ᠥᠪᠥᠷ ᠮᠣᠩᠭᠤᠯ ᠤᠨ 2015 ᠣᠨ ᠤ ᠨᠠᠮᠤᠷ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ 9 ᠳ᠋ᠦ᠋ᠭᠡᠷ ᠰᠠᠷ᠎ᠠ ᠵᠨ 19᠎ ᠤ ᠡᠳᠦᠷ ᠶᠠᠪᠤᠭᠳᠠᠨ᠎ᠠ
ᠨᠡᠶᠢᠲᠡᠯᠡᠭᠰᠡᠨ ᠴᠠᠭ᠄
2015/8/31
     ᠥᠪᠡᠷᠲᠡᠭᠡᠨ ᠵᠠᠰᠠᠬᠤ ᠣᠷᠣᠨ ᠤ 2015 ᠣᠨ ᠤ ᠨᠠᠮᠤᠷ ᠤᠨ ᠲᠣᠮᠣ ᠬᠡᠯᠪᠡᠷᠢ ᠶᠢᠨ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ 9 ᠳ᠋ᠦ᠋ᠭᠡᠷ ᠰᠠᠷ᠎ᠠ ᠶᠢᠨ 19᠎ ᠤ ᠡᠳᠦᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠬᠦ ᠪᠣᠯᠣᠨ᠎ᠠ᠃ ︽ᠲᠠᠯ᠎ᠠ ᠨᠤᠲᠤᠭ ᠤᠨ ᠴᠢᠳᠠᠪᠤᠷᠢᠲᠠᠨ︾᠎ ᠤ ᠢᠨᠵᠧᠨᠧᠷᠢᠩ ᠢ ᠥᠷᠭᠡᠵᠢᠭᠦᠯᠬᠦ ᠪᠠᠷ ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠬᠢᠭᠡᠳ ᠠᠵᠤ ᠦᠢᠯᠡᠰ ᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠰᠤᠷᠭᠠᠭᠤᠯᠢ ᠠᠴᠠ ᠲᠡᠭᠦᠰᠦᠭᠰᠡᠳ ᠪᠣᠯᠣᠨ ᠡᠯ᠎ᠡ ᠲᠥᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠠᠬᠢᠭᠤᠯᠬᠤ ᠪᠣᠯᠣᠨ᠎ᠠ᠃ ᠴᠤᠭᠯᠠᠭᠠᠨ ᠳᠤ 150 ᠳᠡᠯᠭᠡᠨ ᠦᠵᠡᠭᠦᠯᠬᠦ ᠪᠠᠶᠢᠷᠢ ᠭᠠᠷᠭᠠᠬᠤ ᠪᠠᠷ ᠵᠢᠱᠢᠵᠦ᠂ ᠣᠷᠣᠨ ᠤ ᠲᠣᠲᠣᠷ᠎ᠠ ᠭᠠᠳᠠᠨᠠᠬᠢ ᠠᠯᠳᠠᠷᠰᠢᠯ ᠢᠶᠠᠷ ᠥᠨᠳᠥᠷ ᠪᠠ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠤᠯᠤᠰ ᠤᠨ ᠥᠮᠴᠢᠯᠡᠯᠲᠦ᠂ ᠨᠡᠶᠢᠲᠡ ᠶᠢᠨ ᠥᠮᠴᠢᠯᠡᠯᠲᠦ᠂ ᠬᠤᠪᠢ ᠣᠷᠣᠭᠤᠯᠬᠤ ᠳᠦᠷᠢᠮᠲᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠯᠠᠭᠤᠯᠤᠭᠰᠠᠨ᠂ ᠳᠡᠭᠡᠳᠦ ᠰᠢᠨ᠎ᠡ ᠮᠡᠷᠭᠡᠵᠢᠯ ᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠡᠷᠭᠡ ᠡᠯ᠎ᠡ ᠲᠥᠷᠥᠯ ᠤᠨ ᠬᠥᠮᠦᠨ ᠬᠡᠷᠡᠭᠯᠡᠬᠦ ᠨᠢᠭᠡᠴᠡ ᠶᠢ ᠤᠷᠢᠵᠤ ᠲᠠᠯᠠᠪᠠᠢ ᠳᠤ ᠣᠷᠣᠭᠤᠯᠤᠨ ᠤᠷᠢᠭᠤᠯᠵᠤ᠂ ᠵᠢᠱᠢᠯᠲᠡ ᠪᠠᠷ ᠡᠯ᠎ᠡ ᠲᠥᠷᠥᠯ ᠤᠨ ᠳᠤᠮᠳᠠ ᠳᠡᠭᠡᠳᠦ ᠳᠡᠰ ᠤᠨ ᠲᠤᠰᠬᠠᠶ ᠮᠡᠷᠭᠡᠵᠢᠯ᠂ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰ ᠬᠤᠭᠤᠴᠠᠭᠠᠨ ᠤ ᠬᠢ ᠪᠠ ᠥᠩᠭᠡᠷᠡᠭᠰᠡᠨ ᠬᠤᠭᠤᠴᠠᠭᠠᠨ ᠤ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠲᠦᠮᠡ ᠭᠠᠷᠤᠢ ᠬᠥᠮᠥᠨ ᠴᠤᠭᠯᠠᠭᠠᠨ ᠳᠤ ᠣᠷᠣᠯᠴᠠᠬᠤ ᠪᠣᠯᠣᠨ᠎ᠠ᠃ ᠠᠵᠢᠯ ᠡᠷᠢᠭᠰᠡᠳ ᠡᠷᠬᠡᠪᠰᠢ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠲᠠᠯᠠᠪᠠᠶ ᠳᠤ ᠣᠷᠣᠬᠤ ᠬᠡᠷᠡᠭᠲᠡᠢ᠃ ᠡᠭᠦᠨ ᠤ ᠬᠠᠮᠲᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠡᠩ ᠰᠠᠶᠢᠨ ᠦᠢᠯᠡᠴᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠴᠤᠭᠯᠠᠭᠠᠨ ᠣᠷᠣᠯᠴᠠᠬᠤ ᠨᠢᠭᠡᠴᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠂ ᠠᠵᠢᠯ ᠡᠷᠢᠭᠰᠡᠳ ᠠᠴᠠ ᠶᠠᠮᠠᠷᠪᠠ ᠬᠡᠯᠪᠡᠷᠢ ᠪᠠᠷ ᠶᠠᠮᠠᠷ ᠴᠦ ᠵᠠᠷᠤᠳᠠᠯ ᠬᠤᠷᠢᠶᠠᠵᠤ ᠪᠣᠯᠬᠤ ᠦᠭᠡᠶ ᠭᠡᠵᠦ ᠲᠤᠳᠤᠷᠬᠠᠢ ᠱᠠᠭᠠᠷᠳᠠᠪᠠ᠃      ᠴᠤᠭᠯᠠᠭᠠᠨ ᠤ ᠠᠶᠤᠯ ᠦᠭᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠳᠡᠭᠡᠳᠦ ᠰᠤᠷᠭᠠᠭᠤᠯᠢ ᠲᠡᠭᠦᠰᠦᠭᠰᠡᠳ ᠪᠣᠯᠣᠨ ᠠᠵᠢᠯ ᠡᠷᠢᠭᠰᠡᠳ ᠢ ᠪᠦᠯᠦᠭ᠂ ᠤᠳᠠᠭ᠎ᠠ ᠬᠤᠪᠢᠶᠠᠨ ᠲᠠᠯᠠᠪᠠᠶ ᠳᠤ ᠣᠷᠣᠭᠤᠯᠤᠨ᠎ᠠ᠂ ᠪᠣᠳᠠᠲᠠᠶ ᠴᠠᠭ ᠬᠤᠭᠤᠴᠠᠭ᠎ᠠ ᠨᠢ᠄ 8᠄ 30 — 9᠄ 30 ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ︔ 9᠄ 30 —10᠄ 30 ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ︔ 10:30᠎ ᠠᠴᠠ ᠬᠤᠶᠢᠰᠢ᠂ ᠪᠤᠰᠤᠳ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠭᠡᠳ ᠭᠠᠳᠠᠷ ᠣᠷᠣᠨ ᠤ ᠳᠡᠭᠡᠳᠦ ᠰᠤᠷᠭᠠᠭᠤᠯᠢ ᠵᠡᠷᠭᠡ ᠶᠢᠨ ᠬᠥᠮᠥᠰ ᠲᠠᠯᠠᠪᠠᠶ ᠳᠤ ᠣᠷᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号