ᠪᠦᠬᠦ ᠠᠷᠠᠳ ᠤᠨ ᠪᠡᠶ᠎ᠡ ᠪᠣᠯᠪᠠᠰᠤᠷᠠᠭᠤᠯᠤᠯᠲᠠ — — ᠴᠠᠭᠠᠰᠤᠨ ᠰᠢᠪᠠᠭᠤᠳ ᠪᠣᠭᠤᠮᠲᠠ ᠶᠢᠨ ᠭᠠᠳᠠᠨᠠᠬᠢ ᠲᠠᠯ᠎ᠠ ᠨᠤᠲᠤᠭ ᠲᠤ ᠤᠷᠤᠯᠳᠤᠨ ᠨᠢᠰᠦᠨ᠎ᠡ
ᠨᠡᠶᠢᠲᠡᠯᠡᠭᠰᠡᠨ ᠴᠠᠭ᠄
2015/8/31
    ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠯᠣᠣ ᠶᠢᠨ ᠬᠡᠯᠪᠡᠷᠢᠲᠦ ᠴᠠᠭᠠᠰᠤᠨ ᠰᠢᠪᠠᠭᠤ ᠪᠠᠨ ᠨᠢᠰᠬᠡᠪᠡ᠃
    ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ︽ᠥᠷᠥᠮ᠎ᠡ ᠬᠤᠯᠠᠭᠠᠶᠢᠴᠢ ᠬᠡᠯᠪᠡᠷᠢᠲᠦ ᠴᠠᠭᠠᠰᠤᠨ ᠰᠢᠪᠠᠭᠤ︾᠎ ᠪᠠᠨ ᠳᠡᠯᠭᠡᠨ ᠦᠵᠡᠭᠦᠯᠵᠦ ᠪᠠᠶᠢᠭ᠎ᠠ ᠨᠢ᠃
     ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠯᠣᠣ ᠶᠢᠨ ᠬᠡᠯᠪᠡᠷᠢᠲᠦ ᠴᠠᠭᠠᠰᠤᠨ ᠰᠢᠪᠠᠭᠤ ᠪᠠᠨ ᠨᠢᠰᠬᠡᠬᠦ ᠪᠠᠷ ᠪᠡᠯᠡᠳᠬᠡᠵᠦ ᠪᠠᠶᠢᠭ᠎ᠠ ᠨᠢ᠃
     ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠴᠠᠭᠠᠰᠤᠨ ᠰᠢᠪᠠᠭᠤ ᠪᠠᠨ ᠬᠤᠷᠢᠶᠠᠨ ᠠᠪᠴᠤ ᠪᠠᠶᠢᠭ᠎ᠠ ᠨᠢ᠃
    ᠯᠣᠣ ᠶᠢᠨ ᠬᠡᠯᠪᠡᠷᠢᠲᠦ ᠴᠠᠭᠠᠰᠤᠨ ᠰᠢᠪᠠᠭᠤ ᠣᠭᠲᠠᠷᠭᠤᠢ ᠳᠤ ᠰᠠᠯᠬᠢ ᠰᠥᠷᠦᠨ ᠨᠢᠰᠦᠨ ᠡᠷᠭᠢᠯᠳᠦᠵᠦ ᠪᠠᠶᠢᠭ᠎ᠠ ᠨᠢ᠃      8 ᠳ᠋ᠤᠭᠠᠷ ᠰᠠᠷ᠎ᠠ ᠶᠢᠨ 29᠎ ᠤ ᠡᠳᠦᠷ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠣᠭᠤᠳᠬᠤ ᠲᠥᠪ᠂ ᠳᠤᠮᠳᠠᠳᠤ ᠤᠯᠤᠰ ᠤᠨ ᠴᠠᠭᠠᠰᠤᠨ ᠰᠢᠪᠠᠭᠤᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ 2015 ᠣᠨ ᠤ ︽ᠸᠠᠨ ᠶᠢᠨ ᠬᠤᠨᠳᠠᠭᠠᠲᠤ︾ ᠪᠦᠬᠦ ᠤᠯᠤᠰ ᠤᠨ ᠴᠠᠭᠠᠰᠤᠨ ᠰᠢᠪᠠᠭᠤᠨ ᠤ ᠰᠤᠳᠤᠴᠤᠤᠯ ᠤᠨ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ ︵ᠬᠥᠬᠡᠬᠤᠲᠠ ᠥᠷᠲᠡᠭᠡ︶ ᠥᠪᠥᠷ ᠮᠣᠩᠭᠤᠯ ᠤᠨ ᠬᠥᠬᠡᠬᠤᠲᠠ ᠳᠤ ᠡᠬᠢᠯᠡᠪᠡ᠃ ᠲᠤᠰ ᠤᠳᠠᠭᠠᠨ ᠤ ᠤᠷᠤᠯᠳᠤᠭᠠᠨ ᠳᠤ ᠤᠯᠠᠮᠵᠢᠯᠠᠯᠲᠤ ᠴᠠᠭᠠᠰᠤᠨ ᠰᠢᠪᠠᠭᠤᠨ ᠤ ᠤᠷᠤᠯᠳᠤᠭᠠᠨ᠂ ᠥᠷᠢᠰᠦᠯᠳᠦᠭᠡᠨ ᠤ ᠴᠠᠭᠠᠰᠤᠨ ᠰᠢᠪᠠᠭᠤᠨ ᠤ ᠤᠷᠤᠯᠳᠤᠭᠠᠨ ᠪᠠ ᠣᠷᠣᠨ ᠨᠤᠲᠤᠭ ᠤᠨ ᠣᠨᠴᠠᠯᠢᠭ ᠪᠦᠬᠦᠢ ᠴᠠᠭᠠᠰᠤᠨ ᠰᠢᠪᠠᠭᠤ ᠨᠢᠰᠬᠡᠬᠦ ᠦᠵᠡᠭᠦᠯᠦᠯᠭᠡ ᠶᠢᠨ ᠤᠷᠤᠯᠳᠤᠭᠠᠨ ᠵᠡᠷᠭᠡ ᠭᠤᠷᠪᠠᠨ ᠶᠡᠭᠡ ᠲᠥᠷᠥᠯ ᠬᠤᠪᠢᠶᠠᠵᠤ᠂ ᠪᠡᠭᠡᠵᠢᠩ᠂ ᠱᠠᠩᠬᠠᠢ᠂ ᠲᠢᠶᠠᠨᠵᠢᠨ᠂ ᠰᠧᠴᠤᠸᠠᠨ ᠵᠡᠷᠭᠡ ᠭᠠᠵᠠᠷ ᠤᠨ ᠨᠡᠶᠢᠲᠡ 31 ᠲᠥᠯᠥᠭᠡᠯᠡᠭᠴᠢ ᠶᠢᠨ ᠠᠩᠭᠢ ᠶᠢᠨ 170 ᠬᠥᠮᠦᠨ ᠤᠷᠤᠯᠳᠤᠭᠠᠨ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号