ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠷᠠᠳᠢᠣ᠋ ᠨᠡᠪᠲᠡᠷᠡᠭᠦᠯᠭᠡ | ᠲᠧᠯᠸᠢᠰ ᠢ ᠡᠷᠦᠬᠡ ᠪᠤᠯᠭᠠᠨ ᠳᠤ ᠨᠡᠪᠲᠡᠷᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠰᠣᠨᠢᠨ ᠮᠡᠳᠡᠭᠡ | ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠭᠦᠯᠬᠦ ᠢᠨᠵᠧᠨᠧᠷᠢᠩ ᠢ ᠶᠡᠬᠡᠪᠡᠷ | ᠳᠥᠯᠭᠢᠨ ᠠᠬᠢᠭᠤᠯᠵᠤ᠂ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠣᠳᠣ ᠪᠠᠶᠢᠭ᠎ᠠ | ᠢᠨᠵᠧᠨᠧᠷᠢᠩ ᠤᠨ ᠲᠦᠷᠦᠯ ᠵᠦᠢᠯ ᠢ ᠬᠢᠯᠢ᠂ ᠬᠠᠷᠠᠭᠤᠯ ᠤᠨ ᠭᠠᠵᠠᠷ ᠲᠡᠰᠢ ᠦᠷᠭᠡᠳᠭᠡᠬᠦ ᠶᠢ ᠳᠥᠯᠭᠢᠨ ᠠᠬᠢᠭᠤᠯᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 20 ᠬᠢᠯᠢ ᠶᠢᠨ ᠬᠤᠰᠢᠭᠤᠨ ︵ᠬᠤᠲᠠ᠂ ᠲᠤᠭᠤᠷᠢᠭ︶ ᠤ | ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠠᠮᠤᠷᠬᠤ ᠶᠢ ᠪᠡᠶᠡᠯᠡᠭᠦᠯᠦᠭᠡᠳᠦᠢ ᠪᠠᠶᠢᠭᠰᠠᠨ 19 | ᠲᠦᠮᠡᠨ ᠮᠠᠯᠴᠢᠨ ᠲᠠᠷᠢᠶᠠᠴᠢᠨ ᠪᠣᠯᠤᠨ ᠪᠦᠬᠦ ᠬᠢᠯᠢ ᠶᠢᠨ ᠬᠠᠮᠠᠭᠠᠯᠠᠯᠲᠠ᠂ ᠬᠠᠷᠠᠭᠤᠯ ᠤᠨ ᠭᠠᠵᠠᠷ ᠤᠨ ᠳᠠᠷᠤᠭ᠎ᠠ | ᠪᠠᠶᠢᠯᠳᠤᠭᠴᠢᠳ ᠢ ᠪᠦᠬᠦᠨ ᠢ ᠬᠠᠮᠤᠷᠤᠭᠤᠯᠵᠤ ᠪᠤᠢ᠃ | ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠬᠦᠯᠬᠦ | ᠢᠨᠵᠧᠨᠧᠷᠢᠩ ᠪᠣᠯ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠲᠣᠰᠬᠤᠨ ᠪᠤᠯᠭᠠᠨ ᠳᠤ ᠷᠠᠳᠢᠣ᠋ | ᠲᠧᠯᠸᠢᠰ ᠨᠡᠪᠲᠡᠷᠡᠭᠦᠯᠬᠦ ᠶᠢᠨ ᠬᠢᠯᠢ ᠶᠢᠨ ᠬᠤᠰᠢᠭᠤ ︵ᠬᠤᠲᠠ᠂ ᠲᠤᠭᠤᠷᠢᠭ︶ ᠲᠡᠰᠢ ᠬᠢ ᠦᠷᠭᠦᠯᠵᠢᠯᠡᠯ᠂ | ᠦᠷᠭᠡᠳᠭᠡᠯ ᠪᠤᠯᠬᠤ ᠪᠦᠭᠡᠳ ᠮᠥᠨ ᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ | ᠬᠢᠵᠠᠭᠠᠷ ᠢᠶᠠᠨ ᠬᠥᠭᠵᠢᠭᠦᠯᠦᠨ ᠠᠷᠠᠳ ᠢ ᠪᠠᠶᠠᠵᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠮᠠᠨ ᠤ ᠣᠷᠣᠨ ᠤ ᠰᠣᠨᠢᠨ ᠮᠡᠳᠡᠭᠡ ᠬᠡᠪᠯᠡᠯ | ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠬᠦᠯᠬᠦ ᠢᠨᠵᠧᠨᠧᠷᠢᠩ ᠳᠤ ᠷᠠᠳᠢᠣ᠋ | ᠨᠡᠪᠲᠡᠷᠡᠭᠦᠯᠭᠡ ᠲᠧᠯᠸᠢᠰ ᠢ ᠡᠷᠦᠬᠡ ᠪᠤᠯᠭᠠᠨ ᠳᠤ ᠨᠡᠪᠲᠡᠷᠡᠭᠦᠯᠬᠦ ᠢᠨᠵᠧᠨᠧᠷᠢᠩ᠂ ᠷᠠᠳᠢᠣ᠋ ᠨᠡᠪᠲᠡᠷᠡᠭᠦᠯᠭᠡ ᠶᠢ ᠭᠠᠴᠠᠭ᠎ᠠ | ᠪᠣᠯᠭᠠᠨ ᠳᠤ ᠰᠤᠨᠤᠰᠬᠠᠬᠤ ᠢᠨᠵᠧᠨᠧᠷᠢᠩ᠂ ᠥᠪᠡᠷᠲᠡᠭᠡᠨ ᠵᠠᠰᠠᠬᠤ ᠣᠷᠣᠨ ᠤ ᠭᠠᠵᠠᠷ ᠳᠡᠭᠡᠷᠡᠬᠢ ᠲᠤᠭᠠᠴᠠᠯᠠᠭᠰᠡᠨ | ᠲᠧᠯᠸᠢᠰ ᠢᠶᠠᠷ ᠬᠠᠮᠤᠷᠬᠤ ᠢᠨᠵᠧᠨᠧᠷᠢᠩ᠂ ᠬᠡᠷᠡᠭᠯᠡᠭᠡᠨ ᠤ ᠰᠣᠳᠣᠨ ᠨᠣᠮ ᠪᠢᠴᠢᠭ ᠤᠳ ᠢ ᠮᠠᠯᠵᠢᠬᠤ ᠡᠷᠦᠬᠡ ᠳᠤ | ᠬᠦᠷᠦᠬᠦᠯᠬᠦ᠂ ᠲᠤᠭᠠᠴᠠᠯᠠᠭᠰᠠᠨ ᠨᠣᠮ ᠤᠨ ᠥᠷᠥᠭᠡ ᠭᠠᠷᠭᠠᠬᠤ ᠵᠡᠷᠭᠡ 8 ᠵᠦᠢᠯ ᠤᠨ ᠢᠨᠵᠧᠨᠧᠷᠢᠩ ᠪᠠᠭᠲᠠᠵᠤ | ᠪᠤᠢ᠃ | ᠢᠨᠵᠧᠨᠧᠷᠢᠩ ᠢ ᠬᠡᠷᠡᠭᠵᠢᠭᠦᠯᠬᠦ ᠲᠥᠯᠥᠪᠯᠡᠭᠡ ᠶᠣᠰᠣᠭᠠᠷ᠂ 2015 ᠣᠨ ᠳᠤ ᠮᠠᠨ ᠤ ᠣᠷᠣᠨ 20 | ᠬᠢᠯᠢ ᠶᠢᠨ ᠬᠤᠰᠢᠭᠤᠨ ︵ᠬᠤᠲᠠ᠂ ᠲᠤᠭᠤᠷᠢᠭ︶ ᠳᠠᠬᠢ 11 ᠬᠤᠰᠢᠭᠤᠨ ︵ᠬᠤᠲᠠ᠂ ᠲᠣᠭᠤᠷᠢᠭ︶ ᠤ ᠮᠠᠯᠴᠢᠨ | ᠲᠠᠷᠢᠶᠠᠴᠢᠨ ᠬᠡᠷᠡᠭᠯᠡᠭᠴᠢ ᠳᠤ 5.814 ᠲᠦᠮᠡᠨ ᠢᠵᠢ ᠵᠢᠴᠢ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ᠂ | ᠪᠣᠭᠤᠮᠲᠠ ᠳᠤ 1.5587 ᠲᠦᠮᠡᠨ ᠢᠵᠢ ᠰᠢᠭᠤᠳ ᠨᠡᠪᠲᠡᠷᠡᠭᠦᠯᠬᠦ ᠳᠠᠭᠠᠭᠤᠯᠢ ᠣᠳᠣᠨ ᠬᠦᠯᠢᠶᠡᠨ ᠠᠪᠬᠤ | ᠲᠥᠬᠦᠭᠡᠷᠦᠮᠵᠢ ᠲᠠᠷᠬᠠᠭᠠᠬᠤ ᠠᠵᠢᠯ ᠢ ᠪᠡᠶᠡᠯᠡᠭᠦᠯᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠦᠡᠭᠭᠦ ᠶᠢ 3612. | 623 ᠲᠦᠮᠡᠨ ᠲᠥᠭᠦᠷᠢᠭ ᠤᠷᠤᠭᠤᠯᠬᠤ ᠪᠠᠷ ᠲᠦᠯᠦᠪᠯᠡᠪᠡ︔ 19 ᠬᠢᠯᠢ ᠶᠢᠨ ᠬᠤᠰᠢᠭᠤᠨ ︵ᠬᠤᠲᠠ᠂ | ᠲᠤᠭᠤᠷᠢᠭ︶ ᠳᠤ ᠲᠥᠪ ᠤᠨ ᠭᠠᠵᠠᠷ ᠳᠡᠭᠡᠷᠡᠬᠢ ᠲᠤᠭᠠᠴᠠᠯᠠᠭᠰᠡᠨ ᠲᠧᠯᠸᠢᠰ ᠰᠠᠴᠤᠷᠠᠭᠤᠯᠬᠤ ᠮᠠᠰᠢᠨ 92 ᠢᠵᠢ᠂ | ᠲᠥᠪ ᠤᠨ ᠮᠣᠩᠭᠤᠯ ᠬᠡᠯᠡᠨ ᠤ ᠰᠡᠯᠭᠦᠭᠡ ᠳᠠᠪᠲᠠᠮᠵᠢ ᠶᠢᠨ ᠰᠠᠴᠤᠷᠠᠭᠤᠯᠬᠤ ᠮᠠᠰᠢᠨ 16 ᠵᠢᠴᠢ ᠠᠨᠲ᠋ᠢᠨ᠎ᠠ ᠶᠢᠨ | ᠳᠠᠮᠵᠢᠭᠤᠯᠤᠭᠠᠰᠤ ᠶᠢᠨ ᠰᠢᠰᠲ᠋ᠧᠮ ᠪᠤᠯᠤᠨ ᠳᠠᠭᠠᠯᠲᠠ ᠲᠥᠬᠦᠭᠡᠷᠦᠮᠵᠢ ᠪᠦᠲᠦᠭᠡᠨ ᠪᠠᠶᠢᠭᠤᠯᠬᠤ ᠪᠠᠷ ᠲᠦᠯᠦᠪᠯᠡᠵᠤ᠂ | 8352 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠤᠷᠤᠭᠤᠯᠬᠤ ᠪᠠᠷ ᠲᠦᠯᠦᠪᠯᠡᠪᠡ᠃ | 2016 ᠤᠨ ᠤ ᠡᠴᠦᠰ ᠪᠤᠯᠲᠠᠯ᠎ᠠ᠂ ᠢᠨᠵᠧᠨᠧᠷᠢᠩ ᠵᠢᠱᠢᠯᠲᠡ ᠪᠠᠷ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ 2.1768 ᠳ᠋ᠦᠡᠭᠰᠢᠭᠤᠷ ᠲᠥᠭᠦᠷᠢᠭ ᠤᠷᠤᠭᠤᠯᠬᠤ ᠪᠤᠯᠤᠨ᠎ᠠ᠃ ᠬᠢᠯᠢ ᠶᠢᠨ ᠮᠠᠯᠴᠢᠳ ᠤᠳᠤᠨ | ᠲᠧᠯᠸᠢᠰ ᠤᠨ ᠪᠠ ᠲᠤᠰ ᠭᠠᠵᠠᠷ ᠣᠷᠣᠨ ᠤ ᠪᠠᠨ ᠭᠠᠵᠠᠷ ᠳᠡᠭᠡᠷᠡᠬᠢ ᠲᠤᠭᠠᠴᠠᠯᠠᠭᠰᠠᠨ ᠲᠧᠯᠸᠢᠰ ᠤᠨ 57 ᠫᠷᠦᠭᠷᠡᠮ ᠢ | ᠰᠦᠢᠳᠭᠡᠯ ᠲᠤᠰᠢᠶᠡᠬᠤ ᠦᠭᠡᠢ ᠪᠠᠷ ᠣᠯᠵᠤ ᠦᠵᠡᠨ᠂ 40 ᠷᠠᠳᠢᠣ᠋ ᠫᠷᠦᠭᠷᠠᠮ ᠢ ᠰᠣᠨᠣᠰᠴᠤ ᠳᠡᠶᠢᠯᠬᠦ ᠪᠤᠯᠤᠨ᠎ᠠ᠃ | ᠡᠭᠦᠨ ᠤ ᠬᠠᠮᠲᠤ᠂ ᠬᠢᠯᠢ ᠶᠢᠨ ᠷᠠᠳᠢᠣ᠋ ᠨᠡᠪᠲᠡᠷᠡᠭᠦᠯᠭᠡ ᠲᠧᠯᠸᠢᠰ ᠰᠠᠴᠤᠷᠠᠭᠤᠯᠬᠤ ᠬᠤᠷᠢᠶ᠎ᠠ ᠦᠷᠲᠡᠭᠡ ᠶᠢᠨ ᠠᠵᠢᠯ᠂ | ᠠᠮᠢᠳᠤᠷᠠᠯ ᠤᠨ ᠨᠥᠬᠦᠴᠡᠯ ᠤᠯᠠᠮ ᠨᠢᠭᠡ ᠠᠯᠬᠤᠮ ᠰᠠᠶᠢᠵᠢᠷᠠᠵᠤ᠂ ᠷᠠᠳᠢᠣ᠋ ᠨᠡᠪᠲᠡᠷᠡᠭᠦᠯᠭᠡ ᠲᠧᠯᠸᠢᠰ ᠢ ᠠᠮᠤᠷ | ᠲᠦᠪᠰᠢᠨ ᠨᠡᠪᠲᠡᠷᠡᠭᠦᠯᠬᠦ ᠶᠠᠪᠤᠳᠠᠯ ᠨᠡᠩ ᠨᠠᠶᠢᠳᠠᠪᠤᠷᠢᠲᠠᠶ ᠪᠠᠲᠤᠯᠠᠭ᠎ᠠ ᠲᠠᠢ ᠪᠤᠯᠵᠤ᠂ ᠭᠠᠵᠠᠷ ᠳᠡᠭᠡᠷᠡᠬᠢ ᠷᠠᠳᠢᠣ᠋ | ᠨᠡᠪᠲᠡᠷᠡᠭᠦᠯᠭᠡ ᠲᠧᠯᠸᠢᠰ ᠫᠷᠦᠭᠷᠡᠮ ᠢ ᠳᠠᠭᠤᠷᠢᠶᠠᠮᠠᠯ ᠪᠠᠶᠢᠭᠰᠠᠨ ᠠᠴᠠ ᠨᠢ ᠲᠤᠭᠠᠴᠠᠯᠠᠭᠰᠠᠨ ᠲᠡᠰᠢ ᠰᠢᠯᠵᠢᠭᠦᠯᠦᠨ᠂ | ᠦᠨᠳᠦᠰᠦᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ᠂ | ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠵᠢᠯᠤᠭᠤᠳᠬᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ | ᠠᠷᠭᠠᠴᠠᠬᠤ ᠵᠡᠷᠭᠡ ᠠᠵᠢᠯ ᠳᠤ᠂ ︽ᠡᠴᠦᠰ ᠤᠨ ᠨᠢᠭᠡ ᠺᠢᠯᠣᠮᠧᠲᠷ︾ ᠤᠨ ᠮᠡᠳᠡᠭᠡ ᠵᠠᠩᠭᠢ ᠳᠠᠮᠵᠢᠭᠤᠯᠬᠤ ᠵᠠᠮ ᠢ | ᠨᠡᠭᠡᠭᠡᠵᠤ ᠦᠭᠭᠦ ᠪᠤᠯᠤᠨ᠎ᠠ᠃ |