ᠬᠥᠬᠡᠬᠤᠲᠠ ᠶᠢᠨ ᠬᠤᠲᠠ ᠶᠢᠨ ᠲᠦᠷᠭᠡᠨ ᠬᠤᠷᠳᠤ ᠶᠢᠨ ᠵᠠᠮ ᠤᠨ ᠭᠤᠣᠯ ᠱᠤᠭᠤᠮ ᠪᠦᠬᠦ ᠲᠠᠯ᠎ᠠ ᠪᠠᠷ ᠲᠤᠷᠰᠢᠨ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2015/8/3
     ᠡᠨᠡ ᠪᠣᠯ 7 ᠳ᠋ᠤᠭᠠᠷ ᠰᠠᠷ᠎ᠠ ᠶᠢᠨ31᠎ ᠤ ᠡᠳᠦᠷ ᠰᠡᠭᠦᠳᠡᠷᠯᠡᠭᠰᠡᠨ ᠪᠦᠬᠦ ᠲᠠᠯ᠎ᠠ ᠪᠠᠷ ᠲᠤᠷᠰᠢᠨ ᠲᠡᠷᠭᠡ ᠨᠡᠪᠲᠡᠷᠡᠭᠦᠯᠦᠭᠰᠡᠨ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠤᠨ ᠭᠤᠣᠯ ᠱᠤᠭᠤᠮ ᠪᠣᠯᠣᠨ᠎ᠠ᠃      ᠲᠤᠰ ᠡᠳᠦᠷ᠂ ᠥᠪᠥᠷ ᠮᠣᠩᠭᠤᠯ ᠤᠨ ᠬᠥᠬᠡᠬᠤᠲᠠ ᠶᠢᠨ ᠬᠤᠲᠠ ᠶᠢᠨ ᠲᠦᠷᠭᠡᠨ ᠬᠤᠷᠳᠤ ᠶᠢᠨ ᠵᠠᠮ ᠤᠨ ᠭᠤᠣᠯ ᠱᠤᠭᠤᠮ ᠪᠦᠬᠦ ᠲᠠᠯ᠎ᠠ ᠪᠠᠷ ᠲᠤᠷᠰᠢᠨ ᠲᠡᠷᠭᠡ ᠨᠡᠪᠲᠡᠷᠡᠪᠡ᠃ ᠣᠶᠢᠯᠭᠠᠭᠰᠠᠨ ᠢᠶᠠᠷ᠂ ᠲᠤᠰ ᠬᠤᠲᠠ ᠶᠢᠨ ᠲᠦᠷᠭᠡᠨ ᠬᠤᠷᠳᠤ ᠶᠢᠨ ᠵᠠᠮ ᠤᠨ ᠪᠠᠷᠢᠯᠭ᠎ᠠ ᠶᠢᠨ ᠪᠦᠬᠦ ᠤᠷᠲᠤ ᠨᠢ 65.31 ᠺᠢᠯᠣᠮᠧᠲᠷ ᠪᠠᠶᠢᠵᠤ᠂ ᠨᠡᠶᠢᠲᠡ 13 ᠵᠥᠷᠢᠯᠢᠭ᠂ 6 ᠭᠤᠣᠯ ᠠᠯᠭᠠᠰᠤᠭᠰᠠᠨ ᠬᠥᠬᠦᠷᠡᠭᠡ᠂ 12 ᠠᠭᠤᠯᠵᠠᠷ ᠵᠠᠮ ᠤᠨ ᠬᠥᠬᠦᠷᠡᠭᠡ᠂ 23 ᠬᠥᠬᠦᠷᠡᠭᠡ᠂ 2 ᠵᠥᠷᠢᠭ ᠤᠨ ᠰᠠᠭᠤᠭᠳᠠᠯ ᠮᠠᠶ᠋ᠢᠭ ᠤᠨ ᠨᠡᠪᠲᠡᠷᠡᠬᠦ ᠵᠠᠮ ᠲᠣᠬᠢᠷᠠᠭᠤᠯᠵᠤ᠂ ᠵᠡᠭᠦᠨᠰᠢ ᠪᠠᠨ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠠᠯᠭᠠᠭᠤᠯᠤᠨ᠂ ᠵᠡᠭᠦᠨ ᠡᠮᠦᠨᠡᠰᠢ ᠪᠠᠨ ᠬᠥᠬᠡᠬᠤᠲᠠ ᠠᠴᠠ ᠱᠠ ᠬᠡᠦ ᠺᠸᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠠᠯᠭᠠᠭᠤᠯᠵᠤ᠂ ᠪᠠᠷᠠᠭᠤᠨ ᠡᠮᠦᠨᠡᠰᠢ ᠪᠠᠨ ᠬᠥᠬᠡᠬᠤᠲᠠ ᠠᠴᠠ ᠵᠡᠭᠦᠨᠭᠠᠷ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠠᠯᠭᠠᠭᠤᠯᠤᠨ᠂ ᠤᠮᠠᠷᠠᠰᠢ ᠪᠠᠨ ᠪᠡᠭᠡᠵᠢᠩ ᠠᠴᠠ ᠲᠥᠪᠡᠳ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠵᠠᠯᠭᠠᠭᠤᠯᠵᠤ  ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠬᠦ ᠵᠠᠮ ᠤᠨ ᠲᠣᠣᠷ ᠤᠨ ᠪᠦᠲᠦᠴᠡ ᠶᠢ ᠪᠣᠢ ᠪᠣᠯᠭᠠᠭᠰᠠᠨ ᠪᠠᠶᠢᠨ᠎ᠠ᠃
    ᠡᠨᠡ ᠪᠣᠯ 7 ᠳ᠋ᠤᠭᠠᠷ ᠰᠠᠷ᠎ᠠ ᠶᠢᠨ31᠎ ᠤ ᠡᠳᠦᠷ ᠰᠡᠭᠦᠳᠡᠷᠯᠡᠭᠰᠡᠨ ᠪᠦᠬᠦ ᠲᠠᠯ᠎ᠠ ᠪᠠᠷ ᠲᠤᠷᠰᠢᠨ ᠲᠡᠷᠭᠡ ᠨᠡᠪᠲᠡᠷᠡᠭᠦᠯᠦᠭᠰᠡᠨ ᠬᠥᠬᠡᠬᠤᠲᠠ ᠶᠢᠨ ᠲᠦᠷᠭᠡᠨ ᠬᠤᠷᠳᠤ ᠶᠢᠨ ᠵᠠᠮ ᠤᠨ ᠭᠤᠣᠯ ᠱᠤᠭᠤᠮ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号