ᠯᠢ ᠫᠧᠩ ᠰᠢᠨ ᠳᠤᠮᠳᠠᠳᠤ ᠤᠯᠤᠰ ᠤᠨ ᠵᠠᠯᠠᠭᠤ ᠠᠵᠤ ᠠᠬᠤᠢᠢᠯᠠᠯᠳᠠᠠ ᠤ ᠨᠡᠶᠢᠭᠡᠮᠯᠢᠭ ᠤᠨ ᠭᠤᠣᠯ ᠰᠡᠳᠦᠪᠲᠦ ᠲᠠᠨᠢᠯᠴᠠᠭᠤᠯᠬᠤ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2015/8/5
     8 ᠳ᠋ᠤᠭᠠᠷ ᠰᠠᠷ᠎ᠠ ᠶᠢᠨ 4᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠡᠪ ᠬᠠᠮᠳᠦ ᠵᠠᠯᠠᠭᠤᠴᠤᠳ ᠤᠨ ᠡᠪᠯᠠᠯ ᠤᠨ ᠬᠤᠷᠢᠶ᠎ᠠ ᠵᠡᠷᠬᠡ ᠰᠠᠯᠠᠭ᠎ᠠ ᠮᠦᠴᠢᠷ ᠤᠨ ᠭᠤᠤᠯᠯᠠᠨ ᠡᠷᠬᠢᠯᠡᠭᠰᠡᠨ ᠳᠤᠮᠳᠠᠳᠤ ᠤᠯᠤᠰ ᠤᠨ ᠵᠠᠯᠠᠭᠤ ᠠᠵᠤ ᠠᠬᠤᠢᠢᠯᠠᠯᠳᠠᠨ ᠤ ᠨᠡᠶᠢᠭᠡᠮᠯᠢᠭ ᠤᠨ ᠭᠤᠤᠯ ᠰᠡᠳᠤᠪᠳᠤ ᠰᠢᠨᠵᠢᠯᠠᠨ ᠪᠠᠶᠢᠴᠠᠭᠠᠬᠤ ᠠᠵᠢᠯᠯᠠᠭ᠎ᠠ ᠶᠢᠨ ᠲᠠᠨᠢᠯᠴᠠᠭᠤᠯᠬᠤ ᠬᠤᠷᠠᠯ ᠬᠦᠬᠡᠬᠤᠳᠠ ᠳᠤ ᠶᠠᠪᠤᠬᠳᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠯᠢ ᠫᠧᠩ ᠰᠢᠨ ᠲᠠᠨᠢᠯᠴᠠᠭᠤᠯᠬᠤ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ᠃      ᠯᠢ ᠫᠧᠩ ᠰᠢᠨ ᠵᠢᠭᠠᠵᠣ ᠭᠠᠷᠭᠠᠭᠰᠠᠨ ᠨᠢ᠂ ᠡ᠊ᠨᠡ ᠤᠳᠠᠭ᠎ᠠ ᠶᠢᠨ ᠲᠠᠨᠢᠯᠴᠠᠭᠤᠯᠬᠤ ᠬᠤᠷᠠᠯ ᠪᠤᠯ ᠡᠪ ᠬᠠᠮᠳᠤ ᠵᠠᠯᠠᠭᠤᠴᠤᠳ ᠤᠨ ᠡᠪᠯᠠᠯ ᠤᠨ ᠲᠦᠪ ᠬᠤᠷᠢᠶ᠎ᠠ ᠶᠢᠨ ᠬᠦᠴᠤᠳᠠᠢ ᠲᠡᠮᠵᠢᠯᠬᠡ ᠲᠤᠤᠷ᠎ᠠ ᠶᠠᠪᠤᠬᠳᠠᠬᠰᠠᠨ ᠶᠤᠮ᠂ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠷ ᠠᠶᠢᠯᠴᠢᠯᠠᠵᠤ᠂ ᠤᠮᠠᠷᠠᠳᠤ ᠶᠢᠨ ᠦᠵᠡᠮᠵᠢ ᠶᠢᠨ ᠤᠷᠤᠨ ᠢ ᠬᠠᠮᠳᠤᠪᠡᠷ ᠴᠤᠬᠴᠠᠯᠠᠬᠤ︾ ᠬᠡᠬᠦ ᠭᠤᠤᠯ ᠰᠡᠳᠤᠪ ᠤᠨ ᠳᠤᠭᠤᠷᠢᠨ ᠳᠤ᠂ ᠤᠷᠤᠨ ᠤ ᠳᠤᠳᠤᠷ᠎ᠠ ᠭᠠᠳᠠᠨᠠᠬᠢ ᠵᠠᠭᠤᠨ ᠰᠢᠯᠢᠳᠡᠭ ᠵᠠᠯᠠᠭᠤ ᠠᠵᠤ ᠠᠬᠤᠢᠢᠯᠠᠯᠳᠠᠨ ᠢ ᠵᠤᠬᠢᠶᠠᠨ ᠪᠠᠶᠢᠭᠤᠯᠵᠤ ᠬᠦᠬᠡᠬᠤᠳᠠ᠂ ᠤᠯᠠᠭᠠᠨᠴᠠᠪ ᠬᠤᠳᠠ᠂ ᠰᠢᠯᠢ ᠶᠢᠨ ᠭᠤᠤᠯ ᠠᠶᠢᠮᠠᠬ ᠢᠶᠠᠷ 4 ᠡᠳᠤᠷ ᠤᠨ ᠬᠤᠭᠤᠴᠠᠭ᠎ᠠ ᠲᠠᠢ ᠰᠢᠨᠵᠢᠯᠠᠨ ᠪᠠᠶᠢᠴᠠᠭᠠᠬᠤ ᠠᠵᠢᠯᠯᠠᠭ᠎ᠠ ᠦᠷᠨᠢᠬᠦᠯᠵᠤ᠂ ᠦᠪᠤᠷ ᠮᠤᠩᠭᠤᠯ ᠤᠨ ᠠᠵᠤ ᠠᠬᠤᠢ ᠬᠦᠭᠵᠢᠭᠰᠡᠨ᠂ ᠦᠨᠳᠤᠰᠤᠳᠠᠨ ᠨᠦᠭᠦᠳ ᠪᠦᠯᠬᠦᠮᠳᠡᠭᠰᠡᠨ᠂ ᠰᠤᠶᠤᠯ ᠬᠦᠭᠵᠢᠨ ᠴᠡᠴᠡᠭᠯᠡᠭᠰᠡᠨ᠂ ᠬᠢᠯᠢ ᠬᠢᠵᠠᠭᠠᠷ ᠠᠮᠤᠷ ᠳᠤᠬᠳᠠᠭᠤᠨ᠂ ᠠᠮᠢ ᠠᠬᠤᠢ ᠪᠤᠯᠪᠠᠰᠤᠨ᠂ ᠦᠨᠳᠤᠰᠤᠳᠠᠨ ᠨᠦᠭᠦᠳ ᠤᠨ ᠠᠷᠠᠳ ᠲᠦᠮᠡᠨ ᠵᠤᠯ ᠵᠢᠷᠭᠠᠯ ᠲᠠᠢ ᠠᠮᠢᠳᠤᠷᠠᠬᠰᠠᠨ ᠵᠢᠷᠭᠤᠭᠠᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠪᠤᠯᠤᠨ ᠤᠮᠠᠷᠠᠳᠤ ᠶᠢᠨ ᠦᠨᠳᠤᠰᠤᠨ ᠱᠠᠳᠤᠨ ᠤ ᠨᠠᠮ ᠤᠨ ᠪᠠᠶᠢᠭᠤᠯᠤᠯᠳᠠ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠤ ᠪᠠᠶᠢᠭᠤᠯᠤᠯᠳᠠ ᠶᠢᠨ ᠴᠢᠬᠤᠯᠠ ᠦᠷ᠎ᠠ ᠪᠦᠳᠤᠬᠡᠯ ᠢ ᠤᠬᠠᠭᠤᠯᠵᠤ᠂ ᠵᠠᠯᠠᠭᠤ ᠠᠵᠤ ᠠᠬᠤᠢᠢᠯᠠᠯᠳᠠᠨ ᠤ ᠦᠪᠤᠷ ᠮᠤᠩᠭᠤᠯ ᠤᠨ ᠳᠤᠬᠠᠢ ᠲᠠᠨᠢᠯᠳᠠ ᠪᠤᠯᠤᠨ ᠤᠢᠢᠯᠠᠭᠠᠯᠳᠠ ᠶᠢ ᠴᠢᠨᠠᠬᠰᠢᠳᠠ ᠬᠦᠨᠵᠡᠬᠡᠶᠢᠷᠡᠬᠦᠯᠵᠤ᠂ ᠬᠠᠮᠳᠤᠷᠠᠯᠴᠠᠭ᠎ᠠ ᠬᠦᠭᠵᠢᠯᠳᠠ ᠶᠢ ᠠᠬᠢᠭᠤᠯᠬᠤ᠂ ᠬᠠᠮᠳᠤ ᠪᠠᠷ ᠠᠰᠢᠬ ᠬᠦᠷᠳᠡᠬᠦ ᠳᠤ ᠲᠠᠪᠴᠠᠩ ᠪᠠᠶᠢᠭᠤᠯᠵᠤ ᠦᠭᠬᠦ ᠪᠤᠯᠤᠨ᠎ᠠ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号