| 8 ᠳ᠋ᠤᠭᠠᠷ ᠰᠠᠷ᠎ᠠ ᠶᠢᠨ 4 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ | ᠮᠡᠳᠡᠭᠡ ᠶᠢᠨ ᠠᠯᠪᠡᠨ ᠭᠡᠷ ᠠᠴᠠ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠤ᠂ ︽ᠦᠪᠦᠷ ᠮᠤᠩᠭᠤᠯ ᠤᠨ ᠴᠠᠬᠢᠯᠭᠠᠨ | ᠱᠠᠳᠤ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠷᠭ᠎ᠠ︾ ᠶᠢ ᠨᠡᠶᠢᠳᠡᠯᠡᠵᠤ ᠬᠡᠷᠡᠭᠵᠢᠭᠦᠯᠦᠭᠰᠡᠨ ᠴᠢᠬᠤᠯᠠ | ᠴᠢᠨᠠᠷ᠂ ᠲᠤᠬᠳᠠᠭᠠᠭᠰᠡᠨ ᠦᠨᠳᠦᠰᠦᠯᠡᠯ ᠪᠠ ᠭᠤᠤᠯᠳᠠᠯᠭ᠎ᠠ ᠲᠠᠢ ᠭᠡᠳᠦᠨ ᠲᠠᠯ᠎ᠠ ᠳᠤ ᠲᠠᠶᠢᠯᠪᠤᠷᠢᠯᠠᠯᠳᠠ ᠬᠢᠭᠰᠡᠨ | ᠪᠠᠶᠢᠨ᠎ᠠ᠃ | ︽ᠦᠪᠦᠷ ᠮᠤᠩᠭᠤᠯ ᠤᠨ ᠴᠠᠬᠢᠯᠭᠠᠨ ᠱᠠᠳᠤ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠷᠭ᠎ᠠ︾ ᠶᠢ | 2015 ᠤᠨ ᠤ 6 ᠳ᠋ᠤᠭᠠᠷ ᠰᠠᠷ᠎ᠠ ᠶᠢᠨ 17 ᠤ ᠡᠳᠦᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠲᠦᠴᠢᠨ ᠲᠤᠯᠤᠳᠤᠭᠠᠷ ᠤᠳᠠᠭ᠎ᠠ ᠶᠢᠨ ᠪᠠᠶᠢᠡᠭᠭᠤ ᠶᠢᠨ ᠭᠡᠰᠢᠭᠦᠳ ᠤᠨ ᠬᠤᠷᠠᠯ ᠠᠴᠠ ᠬᠢᠨᠡᠨ | ᠵᠦᠪᠰᠢᠶᠡᠷᠡᠵᠤ᠂ 2015 ᠤᠨ ᠤ 8 ᠳ᠋ᠤᠭᠠᠷ ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠪᠡ᠃ ᠲᠤᠰ ︽ | ᠬᠠᠮᠢᠶᠠᠷᠤᠯᠳᠠ ᠶᠢᠨ ᠠᠷᠭ᠎ᠠ︾ ᠶᠢ ᠨᠡᠶᠢᠳᠡᠯᠡᠵᠤ ᠬᠡᠷᠡᠭᠵᠢᠭᠦᠯᠦᠭᠰᠡᠨ ᠨᠢ ᠴᠠᠬᠢᠯᠭᠠᠨ ᠱᠠᠳᠤ ᠶᠢᠨ ᠦᠢᠯᠡᠳᠪᠦᠷᠢᠯᠡᠯ | ᠡᠵᠡᠩᠨᠡᠯᠳᠠ᠂ ᠬᠤᠳᠠᠯᠳᠤᠨ ᠠᠪᠬᠤ᠂ ᠰᠡᠯᠪᠢᠨ ᠵᠠᠰᠠᠵᠤ ᠬᠠᠮᠢᠶᠠᠷᠬᠤ᠂ ᠬᠡᠷᠡᠭᠯᠡᠭᠦ᠂ ᠬᠢᠨᠡᠨ ᠪᠠᠶᠢᠴᠠᠭᠠᠯᠳᠠ ᠬᠢᠭᠦ ᠵᠡᠷᠭᠡ | ᠬᠤᠯᠪᠤᠬᠳᠠᠯ ᠪᠦᠭᠦᠢ ᠨᠢᠭᠡᠴᠠ ᠶᠢᠨ ᠬᠠᠷᠢᠭᠤᠴᠠᠯᠭ᠎ᠠ ᠶᠢ ᠬᠠᠦᠯᠢ ᠴᠠᠭᠠᠵᠠ ᠶᠢᠨ ᠬᠠᠷᠢᠭᠤᠴᠠᠯᠭ᠎ᠠ ᠪᠤᠯᠭᠠᠨ | ᠦᠨᠳᠦᠷᠵᠢᠭᠦᠯᠵᠤ᠂ ᠲᠤᠳᠤᠷᠬᠠᠢ ᠳᠦᠷᠢᠮ ᠲᠤᠬᠳᠠᠭᠠᠭᠰᠡᠨ ᠢ ᠬᠠᠷᠠᠭᠤᠯᠵᠤ ᠪᠤᠢ᠃ | ︽ᠦᠪᠦᠷ ᠮᠤᠩᠭᠤᠯ ᠤᠨ ᠴᠠᠬᠢᠯᠭᠠᠨ ᠱᠠᠳᠤ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠷᠭ᠎ᠠ︾ ᠳᠤ | ᠬᠠᠮᠢᠶᠠᠷᠤᠯᠳᠠ ᠶᠢᠨ ᠠᠷᠭ᠎ᠠ ᠶᠢ ᠬᠡᠷᠡᠭᠵᠢᠭᠦᠯᠭᠦ ᠬᠦᠷᠢᠶ᠎ᠠ ᠬᠡᠪᠴᠢᠶ᠎ᠠ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠤᠷᠳᠤᠨ ᠵᠢᠴᠢ ᠡᠯ᠎ᠠ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠵᠢᠴᠢ ᠴᠠᠬᠢᠯᠭᠠᠨ | ᠱᠠᠳᠤ ᠦᠢᠯᠡᠳᠪᠦᠷᠢᠯᠡᠭᠦ᠂ ᠬᠡᠷᠡᠭᠯᠡᠭᠦ᠂ ᠰᠡᠯᠪᠢᠨ ᠵᠠᠰᠠᠵᠤ ᠬᠠᠮᠠᠭᠠᠯᠠᠬᠤ ᠨᠢᠭᠡᠴᠠ ᠶᠢᠨ ᠡᠭᠦᠷᠭᠡ ᠬᠠᠷᠢᠭᠤᠴᠠᠯᠭ᠎ᠠ ᠶᠢ | ᠲᠤᠳᠤᠷᠬᠠᠢᠢᠯᠡᠬᠤ ᠶᠢᠨ ᠬᠠᠮᠳᠤ ᠬᠠᠭᠤᠴᠢᠷᠠᠭᠰᠡᠨ ᠴᠠᠬᠢᠯᠭᠠᠨ ᠱᠠᠳᠤ ᠶᠢᠨ ᠬᠠᠮᠢᠶᠠᠷᠤᠯᠳᠠ ᠪᠠᠨ ᠴᠢᠩᠭᠠᠳᠬᠠᠬᠤ᠂ | ᠴᠠᠬᠢᠯᠭᠠᠨ ᠱᠠᠳᠤ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠬᠤ᠂ ᠴᠠᠬᠢᠯᠭᠠᠨ ᠱᠠᠳᠤ ᠶᠢᠨ | ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠭᠡᠭᠦ ᠮᠡᠳᠤ ᠶᠢᠨ ᠤᠯᠡᠨ ᠲᠠᠯ᠎ᠠ ᠶᠢᠨ ᠠᠭᠤᠯᠭ᠎ᠠ ᠶᠢ ᠨᠠᠷᠢᠯᠢᠭ | ᠲᠤᠳᠤᠷᠬᠠᠢᠢᠯᠡᠬᠰᠡᠨ ᠪᠠᠶᠢᠨ᠎ᠠ᠃ |