ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠮᠥᠩᠭᠦᠨ | ᠭᠦᠢᠯᠭᠡᠭᠡᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ | ᠲᠦᠷᠭᠡᠳᠭᠡᠨ ᠠᠬᠢᠭᠤᠯᠵᠤ᠂ ᠥᠷᠭᠡᠨ ᠤᠯᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 27 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠬᠢ ᠶᠢᠨ | ᠬᠥᠬᠡᠬᠤᠲᠠ ᠭᠤᠤᠯ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ ᠵᠡᠷᠭᠡ 6 | ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ | ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠳᠡᠮᠵᠢᠬᠦ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ | ᠢ ᠲᠤᠭᠲᠠᠭᠠᠨ ᠪᠠᠭᠤᠯᠭᠠᠪᠠ᠃ ︽ᠰᠠᠨᠠᠯ︾ ᠳᠤ ᠳᠤᠷᠠᠳᠤᠭᠰᠠᠨ ᠨᠢ᠂ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠣᠯᠠᠨ ᠡᠰᠢᠲᠦ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠨᠭ᠍ᠭᠠᠨ᠂ ᠪᠡᠯᠡ ᠲᠣᠬᠢᠷᠠᠭᠤᠯᠬᠤ ᠠᠷᠭ᠎ᠠ ᠵᠠᠮ ᠢ ᠴᠢᠷᠮᠠᠶᠢᠨ ᠦᠷᠭᠡᠵᠢᠭᠦᠯᠵᠤ᠂ | ᠮᠠᠯᠵᠢᠬᠤ ᠲᠠᠷᠢᠶᠠᠯᠠᠬᠤ ᠣᠷᠣᠨ ᠤ ᠮᠥᠩᠭᠦᠨ ᠭᠦᠢᠯᠭᠡᠭᠡᠨ ᠤ ᠰᠠᠭᠤᠷᠢ ᠦᠢᠯᠡᠴᠢᠯᠡᠭᠡ ᠪᠠᠷ ᠪᠦᠬᠦᠨ ᠢ ᠬᠠᠮᠤᠷᠬᠤ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠶᠢ ᠮᠥᠩᠭᠦᠨ ᠭᠦᠢᠯᠭᠡᠭᠡᠨ ᠢᠶᠠᠷ | ᠳᠡᠮᠵᠢᠬᠦ ᠤᠷᠲᠤ ᠬᠤᠭᠤᠴᠠᠭᠠᠨ ᠤ ᠬᠦᠴᠦᠨ ᠪᠦᠬᠦᠢ ᠠᠵᠢᠯ ᠤᠨ ᠲᠣᠭᠲᠠᠴᠠ ᠶᠢ ᠪᠠᠶᠢᠭᠤᠯᠬᠤ ᠶᠢᠨ ᠬᠠᠮᠲᠤ᠂ ︽ | ᠠᠷᠪᠠ ᠪᠠᠷ ᠪᠦᠬᠦᠨ ᠢ ᠬᠠᠮᠤᠷᠬᠤ︾ ᠶᠢ ᠮᠥᠩᠭᠦᠨ ᠭᠦᠢᠯᠭᠡᠭᠡᠨ ᠢᠶᠠᠷ ᠳᠡᠮᠵᠢᠬᠦ ᠣᠯᠠᠨ ᠵᠦᠢᠯ ᠤᠨ ᠠᠷᠭ᠎ᠠ ᠬᠡᠮᠵᠢᠶ᠎ᠡ | ᠠᠪᠴᠤ᠂ ᠬᠤᠢᠰᠢᠳᠠ ᠶᠢᠨ ᠬᠡᠰᠡᠭ ᠬᠤᠭᠤᠴᠠᠭᠠᠨ ᠤ ᠮᠠᠨ ᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠢ ᠮᠥᠩᠭᠦᠨ ᠭᠦᠢᠯᠭᠡᠭᠡᠨ ᠢᠶᠠᠷ ᠳᠡᠮᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠬᠤ | ᠳᠤ᠂ ᠲᠥᠷᠥ ᠶᠢᠨ ᠪᠣᠳᠣᠯᠭ᠎ᠠ ᠶᠢᠨ ᠬᠦᠴᠦᠲᠠᠢ ᠳᠡᠮᠵᠢᠯᠭᠡ ᠬᠠᠨᠭ᠍ᠭᠠᠬᠤ ᠬᠡᠷᠡᠭᠲᠠᠢ ᠬᠡᠵᠠᠢ᠃ |