2015 ᠤᠨ ᠤ ᠳᠤᠮᠳᠠᠳᠤ ᠤᠯᠤᠰ ᠤᠨ ᠲᠥᠮᠥᠰᠥ ᠶᠢᠨ ᠲᠦᠪ · ᠤᠯᠠᠭᠠᠨᠴᠠᠪ ᠤᠨ ᠲᠥᠮᠥᠰᠥ ︵ᠣᠯᠠᠨ ᠤᠯᠤᠰ ᠤᠨ︶ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠵᠢᠴᠢ ᠱᠠᠨ ᠰᠢ᠂ ᠡᠾᠧᠪᠸᠢ᠂ ᠦᠪᠦᠷ ᠮᠣᠩᠭᠤᠯ᠂ ᠱᠠᠨᠰᠢ ᠶᠢᠨ ᠠᠷᠪᠠᠨ ᠬᠤᠲᠠ ᠶᠢᠨ ᠪᠦᠲᠦᠭᠡᠭᠳᠡᠭᠦᠨ ᠳᠡᠯᠭᠡᠨ ᠪᠣᠷᠣᠯᠠᠭᠤᠯᠬᠤ ᠴᠤᠭᠯᠠᠭᠠᠨ ᠵᠢᠨᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2015/8/31
     ᠠᠯᠲᠠᠨ ᠨᠠᠮᠤᠷ ᠡᠶᠡᠪᠡᠷᠬᠦᠦ ᠠᠭᠤᠷ ᠠᠮᠢᠰᠬᠤᠯ ᠬᠦᠷᠲᠡᠭᠡᠨ᠂ ᠡᠯᠪᠡᠭ ᠬᠤᠷᠢᠶᠠᠯᠲᠠ ᠶᠢᠨ ᠦᠷ᠎ᠡ ᠵᠢᠮᠢᠰ ᠪᠤᠯᠪᠠᠰᠤᠷᠠᠨ ᠳᠡᠯᠭᠡᠷᠡᠨ᠎ᠡ᠃ 8 ᠳ᠋ᠤᠭᠠᠷ ᠰᠠᠷ᠎ᠠ ᠶᠢᠨ 28᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠠᠷᠠᠯᠵᠢᠶ᠎ᠠ ᠠᠬᠢᠭᠤᠯᠬᠤ ᠡᠪᠯᠡᠯ ᠪᠤᠯᠤᠨ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠬᠠᠮᠲᠤᠷᠠᠨ ᠡᠷᠭᠢᠯᠡᠭᠰᠡᠨ ︽ᠣᠷᠣᠨ ᠨᠤᠲᠤᠭ ᠤᠨ ᠪᠦᠲᠦᠭᠡᠭᠳᠡᠭᠦᠨ ᠢ ᠳᠡᠯᠭᠡᠨ ᠦᠵᠡᠭᠦᠯᠵᠦ᠂  ᠬᠤᠷᠰᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠪᠠᠨ ᠠᠬᠢᠭᠤᠯᠤᠶ᠎ᠠ︾ ᠬᠡᠰᠡᠨ ᠭᠤᠤᠯ ᠰᠡᠳᠦᠪᠲᠦ 2015 ᠣᠨ ᠤ ᠳᠤᠮᠳᠠᠳᠤ ᠤᠯᠤᠰ ᠤᠨ ᠲᠥᠮᠥᠰᠥ ᠶᠢᠨ ᠲᠦᠪ ᠤᠯᠠᠭᠠᠨᠴᠠᠪ ᠤᠨ ᠲᠥᠮᠥᠰᠥ ︵ᠤᠯᠠᠨ ᠤᠯᠤᠰ ᠤᠨ︶ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠵᠢᠴᠢ ᠱᠠᠨ ᠰᠢ᠂ ᠡᠾᠧᠪᠸᠢ᠂ ᠦᠪᠦᠷ ᠮᠣᠩᠭᠤᠯ ᠂ ᠱᠠᠨᠰᠢ ᠶᠢᠨ ᠠᠷᠪᠠᠨ ᠬᠤᠲᠠ ᠶᠢᠨ  ᠪᠦᠲᠦᠭᠡᠭᠳᠡᠭᠦᠨ ᠳᠡᠯᠭᠡᠨ ᠪᠣᠷᠣᠯᠠᠭᠤᠯᠬᠤ ᠴᠤᠭᠯᠠᠭᠠᠨ ᠵᠢᠨᠢᠩ ᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃      ᠳᠤᠮᠳᠠᠳᠤ ᠤᠯᠤᠰ ᠤᠨ ᠲᠠᠷᠢᠮᠠᠯ ᠤᠨ ᠵᠦᠢᠯ ᠤᠨ ᠨᠡᠶᠢᠭᠡᠮᠯᠢᠭ᠂ ᠲᠥᠮᠥᠰᠥ ᠶᠢᠨ ᠲᠤᠰᠬᠠᠶ ᠮᠡᠷᠭᠡᠵᠢᠯ ᠤᠨ ᠡᠪᠯᠡᠯ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠴᠧᠨ ᠢ ᠯᠢ᠂ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠲᠥᠮᠥᠰᠥ ᠶᠢᠨ ᠢᠳᠡᠭᠡᠨ ᠤ ᠲᠤᠰᠬᠠᠶ ᠠᠵᠢᠯ ᠤᠨ ᠡᠪᠯᠡᠯ ᠤᠨ ᠳᠡᠳ᠋ ᠳᠠᠷᠤᠭ᠎ᠠ ᠰᠢᠤᠢ ᠺᠠᠢ ᠱᠸᠡᠭ᠂ ᠳᠤᠮᠳᠠᠳᠤ ᠤᠯᠤᠰ ᠤᠨ ᠲᠥᠮᠥᠰᠥ ᠶᠢᠨ ᠴᠠᠷᠳᠠᠭᠤᠯ ᠤᠨ ᠨᠡᠶᠢᠭᠡᠮᠯᠢᠭ ᠤᠨ ᠳᠠᠷᠤᠭ᠎ᠠ ᠵᠧᠤ ᠴᠢᠨ ᠹᠸᠡᠭ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠰᠢ ᠼᠠᠢ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠰᠦᠨ ᠸᠧᠢ ᠳ᠋ᠦᠡᠭ᠂ ᠪᠡᠭᠡᠵᠢᠩ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠵᠦᠪᠯᠡᠯ ᠤᠨ ᠳᠡᠳ᠋ ᠡᠷᠬᠢᠯᠡᠭᠴᠢ ᠰᠢ ᠰᠢᠶᠠᠨ ᠵᠢᠶᠦ᠋ᠨ᠂ ᠴᠢᠭᠤᠯᠤᠯᠲᠤ ᠬᠠᠭᠠᠯᠭ᠎ᠠ ᠬᠤᠲᠠ ᠶᠢᠨ ᠳᠡᠳ᠋ ᠳᠠᠷᠤᠭ᠎ᠠ ᠵᠧᠤ ᠯᠢ ᠮᠢᠨ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠠᠬᠢᠭᠤᠯᠬᠤ ᠡᠪᠯᠡᠯ ᠤᠨ ᠳᠡᠳ᠋ ᠳᠠᠷᠤᠭ᠎ᠠ ᠵᠠᠩ ᠾᠧ ᠫᠢᠩ᠂ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠡᠳ᠋ ᠡᠷᠬᠢᠯᠡᠭᠴᠢ ᠯᠢᠤ ᠭᠦᠢ ᠷᠦᠩ᠂ ᠤᠯᠠᠭᠠᠨᠴᠠᠪ ᠬᠤᠲᠠ ᠶᠢᠨ ᠤᠳᠤᠷᠢᠳᠤᠯᠭ᠎ᠠ ᠲᠤᠤ ᠱᠦ᠋ ᠵᠢᠤᠢ᠂ ᠯᠧᠢ ᠵᠥᠩ ᠪᠤᠤ ᠡᠬᠢᠯᠡᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠵᠠᠩ ᠰᠢᠶᠠᠩ ᠬᠤᠷᠠᠯ ᠡᠷᠬᠢᠯᠡᠭᠰᠡᠨ ᠤ ᠬᠠᠮᠲᠤ ᠬᠤᠷᠠᠯ ᠡᠬᠢᠯᠡᠭᠰᠡᠨ ᠢ ᠵᠠᠷᠯᠠᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠸᠠᠩ ᠰᠢ ᠼᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠤᠰ ᠤᠳᠠᠭᠠᠨ ᠤ ᠬᠤᠷᠠᠯ ᠢ ᠬᠤᠷᠠᠯᠳᠤᠭᠤᠯᠬᠤ ᠳᠤ ᠢᠷᠡᠭᠦᠯᠦᠭᠰᠡᠨ ᠪᠠᠶᠠᠷ ᠤᠨ ᠵᠠᠬᠢᠳᠠᠯ ᠢ ᠵᠠᠷᠯᠠᠨ ᠤᠡᠭᠰᠢᠪᠠ᠃      ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠲᠤᠤ ᠱᠦ᠋ ᠵᠢᠤᠢ ᠶᠠᠷᠢᠶᠠᠨ ᠳᠠᠭᠠᠨ ᠬᠡᠯᠡᠭᠰᠡᠨ ᠨᠢ᠂ ᠳᠤᠮᠳᠠᠳᠤ ᠤᠯᠤᠰ ᠤᠨ ᠲᠥᠮᠥᠰᠥ ᠶᠢᠨ ᠲᠦᠪ · ᠤᠯᠠᠭᠠᠨᠴᠠᠪ ᠤᠨ ᠲᠥᠮᠥᠰᠥ ᠶᠢᠨ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠢ 2011 ᠣᠨ ᠳᠤ ᠡᠬᠢᠯᠡᠵᠦ ᠡᠷᠭᠢᠯᠡᠭᠰᠡᠨ ᠠᠴᠠ ᠨᠠᠰᠢ᠂ ᠳᠦᠷᠪᠡᠨ ᠬᠤᠭᠤᠴᠠᠭ᠎ᠠ ᠠᠮᠵᠢᠯᠲᠠ ᠲᠠᠢ ᠡᠷᠬᠢᠯᠡᠵᠤ ᠪᠠᠶᠢᠭ᠎ᠠ ᠪᠦᠭᠡᠳ ᠡᠨᠡ ᠵᠢᠯ ᠪᠣᠯ ᠲᠠᠪᠤᠳᠤᠭᠠᠷ ᠬᠤᠭᠤᠴᠠᠭ᠎ᠠ ᠪᠤᠯᠤᠨ᠎ᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠰᠦᠨ ᠸᠧᠢ ᠳ᠋ᠦᠡᠭ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠠᠬᠢᠭᠤᠯᠬᠤ ᠡᠪᠯᠡᠯ ᠤᠨ ᠳᠡᠳ᠋ ᠳᠠᠷᠤᠭ᠎ᠠ ᠵᠠᠩ ᠾᠧ ᠫᠢᠩ᠂ ᠪᠡᠭᠡᠵᠢᠩ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠵᠦᠪᠯᠡᠯ ᠤᠨ ᠳᠡᠳ᠋ ᠡᠷᠬᠢᠯᠡᠭᠴᠢ ᠰᠢ  ᠰᠢᠶᠠᠨ ᠵᠢᠶᠦ᠋ᠨ ᠵᠢᠴᠢ ᠲᠥᠮᠥᠰᠥ ᠬᠤᠳᠠᠯᠳᠤᠨ ᠠᠪᠬᠤ ᠬᠤᠳᠠᠯᠳᠤᠭᠠᠴᠢᠨ ᠤ ᠲᠥᠯᠥᠭᠡᠯᠡᠭᠴᠢ᠂ ᠬᠠᠨᠭ᠍ᠭᠠᠬᠤ ᠬᠤᠳᠠᠯᠳᠤᠭᠠᠴᠢᠨ ᠤ ᠲᠥᠯᠥᠭᠡᠯᠡᠭᠴᠢ᠂ ᠱᠠᠨ ᠰᠢ᠂ ᠡᠾᠧᠪᠸᠢ᠂ ᠦᠪᠦᠷ ᠮᠣᠩᠭᠤᠯ᠂ ᠱᠠᠨᠰᠢ ᠶᠢᠨ ᠠᠷᠪᠠᠨ ᠬᠤᠲᠠ ᠶᠢᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ ᠲᠤᠰ ᠤᠳᠠᠭᠠᠨ ᠤ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠢ ᠬᠤᠷᠠᠯᠳᠤᠭᠤᠯᠤᠭᠰᠠᠨ ᠤ ᠠᠴᠢ ᠬᠤᠯᠪᠣᠭᠳᠠᠯ᠂ ᠡᠨᠡ ᠬᠦ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠤᠨ ᠲᠠᠪᠴᠠᠩ ᠢ ᠠᠰᠢᠭᠯᠠᠨ ᠰᠣᠯᠢᠯᠴᠠᠭ᠎ᠠ ᠬᠤᠷᠰᠢᠯᠴᠠᠭ᠎ᠠ ᠪᠠᠨ ᠬᠡᠷᠬᠢᠨ  ᠴᠢᠩᠭᠠᠳᠬᠠᠬᠤ ᠲᠤᠬᠠᠢ ᠲᠤᠰ ᠲᠤᠰ ᠪᠠᠶᠠᠷ ᠤᠨ ᠦᠭᠡ ᠬᠡᠯᠡᠪᠡ᠃      ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠴᠧᠨ ᠢ ᠯᠢ᠂ ᠰᠢᠤᠢ ᠺᠠᠢ ᠱᠸᠡᠭ ᠲᠤᠰ ᠲᠤᠰ ᠲᠥᠮᠥᠰᠥ ᠶᠢᠨ ᠠᠵᠤ ᠦᠢᠯᠡᠰ ᠤᠨ ᠣᠳᠣᠬᠢ ᠪᠠᠶᠢᠳᠠᠯ ᠬᠢᠭᠡᠳ ᠬᠥᠭᠵᠢᠯᠲᠡ ᠶᠢᠨ ᠢᠷᠡᠭᠡᠳᠦᠶ ᠶᠢᠨ ᠲᠥᠯᠥᠪ ᠵᠡᠷᠭᠡ ᠲᠠᠯ᠎ᠠ ᠪᠠᠷ ᠲᠤᠰᠬᠠᠶ  ᠰᠡᠳᠦᠪᠲᠦ ᠲᠠᠶᠢᠯᠤᠮᠵᠢ ᠬᠢᠪᠡ᠃ ᠬᠤᠷᠠᠯ ᠳᠤ ᠣᠷᠣᠯᠴᠠᠭᠰᠠᠳ ᠪᠠᠰᠠ ᠮᠠᠨ ᠤ ᠬᠤᠲᠠ ᠶᠢᠨ ᠲᠥᠮᠥᠰᠥ ᠵᠢᠴᠢ ︽ᠳᠥᠷᠪᠡᠨ ᠮᠤᠵᠢ ᠶᠢᠨ ᠠᠷᠪᠠᠨ ᠭᠠᠵᠠᠷ︾᠎ ᠤᠨ ᠨᠡᠷᠡᠲᠦ ᠴᠢᠨᠠᠷ ᠰᠠᠶᠢᠲᠠᠢ ᠣᠨᠴᠠ ᠪᠦᠲᠦᠭᠡᠭᠳᠡᠭᠦᠨ ᠤ ᠦᠵᠡᠭᠦᠯᠦᠯᠭᠡ ᠶᠢ ᠲᠣᠭᠤᠷᠢᠨ ᠦᠵᠡᠪᠡ᠃
     ᠲᠤᠰ ᠤᠳᠠᠭᠠᠨ ᠤ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠬᠤᠶᠠᠷ ᠡᠳᠦᠷ ᠶᠠᠪᠤᠭᠳᠠᠵᠤ᠂ ᠲᠤᠰ ᠬᠤᠭᠤᠴᠠᠭᠠᠨ ᠳᠤ ᠪᠠᠰᠠ ᠲᠥᠮᠥᠰᠥ ᠵᠢᠴᠢ ︽ᠳᠥᠷᠪᠡᠨ ᠮᠤᠵᠢ ᠶᠢᠨ ᠠᠷᠪᠠᠨ ᠭᠠᠵᠠᠷ︾᠎ ᠤᠨ ᠨᠡᠷᠡᠲᠦ ᠴᠢᠨᠠᠷ ᠰᠠᠶᠢᠲᠠᠢ ᠣᠨᠴᠠ  ᠪᠦᠲᠦᠭᠡᠭᠳᠡᠭᠦᠨ ᠳᠡᠯᠭᠡᠨ ᠦᠵᠡᠭᠦᠯᠬᠦ᠂ ᠲᠥᠮᠥᠰᠥ ᠬᠠᠩᠭᠠᠨ ᠪᠣᠷᠣᠯᠠᠭᠤᠯᠬᠤ ᠶᠢᠨ ᠵᠦᠪᠳᠡᠨ ᠬᠡᠯᠡᠯᠴᠡᠬᠦ ᠵᠡᠷᠭᠡ ᠠᠵᠢᠯᠯᠠᠭ᠎ᠠ ᠶᠢ ᠶᠠᠪᠤᠭᠳᠠᠭᠤᠯᠪᠠ᠃ ᠪᠦᠬᠦ ᠤᠯᠤᠰ ᠤᠨ ᠠᠷᠪᠠᠨ ᠮᠤᠵᠢ ᠬᠤᠲᠠ ᠥᠪᠡᠷᠲᠡᠭᠡᠨ ᠵᠠᠰᠠᠬᠤ ᠣᠷᠣᠨ ᠤ 148 ᠠᠵᠤ ᠠᠬᠤᠶᠢᠯᠠᠯ ᠲᠤᠰ ᠤᠳᠠᠭᠠᠨ ᠤ ᠳᠡᠯᠭᠡᠨ ᠦᠵᠡᠭᠦᠯᠵᠤ ᠵᠦᠪᠳᠡᠨ ᠬᠡᠯᠡᠯᠴᠡᠬᠦ ᠬᠤᠷᠠᠯ ᠳᠤ ᠣᠷᠣᠯᠴᠠᠬᠤ ᠪᠠᠷ ᠢᠷᠡᠵᠤ᠂ ᠲᠥᠮᠥᠰᠥ ᠵᠢᠴᠢ  ᠬᠦᠨᠵᠡᠭᠡᠢ ᠡᠳ᠋ᠰᠢᠭᠦᠯᠦᠭᠰᠡᠨ ᠪᠦᠲᠦᠭᠡᠭᠳᠡᠬᠦᠨ᠂ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ 1000 ᠭᠠᠷᠤᠢ ᠶᠡᠭᠡ ᠲᠦᠷᠦᠯ ᠤᠨ 100 ᠰᠢᠬᠠᠮ ᠲᠦᠷᠦᠯ ᠵᠦᠢᠯ ᠢ ᠳᠡᠯᠭᠡᠨ ᠦᠵᠡᠭᠦᠯᠪᠡ᠃ ᠲᠤᠰ ᠡᠳᠦᠷ ᠲᠥᠮᠥᠰᠥ ᠵᠢᠴᠢ ᠲᠡᠭᠦᠨ ᠤ ᠪᠦᠲᠦᠭᠡᠭᠳᠡᠬᠦᠨ ᠤ ᠪᠣᠷᠣᠯᠠᠭᠤᠯᠬᠤ ᠵᠦᠪᠯᠡᠯᠴᠡᠭᠡᠷ ᠢ 89 ᠬᠤᠪᠢ ᠲᠤᠭᠲᠠᠵᠤ᠂ ᠵᠦᠪᠯᠡᠯᠴᠡᠭᠡᠷ ᠤᠨ ᠵᠣᠭᠤᠰ ᠤᠨ ᠲᠤᠭ᠎ᠠ 12.03 ᠳ᠋ᠦᠡᠭᠰᠢᠭᠤᠷ ᠲᠥᠭᠦᠷᠢᠭ ᠲᠤ ᠬᠦᠷᠴᠦ᠂ ᠲᠥᠮᠥᠰᠥ ᠵᠢᠴᠢ ᠲᠡᠭᠦᠨ ᠤ ᠪᠦᠲᠦᠭᠡᠭᠳᠡᠭᠦᠨ ᠢ 75 ᠲᠦᠮᠡᠨ ᠲᠣᠨ ᠪᠤᠷᠤᠯᠠᠭᠤᠯᠪᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号