᠠ ᠨᠢ ᠳᠦᠭᠦᠷᠦᠭᠡᠳ ᠬᠢᠷᠢ ᠲᠡᠩᠴᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠤᠷᠤᠯᠴᠠᠵᠤ ᠪᠠᠶᠢᠭᠰᠠᠨ ᠬᠤᠭᠤᠴᠠᠭᠠᠨ ᠳᠠᠬᠢ ᠰᠤᠷᠤᠯᠭ᠎ᠠ ᠶᠢ ᠲᠡᠳᠬᠦᠬᠦ ᠵᠢᠭᠡᠯᠡᠯᠭᠡ ᠶᠢᠨ ᠮᠥᠩᠭᠦ ᠵᠢᠴᠢ ᠬᠦᠦ ᠮᠥᠩᠭᠦ ᠶᠢ ᠡᠳ᠋ ᠤᠨ ᠵᠠᠰᠠᠭ ᠠᠴᠠ ᠪᠦᠬᠦ ᠲᠤᠭ᠎ᠠ ᠪᠠᠷ ᠨᠦᠬᠦᠪᠦᠷᠢᠯᠡᠵᠤ ᠦᠭᠭᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号