8 ᠳ᠋ᠤᠭᠠᠷ ᠰᠠᠷ᠎ᠠ ᠶᠢᠨ 5 ᠤ ᠤᠷᠤᠢ᠂ ᠠᠷᠪᠠᠨ ᠵᠢᠷᠭᠤᠳᠤᠭᠠᠷ ᠬᠤᠭᠤᠴᠠᠭᠠᠨ ᠤ ᠵᠤᠤ ᠵᠢᠶᠦ᠋ᠨ ᠰᠤᠶᠤᠯ ᠤᠨ | ᠨᠠᠶᠢᠷ᠂ ᠲᠠᠪᠤᠳᠤᠭᠠᠷ ᠬᠤᠭᠤᠴᠠᠭᠠᠨ ᠤ ᠴᠦᠭᠡᠨ ᠲᠤᠭᠠᠳᠤ ᠦᠨᠳᠦᠰᠦᠳᠡᠨ ᠤ ᠰᠤᠶᠤᠯ ᠵᠤᠭᠠᠴᠠᠯ ᠤᠷᠠᠯᠢᠭ ᠤᠨ | ᠠᠵᠢᠯᠯᠠᠭ᠎ᠠ ᠡᠬᠢᠯᠡᠪᠡ᠃ ᠪᠦᠬᠦ ᠤᠯᠤᠰ ᠤᠨ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠤᠤᠯ ᠤᠨ ᠲᠡᠳ᠋ ᠲᠠᠷᠤᠭ᠎ᠠ ᠤᠶᠤᠨᠴᠢᠮᠡᠭ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ ᠤ ᠲᠡᠷᠢᠬᠦᠯᠡᠭᠴᠢ ᠷᠧᠨ ᠶᠠ ᠫᠢᠩ᠂ ᠤᠯᠤᠰ ᠤᠨ ᠰᠤᠶᠤᠯ ᠤᠨ ᠶᠠᠮᠤᠨ ᠤ ᠲᠡᠳ᠋ ᠰᠠᠶᠢᠳ ᠳ᠋ᠦᠩ ᠸᠧᠢ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ ᠯᠢ ᠵᠢᠶᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠬᠦᠬᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠨᠠᠰᠤᠨᠮᠦ᠋ᠩᠬᠡ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠲᠤᠰᠬᠠᠢ ᠲᠤᠰᠢᠶᠠᠯᠳᠤ ᠬᠡᠰᠢᠬᠦᠨ | ᠭᠤᠸᠠᠨ ᠫᠸᠢ ᠵᠢᠶᠦ᠋ᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠬᠠᠩ ᠬᠦᠢ ᠯᠢᠨ᠂ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠬᠦᠯᠡᠭᠴᠢ ᠯᠢᠦ ᠰᠢᠨ ᠯᠧ᠂ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠸᠥ | ᠯᠢᠶᠠᠩ ᠹᠦ᠋᠂ ᠴᠢᠯᠥᠬᠡᠯᠡᠬᠦ ᠴᠡᠷᠢᠭ ᠤᠨ 307 ᠡᠮᠨᠡᠯᠬᠡ ᠶᠢᠨ ᠬᠤᠷᠢᠶ᠎ᠠ ᠶᠢᠨ ᠡᠷᠬᠢᠯᠡᠭᠴᠢ ᠡᠮᠴᠢ᠂ ᠬᠤᠰᠢᠭᠤᠴᠢ | ᠭᠧᠨᠧᠷᠡᠯ ᠬᠤᠸᠠᠩ ᠨᠠᠢ ᠰᠢᠶᠠᠩ ᠵᠡᠷᠬᠡ ᠤᠳᠤᠷᠢᠳᠤᠯᠭ᠎ᠠ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠠ ᠪᠦᠭᠡᠳ | ᠲᠤᠰᠬᠠᠢ ᠲᠠᠯᠠᠪᠠᠢ ᠤᠷᠠᠨ ᠰᠠᠶᠢᠬᠠᠨ ᠤ ᠲᠤᠭᠯᠠᠯᠳᠠ — ᠲᠤᠮᠤ ᠬᠡᠯᠪᠡᠷᠢ ᠶᠢᠨ ᠪᠦᠵᠢᠭᠳᠦ ᠵᠦᠴᠦᠭᠡ ︽ᠬᠠᠮᠳᠤ | ᠰᠤᠷᠤᠯᠭᠠᠳᠠᠨ ᠤ ᠪᠠᠭ᠎ᠠ ᠶᠢᠨ ᠦᠶ᠎ᠡ︾ ᠶᠢ ᠰᠤᠨᠢᠷᠬᠠᠪᠠ᠃ | ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠤᠭᠳᠤᠬᠤ ᠦᠭᠡ ᠭᠡᠯᠡᠵᠦ᠂ | ᠤᠯᠤᠰ ᠤᠨ ᠰᠤᠶᠤᠯ ᠤᠨ ᠶᠠᠮᠤᠨ ᠤ ᠳᠡᠳ᠋ ᠰᠠᠶᠢᠳ ᠳ᠋ᠦᠩ ᠸᠧᠢ ᠭᠤᠤᠯᠯᠠᠨ ᠡᠷᠬᠢᠯᠡᠭᠰᠡᠨ ᠪᠠᠶᠢᠭᠤᠯᠤᠯᠭ᠎ᠠ ᠶᠢ | ᠲᠦᠯᠦᠭᠡᠯᠡᠨ ᠶᠠᠷᠢᠶ᠎ᠠ ᠲᠠᠯᠪᠢᠵᠦ᠂ ᠤᠯᠤᠰ ᠤᠨ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ ᠤᠨ ᠲᠤᠰᠬᠠᠢ | ᠳᠣᠰᠢᠶᠠᠯᠳᠣ ᠭᠡᠰᠢᠬᠦᠨ ᠭᠤᠸᠠᠨ ᠫᠸᠢ ᠵᠢᠶᠦ᠋ᠨ ᠨᠠᠶᠢᠷ ᠪᠠ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠲᠤᠰ | ᠵᠦᠴᠦᠭᠡ ᠨᠢ ᠪᠦᠵᠢᠭ᠂ ᠦᠭᠡ ᠶᠠᠷᠢᠶ᠎ᠠ ᠪᠣᠯᠣᠨ ᠤᠷᠠᠯᠢᠭ ᠤᠨ ᠭᠡᠯᠡ ᠪᠠᠷ ᠵᠠᠯᠠᠭᠤ ᠦᠶ᠎ᠠ ᠶᠢᠨ ᠮᠠᠤ ᠽᠧ ᠳ᠋ᠦᠩ ᠤᠨ | ᠭᠡᠷᠡᠯ ᠰᠠᠴᠣᠷᠠᠩᠭᠤᠢ ᠲᠦᠷᠢ ᠶᠢ ᠱᠣᠭᠤᠵᠣ᠂ ᠵᠠᠯᠠᠭᠤ ᠦᠶ᠎ᠠ ᠶᠢᠨ ᠮᠠᠦ ᠽᠧ ᠳ᠋ᠦᠩ ᠢᠶᠠᠷ ᠭᠤᠤᠯ ᠪᠤᠯᠭᠠᠭᠰᠠᠨ ᠨᠢᠭᠡ | ᠪᠦᠯᠦᠭ ᠤᠷᠬᠢᠯᠤᠮ᠎ᠠ ᠬᠠᠯᠠᠭᠤᠨ ᠰᠡᠳᠬᠢᠯ ᠲᠠᠢ ᠵᠠᠯᠠᠭᠤᠴᠤᠳ ᠤᠨ ᠡᠷᠳᠡᠮ ᠮᠡᠳᠡᠯᠭᠡ ᠰᠤᠷᠤᠯᠴᠠᠵᠦ ᠠᠭᠤᠤ ᠦᠢᠯᠡᠰ | ᠪᠤᠰᠬᠠᠬᠤ ᠵᠠᠮ ᠳᠡᠭᠡᠷᠡᠬᠢ ᠰᠢᠷᠭᠠᠭᠤ ᠬᠠᠳᠠᠭᠤᠵᠢᠯᠳᠠᠢ ᠳᠡᠮᠡᠴᠡᠯ ᠤᠨ ᠶᠠᠪᠤᠴᠠ ᠶᠢ ᠠᠮᠢᠳᠤᠯᠢᠭ ᠢᠶᠠᠷ ᠲᠤᠰᠬᠠᠪᠠ᠃ | ᠳᠤᠮᠳᠠᠳᠤ ᠤᠯᠤᠰ ᠤᠨ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠪᠦᠵᠢᠭᠴᠢᠨ ᠭᠤᠶᠢᠳᠠ ᠰᠠᠶᠢᠬᠠᠨ | ᠲᠤᠭᠯᠠᠯᠳᠠ ᠪᠠᠷ ᠴᠠᠭ ᠦᠶ᠎ᠠ ᠶᠢᠨ ᠵᠠᠯᠠᠭᠤᠴᠤᠳ ᠤᠨ ᠡᠷᠡᠯᠭᠡᠭ ᠢᠶᠠᠷ ᠬᠠᠭᠤᠴᠢᠨ ᠨᠡᠶᠢᠭᠡᠮ ᠲᠠᠢ ᠲᠡᠮᠡᠴᠡᠯ ᠬᠢᠵᠦ᠂ | ᠡᠷᠡᠰ ᠰᠢᠭᠤᠷᠬᠠᠢ ᠪᠠᠷ ᠰᠢᠨ᠎ᠠ ᠦᠵᠡᠯ ᠰᠠᠨᠠᠭ᠎ᠠ ᠶᠢ ᠬᠦᠭᠡᠭᠡᠴᠡᠯᠳᠦᠵᠦ᠂ ᠨᠤᠭᠤᠷᠠᠰᠢ ᠦᠭᠡᠢ ᠪᠠᠳᠤ ᠵᠤᠷᠢᠭ ᠢᠶᠠᠷ | ᠤᠯᠤᠰ ᠪᠣᠯᠣᠨ ᠨᠡᠶᠢᠭᠡᠮ ᠢ ᠦᠭᠡᠷᠡᠴᠢᠯᠡᠵᠦ᠂ ᠤᠯᠤᠰ ᠢᠶᠠᠨ ᠠᠪᠤᠷᠠᠵᠦ ᠠᠷᠠᠳ ᠲᠦᠮᠡᠨ ᠢᠶᠠᠨ ᠠᠪᠤᠷᠠᠬᠤ ᠠᠤᠭ᠎ᠠ | ᠬᠦᠰᠡᠯᠡᠭ ᠢ ᠬᠠᠷᠠᠭᠤᠯᠵᠦ᠂ ᠲᠤᠬᠠᠢ ᠶᠢᠨ ᠲᠠᠯᠠᠪᠤᠷ ᠤᠨ ᠦᠵᠡᠭᠴᠢᠳ ᠣᠯᠠᠨ ᠣᠳᠠᠭ᠎ᠠ ᠠᠯᠠᠭ᠎ᠠ ᠲᠠᠰᠢᠵᠦ ᠪᠠᠶᠢᠯ᠎ᠠ᠃ | ᠣᠶᠢᠯᠠᠭᠠᠭᠰᠠᠨ ᠢᠶᠠᠷ᠂ ᠠᠷᠪᠠᠨ ᠵᠢᠷᠭᠤᠳᠤᠭᠠᠷ ᠬᠤᠭᠤᠴᠠᠭᠠᠨ ᠤ ᠵᠤᠤ ᠵᠢᠶᠦ᠋ᠨ ᠰᠤᠶᠤᠯ ᠤᠨ ᠨᠠᠶᠢᠷ᠂ | ᠲᠠᠪᠤᠳᠤᠭᠠᠷ ᠬᠤᠭᠤᠴᠠᠭᠠᠨ ᠤ ᠴᠦᠬᠡᠨ ᠲᠤᠭᠠᠳᠤ ᠦᠨᠳᠤᠰᠤᠳᠠᠨ ᠤ ᠰᠤᠶᠤᠯ ᠵᠤᠭᠠᠴᠠᠯ ᠤᠷᠠᠯᠢᠬ ᠤᠨ ᠠᠵᠢᠯᠯᠠᠭ᠎ᠠ | ᠳᠤ ᠨᠡᠶᠢᠳᠠ 47 ᠲᠦᠷᠤᠯ ᠤᠨ ᠠᠵᠢᠯᠯᠠᠭ᠎ᠠ ᠪᠠᠭᠳᠠᠵᠤ᠂ 10 ᠰᠠᠷ᠎ᠠ ᠬᠦᠷᠳᠡᠯ᠎ᠠ ᠦᠷᠬᠦᠯᠵᠢᠯᠠᠬᠦ ᠪᠣᠯᠣᠨ᠎ᠠ᠃ ᠭᠤᠤᠯ | ᠪᠤᠯᠬᠤ ᠰᠤᠶᠤᠯ ᠤᠨ ᠠᠵᠢᠯᠯᠠᠭ᠎ᠠ ᠨᠢ ᠡᠬᠢᠯᠡᠬᠦ ᠶᠤᠰᠤᠯᠠᠯ ᠤᠨ ᠲᠤᠭᠯᠠᠯᠳᠠ ︽ᠬᠠᠮᠳᠤ ᠰᠤᠷᠤᠯᠭᠠᠳᠠᠨ ᠤ ᠪᠠᠭ᠎ᠠ ᠶᠢᠨ | ᠦᠶ᠎ᠡ︾ ᠠᠴᠠ ᠭᠠᠳᠠᠨ᠎ᠠ᠂ ᠪᠠᠰᠠ ᠤᠯᠤᠰ ᠤᠨ ᠰᠤᠶᠤᠯ ᠤᠨ ᠤᠢᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ︵ | ᠢᠦᠴᠢᠣᠸᠠᠨ ᠲᠤᠭᠤᠷᠢᠬ ᠤᠨ ᠳ᠋ᠠ ᠱᠧᠩ ᠺᠦᠢ ᠰᠤᠶᠤᠯ ᠤᠨ ᠤᠢᠢᠯᠡᠰ ᠤᠨ ᠵᠢᠱᠢᠶ᠎ᠠ ᠦᠵᠡᠬᠦᠯᠬᠦ ᠰᠠᠭᠤᠷᠢᠨ︶ ᠤ | ᠢᠯᠡᠷᠬᠡᠶᠢᠯᠡᠯ ᠰᠡᠬᠦᠬᠦ ᠶᠤᠰᠤᠯᠠᠯ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠴᠦᠬᠡᠨ ᠲᠤᠭᠠᠳᠤ | ᠦᠨᠳᠤᠰᠤᠳᠠᠨ ᠤ ᠬᠡᠤᠬᠡᠳ ᠤᠨ ᠵᠤᠬᠢᠶᠠᠯ ᠤᠨ ᠲᠠᠭᠤᠤ ᠶᠢᠨ ᠦᠵᠡᠬᠦᠯᠤᠯᠬᠡ ᠶᠢᠨ ᠲᠤᠭᠯᠠᠯᠳᠠ᠂ 2015 ᠣᠨ ᠤ | ᠵᠤᠦ ᠵᠢᠶᠦ᠋ᠨ ᠤᠷᠠᠨ ᠵᠢᠷᠤᠬ ᠤᠷᠠᠨ ᠪᠢᠴᠢᠯᠬᠡ ᠶᠢᠨ ᠤᠷᠢᠯᠭ᠎ᠠ ᠶᠢᠨ ᠦᠵᠡᠬᠦᠯᠤᠯᠬᠡ᠂ ᠠᠩᠬᠠᠳᠤᠭᠠᠷ | ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ ᠦᠨᠳᠤᠰᠤᠳᠠᠨ ᠤ ᠰᠢᠯᠢᠳᠡᠭ ᠲᠠᠭᠤᠯᠠᠬᠤᠢ ᠶᠢᠨ | ᠪᠦᠳᠤᠬᠡᠯ ᠤᠨ ᠦᠵᠡᠬᠦᠯᠤᠯᠬᠡ᠂ ᠬᠦᠬᠡᠬᠤᠳᠠ ᠶᠢᠨ ᠵᠤᠭᠠᠴᠠᠯ ᠤᠨ ᠬᠦᠭᠵᠢᠯᠳᠠ ᠶᠢᠨ ᠲᠡᠭᠡᠳᠤ ᠲᠡᠰ ᠤᠨ ᠶᠠᠷᠢᠶᠠᠨ ᠳᠤ | ᠲᠠᠪᠴᠠᠩ ᠵᠡᠷᠬᠡ ᠪᠣᠢ᠃ |