ᠥᠪᠥᠷ ᠮᠣᠩᠭᠤᠯ ᠱᠠᠨᠰᠢ ᠨᠢᠩᠰᠢᠶᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭ᠎ᠠ ᠪᠠᠶᠢᠭᠤᠯᠵᠤ  ᠮᠠᠨ ᠤ ᠣᠷᠣᠨ ᠤ 8 ᠶᠡᠭᠡ ᠰᠤᠷᠭᠠᠭᠤᠯᠢ ᠣᠷᠣᠪᠠ
ᠨᠡᠶᠢᠲᠡᠯᠡᠭᠰᠡᠨ ᠴᠠᠭ᠄
2015/8/4
     8 ᠳ᠋ᠤᠭᠠᠷ ᠰᠠᠷ᠎ᠠ ᠶᠢᠨ 3᠎ ᠤ ᠡᠳᠦᠷ᠂ ᠬᠥᠬᠡᠬᠤᠲᠠ ᠪᠣᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠭᠤᠷᠪᠠᠳᠤᠭᠠᠷ ᠬᠤᠭᠤᠴᠠᠭᠠᠨ ᠤ ᠬᠤᠲᠠ ᠶᠢᠨ ᠳᠠᠷᠤᠭ᠎ᠠ ᠨᠡᠷ ᠤᠨ ᠬᠠᠮᠲᠤᠷᠠᠭᠰᠠᠨ ᠬᠤᠷᠠᠯᠳᠤᠭᠠᠨ ᠳᠡᠭᠡᠷ᠎ᠡ᠂ ᠥᠪᠥᠷ ᠮᠣᠩᠭᠤᠯ᠂ ᠱᠠᠨᠰᠢ᠂ ᠨᠢᠩᠰᠢᠶᠠ ᠬᠠᠮᠲᠤ ᠪᠠᠷ ︽ᠬᠥᠬᠡᠬᠤᠲᠠ ᠪᠣᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠳᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ︵ᠳᠣᠷᠣᠭᠰᠢ ︽ᠵᠥᠪᠯᠡᠯᠴᠡᠭᠡᠷ︾ ᠭᠡᠵᠦ ᠲᠣᠪᠴᠢᠯᠠᠨ᠎ᠠ︶᠎ ᠲᠤ ᠭᠠᠷ ᠤᠨ ᠦᠰᠦᠭ ᠵᠢᠷᠤᠵᠤ᠂ ︽ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭ᠎ᠠ︾᠎ ᠢ ᠪᠠᠶᠢᠭᠤᠯᠪᠠ᠃ ᠡᠭᠦᠨ ᠤ ᠵᠡᠷᠭᠡᠴᠡᠭᠡᠪᠡᠷ ᠠᠩᠬᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠵᠠᠬᠢᠷᠤᠯ ᠤᠨ ᠶᠠᠷᠢᠶᠠᠨ ᠤ ᠲᠠᠪᠴᠠᠩ ᠢ ᠡᠷᠬᠢᠯᠡᠪᠡ᠃      ︽ᠵᠥᠪᠯᠡᠯᠴᠡᠭᠡᠷ︾᠎ ᠤᠨ ᠪᠣᠷᠣ ᠲᠥᠯᠥᠪ ᠠᠭᠤᠯᠭ᠎ᠠ ᠶᠢ ᠦᠨᠳᠦᠰᠦᠯᠡᠪᠡᠯ᠂ ᠬᠥᠬᠡᠬᠤᠲᠠ ᠪᠣᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ ᠳᠤ ᠬᠤᠯᠪᠣᠭᠳᠠᠭᠰᠠᠨ ᠥᠪᠥᠷ ᠮᠣᠩᠭᠤᠯ᠂ ᠱᠠᠨᠰᠢ᠂ ᠨᠢᠩᠰᠢᠶᠠ ᠶᠢᠨ ᠡᠯ᠎ᠡ ᠬᠤᠲᠠ ᠬᠠᠮᠲᠤᠪᠠᠷ ᠣᠷᠣᠨ ᠪᠦᠰᠡ ᠶᠢᠨ ᠳᠣᠲᠣᠷᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠷᠭ᠎ᠠ ᠪᠣᠳᠣᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠵᠤ᠂ ᠣᠷᠣᠨ ᠪᠦᠰᠡ ᠶᠢᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠲᠧᠭᠨᠢᠭ ᠮᠡᠷᠭᠡᠵᠢᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠰᠢᠨ᠎ᠡ ᠲᠣᠭᠲᠠᠴᠠ ᠪᠠ ᠰᠢᠨ᠎ᠡ ᠬᠡᠪ ᠵᠠᠭᠪᠤᠷ ᠢ ᠵᠥᠪᠳᠡᠯᠴᠡᠵᠦ᠂ ᠣᠷᠣᠨ ᠪᠦᠰᠡ ᠶᠢᠨ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠬᠤᠭᠤᠷᠣᠨᠳᠤ ᠪᠠᠨ ᠵᠢᠭᠠᠨ ᠰᠤᠷᠭᠠᠬᠤ ᠰᠤᠳᠤᠯᠤᠯ ᠶᠠᠷᠢᠯᠴᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠪᠠ ᠡᠬᠢ ᠪᠠᠶᠠᠯᠢᠭ ᠢ ᠬᠠᠮᠲᠤ ᠪᠠᠷ ᠬᠦᠷᠲᠡᠬᠦ ᠵᠡᠷᠭᠡ ᠣᠯᠠᠨ ᠳᠡᠰ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠬᠢᠬᠦ ᠶᠢ ᠳᠡᠮᠵᠢᠵᠦ᠂ ᠣᠷᠣᠨ ᠪᠦᠰᠡ ᠶᠢᠨ ᠲᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠮᠤᠵᠢ ᠬᠤᠲᠠ ᠠᠯᠤᠰᠯᠠᠨ ᠰᠤᠷᠤᠭᠴᠢ ᠡᠯᠰᠡᠬᠦ᠂ ᠠᠵᠢᠯ ᠣᠯᠭᠤᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ᠂ ᠣᠷᠣᠨ ᠪᠦᠰᠡ ᠶᠢᠨ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠬᠤᠭᠤᠷᠣᠨᠳᠤ ᠪᠠᠨ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠨ ᠰᠣᠯᠢᠯᠴᠠᠭ᠎ᠠ ᠬᠢᠬᠦ᠂ ᠭᠤᠣᠯᠯᠠᠭᠴᠢ ᠪᠠᠭᠰᠢ ᠨᠡᠷ ᠤᠨ ᠬᠠᠷᠢᠯᠴᠠᠨ ᠠᠶᠢᠯᠴᠢᠯᠠᠬᠤ ᠵᠡᠷᠭᠡ ᠶᠢ ᠳᠡᠮᠵᠢᠬᠦ ᠪᠣᠯᠣᠨ᠎ᠠ᠃ ᠣᠶᠢᠯᠠᠭᠠᠭᠰᠠᠨ ᠢᠶᠠᠷ᠂ ᠲᠤᠰ ᠤᠳᠠᠭ᠎ᠠ ᠥᠪᠥᠷ ᠮᠣᠩᠭᠤᠯ ᠤᠨ ᠨᠡᠶᠢᠲᠡ 8 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︽ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭ᠎ᠠ︾᠎ ᠳᠤ ᠣᠷᠣᠵᠠᠢ᠃      ᠣᠶᠢᠷ᠎ᠠ ᠶᠢᠨ ᠵᠢᠯ ᠳᠤ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠤᠭᠰᠠᠨ ᠪᠠᠶᠢᠨ᠎ᠠ᠃ 2014 ᠣᠨ ᠤ ᠵᠢᠯ ᠤᠨ ᠡᠴᠦᠰ ᠪᠣᠯᠲᠠᠯ᠎ᠠ᠂ ᠥᠪᠥᠷ ᠮᠣᠩᠭᠤᠯ ᠳᠤ ᠡᠩ ᠤᠨ ᠳᠡᠭᠡᠳᠦ ᠰᠤᠷᠭᠠᠭᠤᠯᠢ ᠨᠡᠶᠢᠲᠡ 50 ᠪᠠᠶᠢᠵᠣ᠂ ᠡᠭᠦᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 35 ᠪᠠᠶᠢᠬᠤ ᠪᠥᠭᠡᠳ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠭ᠎ᠠ 17 ᠲᠦᠮᠡᠨ ᠬᠥᠮᠦᠨ ᠪᠠᠶᠢᠵᠤ᠂ ᠲᠤᠰᠬᠠᠶ ᠪᠠᠭᠰᠢ 0.9 ᠲᠦᠮᠡᠨ ᠬᠥᠮᠦᠨ ᠪᠠᠶᠢᠨ᠎ᠠ᠃ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠨᠢ 19 ᠶᠡᠭᠡ ᠲᠥᠷᠥᠯ ᠢ ᠬᠠᠮᠤᠷᠴᠤ᠂ 66 ᠲᠤᠰᠬᠠᠶ ᠲᠥᠷᠥᠯ᠂ 278 ᠲᠥᠷᠥᠯ ᠲᠤᠰᠬᠠᠶ ᠮᠡᠷᠭᠡᠵᠢᠯ᠂ 1000 ᠭᠠᠷᠤᠶ ᠲᠤᠰᠬᠠᠶ ᠴᠢᠭ᠋ ᠎ ᠲᠠᠢ ᠬᠤᠯᠪᠣᠭᠳᠠᠭᠰᠠᠨ ᠪᠥᠭᠡᠳ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠯᠢᠳᠡᠭ ᠬᠢᠴᠢᠶᠡᠯ ᠲᠥᠷᠥᠯ 308᠎ ᠶᠢ ᠭᠠᠷᠭᠠᠬᠰᠠᠠ ᠪᠠᠶᠢᠨ᠎ᠠ᠃ ᠪᠦᠬᠦ ᠣᠷᠣᠨ ᠳᠤ ᠤᠯᠤᠰ ᠤᠨ ᠵᠢᠱᠢᠶ᠎ᠡ ᠦᠵᠡᠭᠦᠯᠬᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2 ᠪᠠᠶᠢᠬᠤ ᠪᠠ ᠤᠯᠤᠰ ᠤᠨ ᠭᠤᠣᠯᠯᠠᠭᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 2 ᠪᠣᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠱᠠᠨᠰᠢ᠂ ᠨᠢᠩᠰᠢᠶᠠ ᠬᠤᠶᠠᠷ ᠮᠤᠵᠢ ᠣᠷᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠣᠷᠣᠨ ᠪᠦᠰᠡ ᠶᠢᠨ ᠲᠣᠲᠣᠷᠠᠬᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ᠂ ᠬᠥᠮᠥᠵᠢᠭᠦᠯᠬᠦ᠂ ᠰᠤᠷᠤᠯᠴᠠᠬᠤ᠂ ᠠᠵᠢᠯ ᠣᠯᠭᠤᠬᠤ ᠵᠡᠷᠭᠡ ᠡᠯ᠎ᠡ ᠵᠦᠢᠯ ᠤᠨ ᠬᠠᠮᠵᠢᠯᠴᠠᠭ᠎ᠠ ᠶᠢ ᠥᠷᠨᠢᠭᠦᠯᠵᠦ᠂ ᠮᠤᠵᠢ ᠶᠢᠨ ᠬᠤᠭᠤᠷᠣᠨᠳᠣᠬᠢ ᠪᠠ ᠰᠤᠷᠭᠠᠭᠤᠯᠢ ᠶᠢᠨ ᠬᠤᠭᠤᠷᠣᠨᠳᠣᠬᠢ ᠵᠠᠭᠠᠭ ᠢ ᠰᠢᠪᠲᠤᠯᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠶᠢ ᠬᠠᠮᠵᠢᠯᠴᠠᠨ ᠥᠷᠨᠢᠭᠦᠯᠬᠦ ᠪᠠᠷ ᠪᠠᠶᠢᠨ᠎ᠠ᠃
 
ᠢᠷᠡᠯᠲᠡ᠄ ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号