ᠥᠪᠥᠷ ᠮᠣᠩᠭᠤᠯ ᠶᠠᠫᠤᠨ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 70 ᠵᠢᠯ ᠤᠨ ᠣᠢ ᠶᠢ ᠳᠤᠷᠠᠰᠬᠠᠬᠤ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠲᠠᠩᠭᠠᠷᠢᠬ ᠬᠢᠬᠦ ᠶᠡᠭᠡ ᠬᠤᠷᠠᠯ ᠬᠢᠵᠦ  ᠳ᠋ᠦᠩᠰᠢᠭᠤᠷ ᠲᠥᠭᠦᠷᠢᠭ ᠤᠨ ᠵᠡᠪᠰᠡᠭ ᠲᠣᠨᠣᠭᠯᠠᠯ ᠲᠣᠬᠢᠷᠠᠭᠤᠯᠤᠨ ᠥᠭᠪᠡ
ᠨᠡᠶᠢᠲᠡᠯᠡᠭᠰᠡᠨ ᠴᠠᠭ᠄
2015/8/27
     ᠣᠭᠲᠠᠷᠭᠤᠢ ᠳᠤ ᠬᠤᠶᠠᠷ ᠴᠠᠭᠳᠠᠭ᠎ᠠ ᠶᠢᠨ ᠡᠭᠴᠡ ᠨᠢᠰᠬᠡᠯ ᠡᠷᠭᠢᠯᠳᠦᠵᠦ᠂ ᠭᠠᠵᠠᠷ ᠲᠤ 400 ᠭᠠᠷᠤᠢ ᠲᠡᠷᠭᠡ ᠵᠢᠭᠰᠠᠭᠠᠯᠲᠤ ᠡᠩᠨᠡᠭᠡ ᠪᠣᠯᠣᠨ ᠵᠢᠭᠰᠠᠵᠤ ᠪᠠᠶᠢᠯ᠎ᠠ᠃ 26᠎ ᠤ ᠡᠳᠦᠷ ᠤᠨ ᠦᠳᠡ ᠶᠢᠨ ᠡᠮᠦᠨ᠎ᠡ ᠶᠢᠨ 9 ᠴᠠᠭ ᠲᠤ᠂ ᠥᠪᠥᠷ ᠮᠣᠩᠭᠤᠯ ᠤᠨ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠤᠯᠠᠭᠠᠨᠴᠠᠪ ᠬᠤᠲᠠ ᠳᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠵᠢᠴᠢ ᠹᠠᠱᠢᠰ ᠢ ᠡᠰᠡᠷᠭᠦᠴᠡᠬᠦ ᠲᠠᠶᠢᠨ ᠢᠯᠠᠯᠳᠠ ᠤᠯᠤᠬᠰᠠᠨ 70 ᠵᠢᠯ ᠤᠨ ᠤᠢ ᠶᠢ ᠲᠤᠷᠠᠰᠬᠠᠬᠤ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠲᠠᠩᠭᠠᠷᠢᠬ ᠬᠢᠬᠦ ᠶᠡᠭᠡ ᠶᠡᠭᠡ ᠬᠤᠷᠠᠯ ᠬᠢᠵᠦ᠂ 2500 ᠨᠡᠷ᠎ᠡ ᠳᠣᠳᠣᠭᠠᠲᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠠᠯᠪᠠ ᠬᠠᠭᠠᠵᠤ ᠪᠠᠶᠢᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ ᠬᠤᠷᠠᠯ ᠳᠤ ᠣᠷᠣᠯᠴᠠᠪᠠ᠃
     ᠠᠮᠤᠷ ᠢ ᠬᠠᠮᠠᠭᠠᠯᠠᠬᠤ ᠲᠠᠩᠭᠠᠷᠢᠭ ᠬᠢᠬᠦ ᠶᠡᠭᠡ ᠬᠤᠷᠠᠯ ᠤᠨ ᠲᠤᠬᠠᠢ ᠶᠢᠨ ᠲᠠᠯᠠᠪᠠᠢ      ᠲᠠᠩᠭᠠᠷᠢᠭ ᠬᠢᠬᠦ ᠶᠡᠭᠡ ᠬᠤᠷᠠᠯ ᠳᠡᠭᠡᠷ᠎ᠡ᠂ ᠠᠮᠤᠷ ᠢ ᠬᠠᠮᠠᠭᠠᠯᠠᠬᠤ ᠡᠬᠦᠷᠭᠡ ᠭᠦᠢᠴᠡᠳᠬᠡᠬᠦ ᠲᠤᠲᠤᠭᠠᠲᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠲᠦᠯᠤᠭᠡᠯᠡᠭᠴᠢ ᠲᠦᠪ ᠴᠢᠩᠭ᠎ᠠ ᠲᠠᠩᠭᠠᠷᠢᠭᠯᠠᠪᠠ᠃ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠲᠤᠭᠠᠲᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠮᠠ ᠮᠢᠩ ᠡᠯ᠎ᠡ ᠠᠶᠢᠮᠠᠭ ᠬᠤᠲᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ ᠲᠦᠯᠤᠭᠡᠯᠡᠭᠴᠢ ᠳᠤ ᠲᠡᠷᠭᠡᠨ ᠲᠦᠯᠬᠢᠭᠦᠷ ᠭᠠᠷᠳᠠᠭᠤᠯᠤᠭᠰᠠᠨ ᠤ ᠬᠠᠮᠳᠤ ᠶᠠᠷᠢᠶ᠎ᠠ ᠲᠠᠯᠪᠢᠪᠠ᠃ ᠮᠠ ᠮᠢᠩ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠢᠯᠠᠯᠲᠠ ᠤᠯᠤᠭᠰᠠᠨ 70 ᠵᠢᠯ ᠤᠨ ᠤᠢ ᠶᠢ ᠲᠤᠷᠠᠰᠬᠠᠬᠤ ᠠᠵᠢᠯᠯᠠᠭ᠎ᠠ ᠤᠳᠠᠯ ᠦᠭᠡᠢ ᠶᠠᠪᠤᠭᠳᠠᠬᠤ ᠭᠡᠵᠤ ᠪᠠᠶᠢᠨ᠎ᠠ᠂ ᠪᠦᠬᠦ ᠤᠷᠤᠨ ᠤ ᠲᠤᠲᠤᠭᠠᠲᠤ ᠶᠢ ᠬᠠᠮᠠᠭᠠᠯᠠᠬᠤ ᠴᠠᠭᠳᠠᠭ᠎ᠠ ᠨᠠᠷ ᠵᠣᠷᠢᠭ ᠪᠠᠶᠢᠪᠠᠯ ᠵᠠᠪᠠᠯ ᠪᠦᠲᠦᠭᠡᠬᠦ᠂ ᠶᠠᠭᠠᠬᠢᠭᠰᠠᠨ ᠴᠦ ᠢᠯᠡᠯᠲᠠ ᠤᠯᠬᠤ ᠡᠷᠡᠰ ᠵᠤᠷᠢᠭ ᠢᠶᠠᠷ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠦᠷᠭᠦᠯᠵᠢᠯᠡᠭᠦᠯᠬᠦ ᠠᠵᠢᠯ ᠤᠨ ᠦᠷ᠎ᠡ ᠪᠦᠲᠦᠮᠵᠢ ᠪᠠᠷ ᠳᠤᠷᠠᠰᠬᠠᠬᠤ ᠠᠵᠢᠯ ᠳᠤ ᠪᠡᠯᠡᠭ ᠪᠣᠯᠭᠠᠬᠤ ᠬᠡᠷᠡᠭᠲᠠᠢ ᠬᠡᠵᠤ ᠱᠠᠭᠠᠷᠳᠠᠪᠠ᠃
    ᠥᠪᠥᠷ ᠮᠣᠩᠭᠤᠯ ᠪᠦᠬᠦ ᠣᠷᠣᠨ ᠤ ᠳᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠳ᠋ᠦᠩᠰᠢᠭᠤᠷ ᠲᠥᠭᠦᠷᠢᠭ ᠤᠨ ᠣᠨᠴᠠ ᠲᠥᠷᠥᠯ ᠤᠨ ᠲᠡᠷᠭᠡ ᠪᠠ ᠴᠠᠭᠳᠠᠭ᠎ᠠ ᠶᠢᠨ ᠲᠣᠨᠤᠭ ᠲᠦᠬᠦᠭᠡᠷᠦᠮᠵᠢ ᠲᠣᠬᠢᠷᠠᠭᠤᠯᠤᠨ ᠥᠭᠪᠡ      ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠵᠢᠴᠢ ᠹᠠᠱᠢᠰ ᠢ ᠡᠰᠡᠷᠭᠦᠴᠡᠬᠦ ᠲᠠᠶᠢᠨ ᠢᠯᠠᠯᠳᠠ ᠤᠯᠤᠬᠰᠠᠨ 70 ᠵᠢᠯ ᠤᠨ ᠣᠢ ᠶᠢ ᠲᠤᠷᠠᠰᠬᠠᠬᠤ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠤᠭᠡ᠂ ᠥᠪᠥᠷ ᠮᠣᠩᠭᠤᠯ ᠪᠦᠬᠦ ᠤᠷᠤᠨ ᠤ 12 ᠠᠶᠢᠮᠠᠭ ᠬᠤᠲᠠ ᠬᠢᠭᠡᠳ ᠬᠢᠯᠢ ᠶᠢᠨ ᠬᠤᠰᠢᠭᠤ ᠰᠢᠶᠠᠨ ᠤ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ ᠳ᠋ᠦᠢᠩᠰᠢᠭᠤᠷ ᠲᠦᠭᠦᠷᠢᠭ ᠤᠨ ᠤᠨᠴᠠ ᠲᠦᠷᠤᠯ ᠤᠨ ᠲᠡᠷᠬᠡ ᠬᠥᠰᠢᠭᠡ ᠪᠤᠯᠤᠨ ᠴᠠᠭᠳᠠᠭ᠎ᠠ ᠶᠢᠨ ᠲᠣᠨᠤᠭ ᠲᠦᠬᠦᠭᠡᠷᠦᠮᠵᠢ ᠲᠤᠬᠢᠷᠠᠭᠤᠯᠤᠨ ᠥᠭᠴᠦ᠂ ᠲᠣᠲᠣᠭᠠᠲᠣ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠪᠠᠴᠢᠮ ᠪᠠᠶᠢᠳᠠᠯ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ ᠪᠡᠭᠡᠵᠢᠩ ᠤᠨ ᠡᠷᠭᠢᠨ ᠲᠣᠭᠤᠷᠢᠨ ᠳᠠᠬᠢ ᠥᠪᠥᠷ ᠮᠣᠩᠭᠤᠯ ᠤᠨ ᠡᠯ᠎ᠡ ᠠᠮᠤᠷ ᠢ ᠬᠠᠮᠠᠭᠠᠯᠠᠬᠤ ᠪᠠᠶᠢᠴᠠᠭᠠᠬᠤ ᠥᠷᠲᠡᠭᠡ ᠨᠦᠭᠦᠳ ᠲᠣᠲᠣᠭᠠᠳᠤ ᠶᠢ ᠬᠠᠮᠠᠭᠠᠯᠠᠬᠤ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠴᠠᠭ ᠲᠠᠭᠠᠨ ᠵᠢᠩᠬᠢᠨᠢ ᠪᠠᠶᠢᠯᠳᠤᠭᠠᠨ ᠤ ᠪᠠᠶᠢᠳᠠᠯ ᠳᠤ ᠣᠷᠣᠵᠤ᠂ 8 ᠳ᠋ᠤᠭᠠᠷ ᠰᠠᠷ᠎ᠠ ᠶᠢᠨ ᠰᠡᠭᠦᠯᠴᠢ ᠠᠴᠠ 9 ᠳ᠋ᠦ᠋ᠭᠡᠷ ᠰᠠᠷ᠎ᠠ ᠶᠢᠨ 6᠎ ᠤ ᠡᠳᠦᠷ ᠪᠣᠯᠲᠠᠯ᠎ᠠ ᠪᠠᠶᠢᠴᠠᠭᠠᠨ ᠡᠵᠡᠮᠳᠡᠬᠦ ᠦᠢᠯᠡᠴᠢᠯᠡᠭᠡᠨ ᠤ ᠠᠵᠢᠯ ᠢ ᠪᠦᠬᠦᠨ ᠢᠶᠠᠷ ᠢᠶᠠᠨ ᠡᠬᠢᠯᠡᠭᠦᠯᠵᠦ᠂ ᠨᠠᠰᠢ ᠴᠠᠰᠢ ᠶᠠᠪᠤᠬᠤ ᠬᠥᠮᠥᠰ ᠪᠣᠯᠣᠨ ᠲᠡᠷᠭᠡ ᠳᠤ ᠠᠶᠤᠯ ᠦᠭᠡᠢ ᠶᠢᠨ ᠪᠠᠶᠢᠴᠠᠭᠠᠯᠲᠠ ᠬᠢᠬᠦ ᠪᠤᠯᠤᠨ᠎ᠠ᠃      ᠥᠪᠥᠷ ᠮᠣᠩᠭᠤᠯ ᠤᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠢ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠬᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭᠠᠷᠠᠭᠤᠯᠤᠨ᠂ ᠲᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠨᠠᠷ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠯᠤᠭ᠎ᠠ ᠬᠠᠮᠲᠤᠷᠠᠭᠰᠠᠨ ᠵᠡᠪᠰᠡᠭᠲᠦ ᠴᠠᠭᠳᠠᠨ ᠲᠣᠭᠤᠷᠢᠬᠤ ᠠᠵᠢᠯ ᠥᠷᠨᠢᠭᠦᠯᠵᠦ᠂ ᠬᠠᠮᠲᠤᠷᠠᠨ ᠡᠭᠦᠷᠭᠡ ᠭᠦᠢᠴᠡᠳᠬᠡᠬᠦ ᠬᠠᠮᠲᠤᠷᠠᠨ ᠰᠡᠷᠭᠡᠶᠢᠯᠡᠬᠦ ᠶᠢ ᠬᠡᠷᠡᠭᠵᠢᠭᠦᠯᠬᠦ ᠪᠣᠯᠣᠨ᠎ᠠ᠃ ᠡᠭᠦᠨ ᠤ ᠵᠡᠷᠭᠡᠴᠡᠪᠡᠷ ᠡᠯ᠎ᠡ ᠭᠠᠵᠠᠷ ᠤᠨ ᠲᠣᠲᠣᠭᠠᠲᠤ ᠶᠢ ᠬᠠᠮᠠᠭᠠᠯᠠᠬᠤ ᠣᠨᠴᠠ ᠴᠠᠭᠳᠠᠭ᠎ᠠ᠂ ᠴᠠᠭᠳᠠᠨ ᠲᠣᠭᠤᠷᠢᠵᠤ ᠬᠦᠴᠦᠷᠬᠡᠭᠯᠡᠯ ᠢ ᠰᠡᠷᠭᠡᠶᠢᠯᠡᠬᠦ᠂ ᠰᠦᠷᠳᠡᠭᠦᠯᠦᠯ ᠢ ᠡᠰᠡᠷᠭᠦᠴᠡᠬᠦ ᠭᠠᠪᠰᠢᠭᠠᠢ ᠠᠩᠭᠢ ᠵᠢᠴᠢ ᠪᠤᠰᠤᠳ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠬᠦᠴᠦᠨ ᠨᠦᠭᠦᠳ 24 ᠴᠠᠭ ᠢᠶᠠᠷ ᠵᠢᠩᠬᠢᠨᠢ ᠪᠠᠶᠢᠯᠳᠤᠭᠠᠨ ᠳᠤ ᠡᠭᠦᠷᠭᠡ ᠭᠦᠢᠴᠡᠳᠬᠡᠬᠦ ᠪᠠᠷ ᠪᠡᠯᠡᠳᠬᠡᠵᠦ᠂ ᠤᠮᠠᠷᠠᠲᠤ ᠬᠢᠯᠢ ᠬᠢᠵᠠᠭᠠᠷ ᠭᠠᠵᠠᠷ ᠣᠷᠣᠨ ᠤ ᠠᠮᠤᠷ  ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠪᠣᠯᠣᠨ᠎ᠠ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号