ᠥᠪᠥᠷ ᠮᠣᠩᠭᠤᠯ ︽ᠪᠣᠭᠤᠮᠲᠠ ᠶᠢᠨ ᠠᠵᠤ ᠠᠬᠤᠢ︾᠎ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ︽ᠤᠮᠠᠷᠠᠰᠢ ᠨᠡᠭᠡᠭᠡᠯᠲᠡ ᠬᠢᠬᠦ︾ ᠣᠯᠠᠨ ᠤᠯᠤᠰ ᠤᠨ ᠳᠠᠪᠴᠠᠩ ᠢ ᠴᠣᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2015/8/3
     ᠬᠥᠯᠥᠨ ᠪᠦᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠱᠦ ᠰᠧᠨ᠂ ᠮᠧᠩ ᠼᠣᠣ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠣᠣ ᠮᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ᠂ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠭᠦᠸᠧ ᠭᠠᠩ᠂ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠮᠠ ᠳ᠋ᠧ ᠴᠢᠤᠸᠠᠨ᠂ ᠬᠥᠯᠥᠨ ᠪᠣᠶᠢᠷ ᠬᠤᠲᠠ ᠶᠢᠨ ᠳᠡᠳ᠋ ᠳᠠᠷᠤᠭ᠎ᠠ ᠨᠢᠦ ᠵᠧᠨ ᠱᠧᠩ ᠬᠠᠮᠲᠤ ᠪᠠᠷ ᠭᠡᠷ᠎ᠡ ᠲᠣᠭᠲᠠᠵᠤ ᠪᠠᠶᠢᠭ᠎ᠠ ᠨᠢ᠃      7 ᠳ᠋ᠤᠭᠠᠷ ᠰᠠᠷ᠎ᠠ ᠶᠢᠨ 31᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠯᠪᠠᠨ ᠭᠡᠷ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ᠂ ᠰᠢᠩ ᠶᠧ ᠪᠠᠩᠬᠢ᠂ ᠮᠧᠩ ᠼᠣᠣ ᠺᠣᠮᠫᠠᠨᠢ ᠬᠥᠬᠡᠬᠤᠲᠠ ᠳᠤ ︽ᠪᠣᠭᠤᠮᠲᠠ ᠶᠢᠨ ᠪᠦᠲᠦᠭᠡᠨ ᠪᠠᠶᠢᠭᠤᠯᠤᠯᠲᠠ︾᠎ ᠶᠢᠨ ᠳᠦᠷᠪᠡᠨ ᠲᠠᠯ᠎ᠠ ᠶᠢᠨ ᠬᠤᠷᠰᠢᠯᠴᠠᠭ᠎ᠠ ᠶᠢᠨ ᠵᠥᠪᠯᠡᠯᠴᠡᠭᠡᠷ ᠢ ᠵᠢᠩᠬᠢᠨᠢ ᠪᠠᠷ ᠲᠣᠭᠲᠠᠪᠠ᠂ ᠡᠨᠡ ᠨᠢ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ︽PPP ᠪᠣᠭᠤᠮᠲᠠ ᠶᠢᠨ ᠪᠦᠲᠦᠭᠡᠨ ᠪᠠᠶᠢᠭᠤᠯᠤᠯᠲᠠ︾᠎ ᠶᠢᠨ ᠴᠢᠬᠤᠯᠠ ᠶᠡᠭᠡ ᠲᠥᠷᠥᠯ ᠵᠦᠢᠯ ᠪᠣᠯᠣᠨ᠎ᠠ᠃      ᠥᠪᠥᠷ ᠮᠣᠩᠭᠤᠯ ᠤᠨ ᠪᠣᠭᠤᠮᠲᠠ ᠶᠢᠨ ᠠᠯᠪᠠᠨ ᠭᠡᠷ ᠤᠨ ᠡᠷᠬᠢᠯᠡᠭᠴᠢ ᠭᠦᠸᠧ ᠭᠠᠩ᠂ ᠬᠥᠯᠥᠨ ᠪᠣᠶᠢᠷ ᠬᠤᠲᠠ ᠶᠢᠨ ᠳᠡᠳ᠋ ᠳᠠᠷᠤᠭ᠎ᠠ ᠨᠢᠦ ᠵᠧᠨ ᠱᠧᠩ᠂ ᠬᠥᠯᠥᠨ ᠪᠣᠶᠢᠷ ᠤᠨ ᠰᠢᠨ᠎ᠡ ᠪᠠᠷᠭᠤ ᠵᠡᠭᠦᠨ ᠬᠤᠰᠢᠭᠤᠨ ᠤ ᠳᠡᠳ᠋ ᠳᠠᠷᠤᠭ᠎ᠠ ᠯᠢᠦ ᠱᠦ ᠰᠧᠨ᠂ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠮᠠ ᠳ᠋ᠧ ᠴᠢᠤᠸᠠᠨ᠂ ᠮᠧᠩ ᠼᠣᠣ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠣᠣ ᠮᠢᠩ ᠳᠥᠷᠪᠡᠨ ᠲᠠᠯ᠎ᠠ ᠶᠢᠨ ᠲᠥᠯᠥᠭᠡᠯᠡᠭᠴᠢ ᠶᠢᠨ ᠬᠤᠪᠢ ᠪᠠᠷ ᠪᠠᠶᠢᠯᠳᠤᠬᠤ ᠪᠣᠳᠣᠯᠭ᠎ᠠ ᠶᠢᠨ ᠬᠤᠷᠰᠢᠯᠴᠠᠭ᠎ᠠ ᠶᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃      ︽ᠪᠣᠭᠤᠮᠲᠠ ᠶᠢᠨ ᠪᠦᠲᠦᠭᠡᠨ ᠪᠠᠶᠢᠭᠤᠯᠤᠯᠲᠠ︾ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠣᠯᠬᠤ ᠬᠥᠭᠦᠷᠭᠡᠨ ᠪᠠᠬᠢᠯᠡᠯᠲᠡ ᠪᠣᠯᠣᠨ᠎ᠠ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠣᠯᠭ᠎ᠠ ᠪᠣᠯᠬᠤ ᠪᠥᠭᠡᠳ ᠡᠭᠦᠨ ᠢ ᠢᠳᠡᠪᠬᠢᠲᠡᠢ ᠪᠠᠷ ᠲᠣᠣᠱᠯᠠᠭᠤᠯᠤᠨ ᠨᠠᠶᠢᠳᠠᠪᠤᠷᠢᠵᠢᠭᠤᠯᠬᠤ ᠨᠢ ᠳᠤᠮᠳᠠᠳᠤ ᠣᠷᠣᠰ ᠮᠣᠩᠭᠤᠯ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠠᠰᠢᠭᠲᠠᠢ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠄ ︽ᠪᠣᠭᠤᠮᠲᠠ ᠶᠢᠨ ᠬᠤᠲᠠ᠂ ᠬᠢᠯᠢ ᠬᠢᠵᠠᠭᠠᠷ ᠤᠨ ᠬᠤᠰᠢᠭᠤ ᠰᠢᠶᠠᠨ︾᠎ ᠨᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠳᠠᠭᠰᠢ ᠨᠡᠭᠡᠭᠡᠯᠲᠡ ᠬᠢᠬᠦ ᠶᠢ ᠥᠷᠭᠡᠳᠬᠡᠵᠦ᠂ ᠣᠷᠣᠰ ᠮᠣᠩᠭᠤᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠮᠢᠷᠠᠯᠵᠠᠭᠰᠠᠨ ︽ᠠᠵᠤ ᠠᠬᠤᠢ ᠶᠢᠨ ᠦᠵᠡᠮᠵᠢᠲᠦ ᠣᠷᠣᠨ︾᠎ ᠢ ᠴᠣᠭᠴᠠᠯᠠᠨ᠎ᠠ ᠭᠡᠵᠦ ᠭᠤᠣᠯᠳᠠᠯᠭ᠎ᠠ ᠲᠠᠢ ᠳᠤᠷᠠᠳᠪᠠ      ᠭᠦᠸᠧ ᠭᠠᠩ ᠤᠨ ᠲᠠᠨᠢᠯᠴᠠᠭᠤᠯᠬᠤ ᠪᠠᠷ᠂ ᠥᠪᠥᠷ ᠮᠣᠩᠭᠤᠯ ᠦᠨᠡᠨ ᠳᠡᠭᠡᠨ ᠪᠣᠭᠤᠮᠲᠠ ᠶᠢᠨ ᠲᠣᠮᠣ ᠣᠷᠣᠨ ᠳᠤ ᠬᠠᠷᠢᠶᠠᠯᠠᠭᠳᠠᠨ᠎ᠠ᠂ ᠣᠳᠣ ᠨᠢᠭᠡᠨᠲᠡ ᠬᠠᠭᠤᠷᠠᠢ ᠵᠠᠮ ᠤᠨ ᠪᠣᠭᠤᠮᠲᠠ 13᠂ ᠠᠭᠠᠷ ᠤᠨ ᠪᠣᠭᠤᠮᠲᠠ 3 ᠪᠠᠶᠢᠵᠤ᠂ ᠶᠠᠭ ᠨᠡᠭᠡᠭᠡᠯᠲᠡ ᠬᠢᠬᠦ ᠪᠠᠷ ᠪᠡᠯᠡᠳᠬᠡᠵᠦ ᠪᠠᠶᠢᠭ᠎ᠠ ᠪᠣᠭᠤᠮᠲᠠ ᠪᠠᠰᠠ 8 ᠣᠷᠴᠢᠮ ᠪᠣᠢ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠲᠣᠮᠣ ᠤᠯᠤᠰ ᠤᠨ ᠪᠠᠶᠢᠷᠢᠯᠠᠭᠤᠯᠤᠯᠲᠠ ᠵᠢᠴᠢ ᠥᠪᠥᠷ ᠮᠣᠩᠭᠤᠯ ᠤᠨ ︽8337︾ ᠪᠠ ︽ᠲᠠᠯ᠎ᠠ ᠨᠤᠲᠤᠭ ᠤᠨ ᠲᠣᠷᠭᠠᠨ ᠵᠠᠮ︾᠎ ᠤᠨ ᠣᠷᠣᠨ ᠨᠤᠲᠤᠭ ᠤᠨ ᠮᠠᠨᠳᠤᠯᠲᠠ ᠶᠢ ᠳᠠᠭᠠᠯᠳᠤᠭᠤᠯᠤᠨ᠂ ᠪᠣᠭᠤᠮᠲᠠ ᠶᠢᠨ ᠠᠵᠤ ᠠᠬᠤᠢ ᠶᠢ ᠠᠮᠢᠳᠤᠯᠢᠭᠵᠢᠭᠤᠯᠪᠠᠯ ᠳᠤᠮᠳᠠᠳᠤ ᠣᠷᠣᠰ ᠮᠣᠩᠭᠤᠯ ᠤᠨ ᠣᠯᠠᠨ ᠡᠰᠢᠲᠦ ᠬᠠᠮᠲᠤᠷᠠᠯᠴᠠᠭ᠎ᠠ ᠪᠣᠯᠣᠨ ᠬᠠᠮᠲᠤᠷᠠᠨ ᠬᠥᠭᠵᠢᠬᠦ ᠶᠢ ᠪᠡᠶᠡᠯᠡᠭᠦᠯᠵᠦ ᠳᠡᠶᠢᠯᠬᠦ ᠪᠥᠭᠡᠳ ᠥᠪᠥᠷ ᠮᠣᠩᠭᠤᠯ ᠤᠨ ᠭᠠᠳᠠᠭᠰᠢ ᠨᠡᠭᠡᠭᠡᠯᠲᠡ ᠬᠢᠬᠦ ᠶᠢ ᠭᠦᠨᠵᠡᠭᠡᠶᠢᠷᠡᠭᠦᠯᠬᠦ ᠣᠯᠠᠨ ᠤᠯᠤᠰ ᠤᠨ ᠳᠠᠪᠴᠠᠩ ᠪᠣᠯᠵᠤ ᠪᠣᠯᠣᠨ᠎ᠠ᠃      ᠲᠤᠰ ᠤᠳᠠᠭ᠎ᠠ ᠪᠠᠶᠢᠭᠤᠯᠬᠤ ᠪᠠᠷ ᠲᠣᠭᠲᠠᠭᠰᠠᠨ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠎ ᠨᠢ ᠮᠣᠩᠭᠤᠯ ᠤᠯᠤᠰ ᠤᠨ ᠪᠠᠶᠠᠨᠬᠤᠰᠭᠤ ᠪᠣᠭᠤᠮᠲᠠ ᠲᠠᠢ ᠭᠤᠣᠯ ᠠᠯᠤᠰᠯᠠᠨ ᠪᠠᠶᠢᠷᠢᠯᠠᠵᠤ᠂ ᠲᠣᠲᠣᠭᠰᠢ ᠨᠠᠢᠮᠠᠨ ᠮᠤᠵᠢ ᠣᠷᠣᠨ ᠲᠠᠢ ᠬᠤᠯᠪᠣᠯᠳᠤᠨ ᠭᠠᠳᠠᠭᠰᠢ ᠬᠤᠶᠠᠷ ᠤᠯᠤᠰ ᠲᠠᠢ ᠵᠠᠯᠭᠠᠯᠳᠤᠵᠤ᠂ ᠬᠢᠯᠢ ᠶᠢᠨ ᠭᠠᠳᠠᠨᠠᠬᠢ ᠠᠭᠤᠷᠬᠠᠢ ᠶᠢᠨ ᠡᠬᠢ ᠪᠠᠶᠠᠯᠢᠭ᠂ ᠮᠠᠯ ᠲᠠᠷᠢᠶᠠᠯᠠᠩ ᠤᠨ ᠡᠬᠢ ᠪᠠᠶᠠᠯᠢᠭ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠳᠤᠮᠳᠠᠳᠤ ᠣᠷᠣᠰ ᠮᠣᠩᠭᠤᠯ ᠬᠢᠯᠢ ᠠᠯᠤᠰᠯᠠᠨ ᠠᠵᠤ ᠠᠬᠤᠢ ᠶᠢᠨ ᠲᠠᠯ᠎ᠠ ᠪᠠᠷ ᠬᠠᠮᠲᠤᠷᠠᠯᠴᠠᠬᠤ ᠶᠢᠨ ᠳᠠᠯᠳᠠ ᠬᠦᠴᠦᠨ ᠯᠣᠲᠣ ᠶᠡᠭᠡ ᠪᠠᠶᠢᠨ᠎ᠠ᠃ ᠥᠪᠥᠷ ᠮᠣᠩᠭᠤᠯ ᠤᠨ ᠤᠷᠢᠭᠳᠠ ᠪᠠᠷ ᠲᠤᠷᠰᠢᠬᠤ ᠠᠩᠬᠠᠳᠤᠭᠴᠢ ︽PPP︾ ᠵᠠᠭᠪᠤᠷ ᠪᠣᠯᠣᠭᠰᠠᠨ ᠤ ᠬᠤᠪᠢ ᠳᠤ᠂ ᠠᠭᠤᠯᠭ᠎ᠠ ᠨᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠪᠣᠭᠤᠮᠲᠠ ᠶᠢᠨ ᠠᠷᠠᠯᠵᠢᠶ᠎ᠠ᠂ ᠪᠣᠭᠤᠮᠲᠠ ᠶᠢᠨ ᠰᠠᠭᠤᠷᠢ ᠮᠥᠩᠭᠦ᠂ ᠪᠣᠭᠤᠮᠲᠠ ᠶᠢᠨ ᠲᠡᠭᠡᠭᠡᠪᠦᠷᠢ ᠶᠢᠨ ᠡᠵᠡᠩᠨᠡᠯᠲᠡ ᠵᠡᠷᠭᠡ ᠳᠤ ᠬᠤᠯᠪᠣᠭᠳᠠᠵᠤ᠂ ︽ᠵᠠᠰᠠᠭ ᠤᠨ ᠣᠷᠳᠣᠨ + ᠠᠵᠤ ᠠᠬᠤᠶᠢᠯᠠᠯ + ᠮᠥᠩᠭᠦᠨ ᠭᠦᠢᠯᠭᠡᠭᠡ︾᠎ ᠶᠢᠨ ᠰᠢᠨ᠎ᠡ ᠶᠢ ᠡᠭᠦᠳᠦᠨ ᠬᠤᠷᠰᠢᠯᠴᠠᠬᠤ ᠶᠢ ᠪᠡᠶᠡᠯᠡᠭᠦᠯᠪᠡ᠃      ᠮᠧᠩ ᠼᠣᠣ ᠺᠣᠮᠫᠠᠨᠢ ᠨᠢ ᠥᠪᠥᠷ ᠮᠣᠩᠭᠤᠯ ᠤᠨ ᠠᠮᠢ ᠠᠬᠤᠢ ᠶᠢᠨ ᠠᠵᠤ ᠦᠢᠯᠡᠰ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠪᠣᠯᠣᠭᠰᠠᠨ ᠤ ᠬᠤᠪᠢ ᠳᠤ᠂ ᠨᠡᠩ ᠣᠯᠠᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠠ ᠡᠵᠡᠩᠨᠡᠯᠲᠡ ᠳᠤ ᠢᠳᠡᠪᠬᠢᠲᠡᠢ ᠣᠷᠣᠯᠴᠠᠵᠤ᠂ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ︽ᠵᠢᠭᠰᠠᠭᠠᠯ ᠤᠨ ᠲᠦᠷᠦᠭᠦᠦ ᠴᠡᠷᠢᠭ︾ ᠪᠣᠯᠬᠤ ᠪᠠᠷ ᠰᠢᠢᠳᠴᠦ ᠪᠤᠢ᠃ ᠮᠧᠩ ᠼᠣᠣ ᠺᠤᠮᠫᠠᠨᠢ ᠨᠢ ᠨᠢᠭᠡᠨᠲᠡ ᠮᠣᠩᠭᠤᠯ ᠤᠯᠤᠰ ᠤᠨ ᠮᠠᠺᠧ ᠺᠣᠮᠫᠠᠨᠢ᠂ ᠠᠯᠲᠠᠢ ᠺᠣᠮᠫᠠᠨᠢ ᠲᠢ ᠤᠷᠢᠳ ᠬᠤᠵᠢᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠲᠣᠬᠢᠷᠠᠯᠴᠠᠵᠤ᠂ ᠬᠤᠶᠢᠰᠢᠲᠠ ᠪᠡᠯᠴᠢᠭᠡᠷ ᠮᠠᠯᠵᠢᠯ ᠤᠨ ᠠᠵᠣ ᠠᠬᠤᠢ ᠶᠢᠨ ᠲᠡᠭᠡᠭᠡᠪᠦᠷᠢ ᠶᠢᠨ ᠡᠵᠡᠩᠨᠡᠯᠲᠡ ᠵᠢᠴᠢ ᠬᠤᠯᠪᠣᠭᠳᠠᠯ ᠪᠦᠬᠦᠢ ᠪᠦᠲᠦᠭᠡᠭᠳᠡᠬᠦᠨ ᠢ ᠪᠣᠭᠤᠮᠲᠠ ᠳᠤ ᠣᠷᠣᠭᠤᠯᠬᠤ ᠭᠠᠷᠭᠠᠬᠤ᠂ ᠬᠢᠯᠢ ᠠᠯᠤᠰᠯᠠᠭᠰᠠᠨ ᠰᠣᠶᠣᠯ ᠵᠢᠭᠤᠯᠴᠢᠯᠠᠯ᠂ ᠠᠮᠢ ᠠᠬᠤᠢ ᠶᠢᠨ ᠠᠵᠤ ᠦᠢᠯᠡᠰ ᠤᠨ ᠠᠵᠤ ᠠᠬᠤᠢ ᠶᠢᠨ ᠲᠣᠭᠤᠷᠢᠭ ᠢ ᠴᠣᠭᠴᠠᠯᠠᠬᠤ ᠳᠤ ᠠᠩᠬᠠᠷᠤᠯ ᠢᠶᠠᠨ ᠲᠠᠯᠪᠢᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号