8 ᠳ᠋ᠤᠭᠠᠷ ᠰᠠᠷ᠎ᠠ ᠶᠢᠨ 4 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ ᠤᠯᠠᠭᠠᠨᠪᠠᠭᠠᠳᠤᠷ ᠲᠤ ᠮᠤᠩᠭᠤᠯ ᠤᠯᠤᠰ ᠤᠨ | ᠲᠡᠳ᠋ ᠶᠡᠷᠤᠩᠬᠡᠢ ᠰᠠᠶᠢᠳ ᠬᠦᠷᠠᠯᠰᠦ᠋ᠬᠡ ᠲᠠᠢ ᠪᠠᠷᠠᠳᠠᠨ ᠵᠤᠯᠭᠠᠵᠥ᠂ ᠬᠤᠶᠠᠷ ᠲᠠᠯ᠎ᠠ ᠶᠢᠨ ᠬᠢᠯᠢ ᠠᠯᠤᠰᠯᠠᠭᠰᠠᠠ ᠠᠵᠥ | ᠠᠬᠤᠢ ᠶᠢᠨ ᠬᠠᠮᠳᠤᠷᠠᠯᠴᠠᠭᠠᠨ ᠤ ᠤᠷᠤᠨ᠂ ᠬᠦᠳᠡᠯᠮᠤᠷᠢ ᠬᠦᠴᠦ ᠶᠢ ᠭᠠᠳᠠᠭᠰᠢ ᠭᠠᠷᠭᠠᠬᠤ᠂ ᠰᠤᠶᠤᠯ᠂ ᠰᠤᠷᠭᠠᠨ | ᠬᠦᠮᠥᠵᠢᠯ᠂ ᠡᠷᠡᠬᠦᠯ ᠬᠠᠮᠠᠭᠠᠯᠠᠯ ᠵᠡᠷᠬᠡ ᠬᠦᠷᠢᠶᠡᠨ ᠤ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠶᠢ ᠴᠢᠨᠠᠭᠰᠢᠳᠠ | ᠠᠬᠢᠭᠤᠯᠬᠤ ᠲᠤᠬᠠᠢ ᠢᠳᠡᠪᠬᠢᠳᠡᠢ ᠬᠠᠮᠳᠤ ᠶᠢᠨ ᠲᠠᠨᠢᠯᠳᠡ ᠲᠠᠢ ᠪᠤᠯᠪᠠ᠃ | ᠬᠦᠷᠡᠯᠰᠦ᠋ᠬᠡ ᠪᠠᠭᠠᠳᠤᠷ ᠨᠡᠷ ᠤᠨ ᠠᠶᠢᠯᠴᠢᠯᠠᠷ᠎ᠠ ᠢᠷᠡᠭᠰᠡᠡ ᠢ ᠤᠬᠳᠤᠵᠥ ᠪᠠᠶᠢᠬᠤ ᠪᠠᠨ ᠢᠯᠡᠳᠭᠡᠵᠥ᠂2011 | ᠣᠨ ᠳᠤ ᠦᠪᠤᠷ ᠮᠤᠩᠭᠤᠯ ᠳᠤ ᠠᠶᠢᠯᠴᠢᠯᠠᠬᠤ ᠦᠶ᠎ᠡ ᠶᠢᠨ ᠪᠠᠶᠢᠳᠠᠯ ᠢᠶᠠᠨ ᠪᠠᠶᠠᠷ ᠲᠠᠢ ᠪᠠᠷ ᠡᠷᠬᠢᠴᠡᠬᠦᠯᠵᠥ᠂ ᠦᠪᠤᠷ | ᠮᠤᠩᠭᠤᠯ ᠤᠨ ᠤᠢᠢᠷ᠎ᠠ ᠶᠢᠨ ᠵᠢᠯ ᠤᠨ ᠳᠣᠷᠰᠢᠬᠢ ᠬᠦᠭᠵᠢᠯᠳᠡ ᠳᠤ ᠤᠯᠤᠭᠰᠠᠠ ᠠᠮᠵᠢᠯᠳᠠ ᠶᠢ ᠲᠡᠬᠡᠳᠤ ᠬᠡᠮᠵᠢᠶ᠎ᠡ ᠪᠠᠷ | ᠮᠠᠭᠳᠠᠨ ᠰᠠᠶᠢᠰᠢᠶᠠᠪᠠ᠃ ᠲᠡᠷᠡ ᠬᠡᠯᠡᠭᠰᠡᠨ ᠨᠢ᠂ ᠤᠢᠢᠷ᠎ᠠ ᠶᠢᠨ ᠵᠢᠯ ᠳᠤ᠂ ᠮᠤᠩᠭᠤᠯ ᠤᠯᠤᠰ ᠪᠤᠯᠤᠨ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠥ ᠠᠬᠤᠢ ᠠᠷᠠᠯᠵᠢᠶᠠᠨ ᠤ ᠶᠠᠪᠤᠯᠴᠠᠭ᠎ᠠ ᠡᠳᠤᠷ ᠢᠷᠡᠬᠦᠶ᠎ᠡ | ᠤᠯᠠᠰᠢᠷᠠᠵᠥ᠂ ᠡᠯ᠎ᠡ ᠬᠦᠷᠢᠶᠡᠨ ᠤ ᠶᠠᠪᠤᠯᠴᠠᠭ᠎ᠠ ᠬᠠᠮᠳᠤᠷᠠᠯᠴᠠᠭ᠎ᠠ ᠲᠠᠰᠤᠷᠠᠯᠳᠡ ᠦᠭᠡᠢ ᠬᠦᠨᠵᠡᠬᠡᠶᠢᠷᠡᠵᠥ᠂ ᠢᠯᠡᠳᠳᠡ | ᠦᠷ᠎ᠡ ᠪᠦᠳᠦᠮᠵᠢ ᠤᠯᠪᠠ᠃ ᠤᠨᠴᠠᠭᠠᠢᠢᠯᠠᠨ ᠬᠤᠶᠠᠷ ᠤᠯᠤᠰ ᠤᠨ ᠲᠡᠬᠡᠳᠤ ᠲᠠᠪᠬᠤᠷᠭ᠎ᠠ ᠶᠢᠨ ᠶᠠᠪᠤᠯᠴᠠᠭ᠎ᠠ | ᠤᠯᠠᠰᠢᠷᠠᠵᠥ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠤᠯᠤᠨ ᠮᠤᠩᠭᠤᠯ ᠤᠯᠤᠰ ᠤᠨ | ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠬᠦ ᠳᠤ ᠦᠷᠭᠡᠨ ᠠᠭᠤᠳᠠᠮ ᠢᠷᠡᠭᠡᠳᠤᠢ ᠬᠠᠩᠭᠠᠵᠠᠢ᠃ ᠬᠤᠶᠠᠷ ᠲᠠᠯ᠎ᠠ ᠪᠠᠷ ᠢᠶᠠᠨ | ᠨᠢᠬᠡᠨᠳᠡ ᠪᠠᠶᠢᠭ᠎ᠠ ᠬᠠᠮᠳᠤᠷᠠᠯᠴᠠᠭ᠎ᠠ ᠳᠠᠭᠠᠨ ᠰᠠᠭᠤᠷᠢᠯᠠᠵᠥ᠂ ᠮᠠᠯ ᠲᠠᠷᠢᠶᠠᠯᠠᠩ᠂ ᠬᠢᠯᠢ ᠶᠢᠨ ᠪᠤᠭᠤᠮᠳᠠ ᠶᠢᠨ ᠪᠦᠳᠦᠭᠡᠨ | ᠪᠠᠶᠢᠭᠤᠯᠤᠯᠳᠠ᠂ ᠵᠤᠭᠠᠴᠠᠯ ᠪᠤᠯᠤᠨ ᠵᠠᠯᠠᠭᠤᠴᠤᠳ ᠤᠨ ᠶᠠᠪᠤᠯᠴᠠᠭ᠎ᠠ ᠵᠡᠷᠬᠡ ᠬᠦᠷᠢᠶᠡᠨ ᠤ ᠪᠤᠳᠠᠳᠠᠢ ᠶᠢ ᠡᠷᠬᠢᠮᠯᠡᠭᠰᠡᠡ | ᠬᠠᠮᠳᠤᠷᠠᠯᠴᠠᠭ᠎ᠠ ᠪᠠᠨ ᠤᠯᠠᠮ ᠴᠢᠩᠭᠠᠳᠬᠠᠵᠥ᠂ ᠬᠤᠶᠠᠷ ᠲᠠᠯ᠎ᠠ ᠶᠢᠨ ᠬᠠᠮᠳᠤ ᠶᠢᠨ ᠬᠦᠭᠵᠢᠯᠳᠡ ᠶᠢ ᠠᠬᠢᠭᠤᠯᠵᠥ᠂ | ᠬᠤᠶᠠᠷ ᠭᠠᠵᠠᠷ ᠤᠨ ᠬᠠᠷᠢᠯᠴᠠᠨ ᠠᠰᠢᠬᠳᠠᠢ ᠬᠠᠮᠳᠤᠪᠡᠷ ᠠᠰᠢᠬ ᠬᠦᠷᠳᠡᠬᠦ ᠶᠢ ᠪᠡᠶᠡᠯᠡᠬᠦᠯᠬᠦ ᠶᠢ ᠬᠦᠰᠡᠵᠥ ᠪᠠᠶᠢᠨ᠎ᠠ | ᠬᠡᠪᠡ᠃ | ᠪᠠᠭᠠᠳᠤᠷ ᠮᠤᠩᠭᠤᠯ ᠤᠯᠤᠰ ᠤᠨ ᠵᠠᠰᠠᠭ ᠤᠨ ᠤᠷᠳᠤᠨ ᠥᠪᠦᠷ ᠮᠤᠩᠭᠤᠯ ᠤᠨ ᠲᠦᠯᠦᠭᠡᠯᠡᠭᠴᠢᠳ ᠤᠨ | ᠪᠦᠯᠬᠦᠮ ᠢ ᠳᠤᠳᠤᠨᠤ ᠪᠠᠷ ᠬᠦᠯᠢᠶᠠᠨ ᠠᠪᠤᠭᠰᠠᠨ ᠪᠠ ᠨᠠᠷᠢᠯᠢᠭ ᠲᠤᠬᠢᠷᠠᠭᠤᠯᠤᠭᠰᠠᠨ ᠳᠤ ᠪᠠᠶᠠᠷᠯᠠᠨ ᠳᠠᠯᠠᠷᠬᠠᠵᠦ | ᠪᠠᠶᠢᠬᠤ ᠪᠠᠨ ᠢᠯᠡᠷᠭᠡᠶᠢᠯᠡᠪᠡ᠃ ᠲᠡᠷᠡ ᠬᠡᠯᠡᠭᠰᠡᠨ ᠨᠢ᠂ ᠳᠤᠮᠳᠠᠳᠤ ᠤᠯᠤᠰ ᠤᠨ ᠵᠠᠰᠠᠭ ᠤᠨ ᠤᠷᠳᠤᠨ ᠮᠤᠩᠭᠤᠯ | ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠭᠡᠮᠵᠢᠶ᠎ᠠ ᠪᠠᠷ ᠬᠦᠨᠳᠦᠳᠭᠡᠵᠦ᠂ ᠨᠢᠳᠤᠨᠤᠨ ᠤ 8 ᠳ᠋ᠤᠭᠠᠷ ᠰᠠᠷ᠎ᠠ ᠳᠤ | ᠲᠡᠷᠢᠬᠦᠯᠡᠭᠴᠢ ᠰᠢ ᠶᠢᠨ ᠫᠢᠩ ᠮᠤᠩᠭᠤᠯ ᠤᠯᠤᠰ ᠲᠤ ᠠᠶᠢᠯᠴᠢᠯᠠᠵᠦ᠂ ᠬᠤᠶᠠᠷ ᠤᠯᠤᠰ ᠤᠨ ᠬᠠᠷᠢᠯᠴᠠᠭ᠎ᠠ ᠶᠢ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠠᠨᠢᠳᠠᠨ ᠤ ᠬᠠᠷᠢᠯᠴᠠᠭ᠎ᠠ ᠪᠤᠯᠭᠠᠨ ᠳᠡᠭᠡᠭᠰᠢᠯᠡᠬᠦᠯᠪᠠ᠃ | ᠡᠨᠡ ᠵᠢᠯ ᠤᠨ 7 ᠳ᠋ᠤᠭᠠᠷ ᠰᠠᠷ᠎ᠠ ᠳᠤ᠂ ᠲᠡᠷᠢᠬᠦᠯᠡᠭᠴᠢ ᠰᠢ ᠶᠢᠨ ᠫᠢᠩ ᠤᠷᠤᠰ ᠤᠨ ᠦᠹᠠ ᠳᠤ ᠶᠡᠷᠦᠩᠭᠡᠶᠢᠯᠡᠭᠴᠢ | ᠫᠦᠲ᠋ᠢᠨ᠂ ᠶᠡᠷᠦᠩᠭᠡᠶᠢᠯᠡᠭᠴᠢ ᠡᠯᠪᠡᠭᠳᠤᠷᠵᠢ ᠲᠠᠢ ᠬᠠᠮᠳᠦ ᠳᠤᠮᠳᠠᠳᠤ ᠤᠷᠤᠰ ᠮᠤᠩᠭᠤᠯ ᠤᠨ ᠲᠦᠷᠦᠬᠦᠴᠤᠳ ᠤᠨ | ᠬᠤᠶᠠᠳᠤᠭᠠᠷ ᠣᠳᠠᠭ᠎ᠠ ᠶᠢᠨ ᠠᠭᠤᠯᠵᠠᠯᠳᠠ ᠳᠤ ᠤᠷᠤᠯᠴᠠᠵᠦ᠂ ᠠᠯᠢ ᠤᠯᠠᠨ ᠴᠢᠬᠤᠯᠠ ᠬᠠᠮᠳᠤ ᠶᠢᠨ ᠲᠠᠨᠢᠯᠳᠠ ᠲᠠᠢ | ᠪᠤᠯᠪᠠ᠃ ᠤᠳᠤᠬᠠᠨ ᠳᠤ ᠳᠤᠮᠳᠠᠳᠤ ᠮᠤᠩᠭᠤᠯ ᠤᠨ ᠬᠠᠷᠢᠯᠴᠠᠭ᠎ᠠ ᠶᠠᠭ ᠲᠡᠦᠭᠡ ᠶᠢᠨ ᠬᠠᠮᠤᠭ ᠤᠨ ᠰᠠᠶᠢᠨ ᠴᠠᠭ | ᠦᠶ᠎ᠠ ᠳᠤ ᠤᠷᠤᠵᠠᠢ᠃ ᠮᠠᠨ ᠤ ᠡᠨᠡ ᠤᠳᠠᠭ᠎ᠠ ᠮᠤᠩᠭᠤᠯ ᠤᠯᠤᠰ ᠲᠠᠬᠢ ᠠᠶᠢᠯᠴᠢᠯᠠᠯᠳᠠ ᠭᠤᠤᠯᠳᠠᠭᠤ ᠥᠪᠦᠷ | ᠮᠤᠩᠭᠤᠯ ᠤᠨ ᠳᠤᠮᠳᠠᠳᠤ ᠮᠤᠩᠭᠤᠯ ᠬᠤᠶᠠᠷ ᠤᠯᠤᠰ ᠤᠨ ᠲᠦᠷᠦᠬᠦᠴᠦᠳ ᠤᠨ ᠲᠤᠭᠳᠠᠭᠰᠠᠨ ᠬᠠᠮᠳᠦ ᠶᠢᠨ | ᠲᠠᠨᠢᠯᠳᠠ ᠶᠢ ᠨᠡᠶᠢᠳᠡᠪᠤᠷᠢᠵᠢᠭᠤᠯᠵᠦ᠂ ᠮᠤᠩᠭᠤᠯ ᠤᠯᠤᠰ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠪᠣᠯᠣᠨ ᠠᠶᠢᠮᠠᠬ ᠲᠠᠢ ᠰᠤᠯᠢᠯᠴᠠᠨ ᠵᠦᠪᠳᠡᠯᠴᠡᠵᠦ᠂ ᠬᠤᠶᠠᠷ ᠲᠠᠯ᠎ᠠ ᠶᠢᠨ ᠠᠩᠬᠠᠷᠴᠦ ᠪᠠᠶᠢᠭ᠎ᠠ ᠴᠢᠬᠤᠯᠠ | ᠶᠡᠭᠡ ᠬᠠᠮᠳᠤᠷᠠᠯᠴᠠᠭᠠᠨ ᠤ ᠵᠦᠢᠯ ᠤᠨ ᠲᠤᠬᠠᠢ ᠰᠠᠨᠠᠯ ᠢᠶᠠᠨ ᠰᠤᠯᠢᠯᠴᠠᠬᠤ ᠶᠢᠨ ᠲᠦᠯᠦᠭᠡ ᠶᠤᠮ᠃ ᠤᠢᠢᠷ᠎ᠠ ᠶᠢᠨ | ᠵᠢᠯ ᠳᠤ᠂ ᠥᠪᠦᠷ ᠮᠤᠩᠭᠤᠯ ᠢᠮᠠᠭᠳᠠ ᠤᠯᠤᠰ ᠤᠨ ︽ᠬᠦᠷᠰᠢ ᠯᠤᠭ᠎ᠠ ᠪᠠᠨ ᠨᠠᠶᠢᠵᠢᠯᠠᠵᠦ᠂ ᠬᠦᠷᠰᠢ ᠲᠠᠢ ᠪᠠᠨ | ᠬᠠᠨᠢᠯᠠᠬᠤ︾ ᠪᠠ ︽ᠨᠦᠬᠦᠷᠰᠡᠭ ᠬᠦᠷᠰᠢ᠂ ᠠᠮᠤᠷ ᠲᠤᠭᠳᠠᠭᠤᠨ ᠬᠦᠷᠰᠢ᠂ ᠪᠠᠶᠠᠨ ᠴᠢᠨᠡᠭᠡᠯᠢᠭ ᠬᠦᠷᠰᠢ︾ ᠶᠢᠨ | ᠭᠠᠳᠠᠭᠠᠳᠦ ᠲᠦᠷᠦ ᠶᠢᠨ ᠪᠤᠳᠤᠯᠭ᠎ᠠ ᠶᠢ ᠪᠠᠷᠢᠮᠳᠠᠯᠠᠵᠦ᠂ ︽ᠳᠤᠳᠤᠨᠤ᠂ ᠢᠳᠡᠭᠡᠯ ᠲᠠᠢ᠂ ᠠᠰᠢᠭ ᠬᠦᠷᠳᠡᠭᠡᠬᠦ᠂ | ᠠᠭᠤᠵᠢᠭᠤ ᠪᠠᠭᠳᠠᠭᠠᠮᠵᠢ︾ ᠣᠨᠣᠯᠵᠢᠬᠤᠨ ᠢ ᠲᠤᠪᠤᠶᠢᠯᠭᠠᠵᠦ᠂ ᠮᠤᠩᠭᠤᠯ ᠤᠯᠤᠰ ᠯᠤᠭ᠎ᠠ ᠶᠢᠨ ᠰᠤᠯᠢᠯᠴᠠᠭ᠎ᠠ | ᠬᠠᠮᠳᠤᠷᠠᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠦ ᠪᠤᠢ᠃ ᠲᠤᠰ ᠣᠳᠠᠭ᠎ᠠ ᠶᠢᠨ ᠠᠶᠢᠯᠴᠢᠯᠠᠯᠳᠠ ᠪᠠᠷ ᠠᠵᠠ | ᠲᠤᠬᠢᠶᠠᠯ ᠪᠤᠯᠭᠠᠵᠦ᠂ ᠬᠤᠶᠠᠷ ᠲᠠᠯ᠎ᠠ ᠶᠢᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ᠂ | ᠬᠦᠳᠡᠯᠮᠦᠷᠢ ᠬᠦᠴᠦ ᠶᠢ ᠭᠠᠳᠠᠭᠰᠢ ᠭᠠᠷᠭᠠᠬᠤ᠂ ᠰᠤᠶᠤᠯ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠵᠡᠷᠭᠡ ᠤᠯᠠᠨ | ᠬᠦᠷᠢᠶᠠᠨ ᠳᠠᠬᠢ ᠪᠦᠬᠦ ᠲᠠᠯ᠎ᠠ ᠶᠢᠨ ᠬᠠᠮᠳᠤᠷᠠᠯᠴᠠᠭ᠎ᠠ ᠶᠢ ᠲᠦᠷᠭᠡᠳᠭᠡᠨ ᠠᠬᠢᠭᠤᠯᠵᠦ᠂ ᠬᠤᠶᠠᠷ ᠭᠠᠵᠠᠷ ᠤᠨ | ᠬᠠᠮᠳᠤᠷᠠᠯᠴᠠᠭ᠎ᠠ ᠰᠤᠯᠢᠯᠴᠠᠭ᠎ᠠ ᠶᠢᠨ ᠲᠠᠰᠤᠷᠠᠯᠳᠠ ᠦᠭᠡᠢ ᠰᠢᠨ᠎ᠠ ᠦᠷ᠎ᠠ ᠪᠦᠳᠦᠭᠡᠯ ᠤᠯᠵᠦ᠂ ᠰᠢᠨ᠎ᠠ ᠳᠡᠭᠳᠡᠷ ᠲᠤ | ᠭᠠᠷᠬᠤ ᠶᠢ ᠠᠬᠢᠭᠤᠯᠵᠦ᠂ ᠳᠤᠮᠳᠠᠳᠤ ᠮᠤᠩᠭᠤᠯ ᠬᠤᠶᠠᠷ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ | ᠬᠠᠮᠵᠢᠯᠴᠠᠭᠠᠨ ᠤ ᠬᠠᠨᠢᠳᠠᠨ ᠤ ᠬᠠᠷᠢᠯᠴᠠᠭ᠎ᠠ ᠶᠢᠨ ᠴᠢᠨᠠᠭᠰᠢᠳᠠ ᠬᠦᠭᠵᠢᠬᠦ ᠳᠤ ᠰᠢᠨ᠎ᠠ ᠬᠤᠪᠢ ᠨᠡᠮᠡᠷᠢ ᠦᠵᠡᠬᠦᠯᠬᠦ ᠶᠢ | ᠬᠦᠰᠡᠵᠦ ᠪᠠᠶᠢᠨ᠎ᠠ ᠭᠡᠪᠡ᠃ | ᠠᠭᠤᠯᠵᠠᠯᠳᠠ ᠠᠴᠠ ᠡᠮᠤᠨ᠎ᠠ᠂ ᠪᠠᠭᠠᠳᠤᠷ ᠮᠠᠨ ᠤ ᠤᠷᠤᠨ ᠤ ᠮᠤᠩᠭᠤᠯ ᠤᠯᠤᠰ ᠲᠤ ᠪᠡᠯᠡ ᠤᠷᠤᠭᠤᠯᠤᠬᠰᠠᠨ | ᠺᠤᠮᠫᠠᠨᠢ — ᠮᠤᠩᠭᠤᠯ ᠤᠯᠤᠰ ᠤᠨ ᠲᠡᠳᠡᠮᠡᠨᠳᠤ ᠪᠦᠯᠦᠭᠯᠡᠯ ᠬᠢᠵᠠᠭᠠᠷᠳᠤ ᠺᠤᠮᠫᠠᠨᠢ ᠪᠤᠯᠤᠨ ᠳ᠋ᠠ ᠶᠧ ᠴᠤᠸᠠᠩ ᠶᠧ | ᠬᠢᠵᠠᠭᠠᠷᠳᠤ ᠺᠤᠮᠫᠠᠨᠢ ᠳᠤ ᠰᠢᠨᠵᠢᠯᠠᠨ ᠪᠠᠶᠢᠴᠠᠭᠠᠪᠠ᠃ ᠲᠡᠳᠡᠮᠡᠨᠳᠤ ᠪᠦᠯᠦᠭᠯᠡᠯ ᠺᠤᠮᠫᠠᠨᠢ 2004 ᠣᠨ ᠳᠤ | ᠪᠠᠶᠢᠭᠤᠯᠤᠬᠳᠠᠵᠤ᠂ ᠤᠯᠠᠭᠠᠨᠪᠠᠭᠠᠳᠤᠷ ᠤᠨ ᠭᠡᠷ ᠭᠠᠵᠠᠷ ᠤᠨ ᠬᠦᠷᠤᠩᠬᠡ ᠶᠢᠨ ᠭᠤᠤᠯᠳᠠᠯᠭ᠎ᠠ ᠲᠠᠢ ᠠᠵᠤ | ᠠᠬᠤᠢᠢᠯᠠᠯ ᠤᠨ ᠨᠢᠬᠡ ᠪᠤᠯᠤᠨ᠎ᠠ᠂ ᠭᠡᠷ ᠭᠠᠵᠠᠷ ᠤᠨ ᠬᠦᠷᠤᠩᠬᠡ ᠶᠢ ᠨᠡᠬᠡᠬᠡᠨ ᠬᠦᠭᠵᠢᠬᠦᠯᠬᠦ᠂ ᠲᠤᠮᠤ ᠬᠡᠯᠪᠡᠷᠢ ᠶᠢᠨ | ᠪᠠᠷᠢᠯᠭ᠎ᠠ ᠶᠢ ᠲᠠᠭᠠᠭᠠᠴᠢᠯᠠᠨ ᠪᠠᠶᠢᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠤᠢᠢᠯᠡᠳᠪᠤᠷᠢᠯᠡᠬᠦ ᠪᠠᠷ ᠭᠤᠤᠯ ᠡᠵᠡᠩᠨᠡᠯᠳᠠ | ᠪᠤᠯᠭᠠᠵᠤ᠂ ᠲᠤᠰ ᠺᠤᠮᠫᠠᠨᠢ ᠶᠢᠨ ᠪᠠᠶᠢᠭᠤᠯᠣᠬᠰᠠᠨ ᠵᠠᠷᠢᠮ ᠤᠷᠤᠨ ᠰᠠᠭᠤᠴᠠ ᠶᠢᠨ ᠲᠤᠭᠤᠷᠢᠬ ᠤᠨ ᠲᠦᠷᠤᠯ | ᠵᠦᠢᠯ ᠨᠢ ︽ᠤᠯᠠᠭᠠᠨᠪᠠᠭᠠᠳᠤᠷ ᠤᠨ 2006 ᠣᠨ ᠤ ᠬᠠᠮᠤᠭ ᠤᠨ ᠤᠬᠢ ᠰᠢᠯᠢᠳᠡᠭ ᠤᠷᠤᠨ ᠰᠠᠭᠤᠴᠠ ᠶᠢᠨ | ᠲᠤᠭᠤᠷᠢᠬ︾ ᠢᠶᠠᠷ ᠦᠨᠡᠯᠡᠭᠳᠡᠵᠤ᠂ 2006 ᠣᠨ ᠠᠴᠠ ᠲᠤᠰ ᠺᠤᠮᠫᠠᠨᠢ ᠳᠠᠷᠠᠭᠠᠯᠠᠨ 3 ᠵᠢᠯ ︽ᠮᠤᠩᠭᠤᠯ | ᠤᠯᠤᠰ ᠤᠨ ᠠᠷᠪᠠᠨ ᠤᠬᠢ ᠰᠢᠯᠢᠳᠡᠭ ᠭᠡᠷ ᠭᠠᠵᠠᠷ ᠤᠨ ᠬᠦᠷᠤᠩᠬᠡ ᠶᠢᠨ ᠠᠵᠤ ᠠᠬᠤᠢᠢᠯᠠᠯ︾ ᠤᠨ ᠢᠷᠠᠭᠤ ᠠᠯᠳᠠᠷ ᠢ | ᠬᠦᠷᠳᠡᠵᠡᠢ᠃ ᠳ᠋ᠠ ᠶᠧ ᠴᠤᠸᠠᠩ ᠶᠧ ᠬᠢᠵᠠᠭᠠᠷᠳᠤ ᠺᠤᠮᠫᠠᠨᠢ 2006 ᠣᠨ ᠳᠤ ᠪᠠᠶᠢᠭᠤᠯᠤᠬᠳᠠᠵᠤ᠂ ᠳᠤᠮᠳᠠᠳᠤ | ᠤᠯᠤᠰ ᠤᠨ ᠦᠪᠤᠷ ᠮᠤᠩᠭᠤᠯ ᠤᠨ ᠪᠠᠶᠠᠨᠨᠠᠭᠤᠷ ᠬᠤᠳᠠ ᠶᠢᠨ ᠳ᠋ᠠ ᠶᠧ ᠨᠠᠬᠦᠷᠡᠰᠤᠨ ᠤ ᠬᠢᠵᠠᠭᠠᠷᠳᠤ ᠺᠤᠮᠫᠠᠨᠢ ᠪᠤᠯᠤᠨ | ᠮᠤᠩᠭᠤᠯ ᠤᠯᠤᠰ ᠤᠨ APPOY ᠺᠤᠮᠫᠠᠨᠢ ᠬᠠᠮᠳᠤᠪᠡᠷ ᠪᠡᠯᠡ ᠤᠷᠤᠭᠤᠯᠵᠤ ᠪᠠᠶᠢᠭᠤᠯᠤᠬᠰᠠᠨ ᠶᠤᠮ᠂ ᠭᠤᠤᠯ | ᠲᠤᠬᠠᠢᠢᠯᠠᠬᠰᠠᠨ ᠠᠵᠢᠯ ᠨᠢ ᠭᠡᠷ ᠭᠠᠵᠠᠷ ᠤᠨ ᠬᠦᠷᠤᠩᠬᠡ ᠶᠢ ᠨᠡᠬᠡᠬᠡᠨ ᠬᠦᠭᠵᠢᠬᠦᠯᠵᠤ᠂ ᠮᠤᠩᠭᠤᠯ ᠤᠯᠤᠰ ᠤᠨ | ᠬᠠᠮᠤᠬ ᠤᠨ ᠳᠤᠮᠤ ᠭᠠᠶᠢᠯᠢ ᠲᠤᠰᠢᠶᠠᠬᠴᠢ ᠺᠤᠮᠫᠠᠨᠢ ᠪᠤᠯᠤᠨ᠎ᠠ᠃ ᠤᠳᠤᠬᠠᠨ ᠳᠤ᠂ ᠲᠤᠰ ᠺᠤᠮᠫᠠᠨᠢ | ᠤᠯᠠᠭᠠᠨᠪᠠᠭᠠᠳᠤᠷ ᠤᠨ ᠬᠠᠮᠤᠬ ᠤᠨ ᠳᠣᠮᠣ ᠲᠦᠬᠦᠮ ᠪᠦᠳᠤᠴᠠᠳᠤ ᠤᠷᠤᠨ ᠰᠠᠭᠤᠴᠠ ᠶᠢᠨ ᠲᠤᠭᠤᠷᠢᠬ ᠢ ᠰᠢᠨᠡᠳᠬᠡᠨ | ᠵᠠᠰᠠᠬᠤ ᠲᠦᠷᠤᠯ ᠵᠦᠢᠯ ᠢ ᠲᠠᠭᠠᠭᠠᠴᠢᠯᠠᠨ ᠬᠢᠵᠤ ᠪᠠᠶᠢᠨ᠎ᠠ᠃ ᠪᠠᠭᠠᠳᠤᠷ ᠲᠤᠬᠠᠢ ᠶᠢᠨ ᠭᠠᠵᠠᠷ ᠲᠤ ᠲᠡᠳᠡᠮᠡᠨᠳᠤ | ᠺᠤᠮᠫᠠᠨᠢ ᠶᠢᠨ ᠪᠧᠲ᠋ᠤᠨ ᠵᠢᠭᠤᠷᠠᠬᠤ ᠦᠷᠳᠡᠭᠡ ᠪᠤᠯᠤᠨ ᠳ᠋ᠠ ᠶᠧ ᠴᠤᠸᠠᠩ ᠶᠧ ᠺᠤᠮᠫᠠᠨᠢ ᠶᠢᠨ ᠲᠠᠭᠠᠭᠠᠴᠢᠯᠠᠬᠰᠠᠨ | ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠬᠡᠨ ᠵᠠᠰᠠᠬᠤ ᠲᠦᠷᠤᠯ ᠵᠦᠢᠯ ᠢ ᠰᠢᠨᠵᠢᠯᠠᠨ | ᠪᠠᠶᠢᠴᠠᠭᠠᠵᠤ᠂ ᠠᠵᠤ ᠠᠬᠤᠢᠢᠯᠠᠯ ᠤᠨ ᠡᠵᠡᠩᠨᠡᠯᠳᠠ ᠶᠢᠨ ᠪᠠᠶᠢᠳᠠᠯ ᠪᠤᠯᠤᠨ ᠲᠤᠬᠠᠢ ᠶᠢᠨ ᠭᠠᠵᠠᠷ ᠤᠨ ᠪᠡᠯᠡ | ᠤᠷᠤᠭᠤᠯᠤᠯᠳᠠ ᠶᠢᠨ ᠤᠷᠴᠢᠨ ᠲᠤᠭᠤᠷᠢᠨ ᠢ ᠨᠠᠷᠢᠨ ᠤᠢᠢᠯᠠᠭᠠᠵᠤ᠂ ᠠᠵᠤ ᠠᠬᠤᠢᠢᠯᠠᠯ ᠤᠨ ᠬᠢᠨ ᠢ ᠲᠦᠪ ᠪᠤᠯᠤᠨ | ᠦᠪᠡᠷᠳᠡᠬᠡᠨ ᠵᠠᠰᠠᠬᠤ ᠤᠷᠤᠨ ᠤ ᠭᠠᠳᠠᠭᠠᠳᠤ ᠲᠠᠢ ᠴᠢᠯᠤᠬᠡᠳᠠᠢ ᠶᠠᠪᠤᠯᠴᠠᠬᠤ ᠰᠢᠢᠳᠪᠤᠷᠢᠳᠤ ᠪᠤᠳᠤᠯᠭ᠎ᠠ | ᠪᠠᠶᠢᠷᠢᠯᠠᠭᠤᠯᠤᠯᠳᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢᠢᠯᠠᠯ ᠢᠶᠠᠨ | ᠪᠤᠵᠠᠭᠠᠢᠢᠷᠠᠭᠤᠯᠤᠨ ᠬᠦᠴᠦᠷᠭᠡᠭᠵᠢᠬᠦᠯᠵᠤ᠂ ᠲᠤᠬᠠᠢ ᠶᠢᠨ ᠭᠠᠵᠠᠷ ᠤᠨ ᠠᠷᠠᠳ ᠲᠥᠮᠡᠨ ᠳᠤ ᠪᠤᠶᠠᠨ ᠤᠢᠢᠯᠡᠳᠬᠦ ᠶᠢᠨ | ᠬᠠᠮᠳᠤ᠂ ᠮᠠᠨ ᠤ ᠤᠯᠤᠰ ᠤᠨ ᠤᠮᠠᠷᠠᠰᠢ ᠨᠡᠬᠡᠬᠡᠯᠳᠠ ᠬᠢᠵᠤ ᠰᠢᠨ᠎ᠠ ᠦᠷ᠎ᠠ ᠪᠦᠳᠤᠮᠵᠢ ᠤᠯᠬᠤ ᠶᠢ ᠠᠬᠢᠭᠤᠯᠬᠤ | ᠭᠡᠷᠡᠭᠳᠠᠢ ᠬᠡᠵᠤ ᠵᠤᠷᠢᠬᠵᠢᠭᠤᠯᠪᠠ᠃ | ᠮᠤᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠲᠦᠷ ᠤᠷᠤᠯᠠᠨ ᠬᠦᠢᠴᠡᠳᠭᠡᠭᠴᠢ᠂ | ᠠᠯᠪᠠᠨ ᠡᠯᠴᠢ ᠶᠢᠨ ᠲᠤᠰᠢᠶᠠᠯᠳᠤ ᠵᠦᠪᠯᠡᠭᠴᠢ ᠶᠠᠩ ᠴᠢᠩ ᠳ᠋ᠦᠩ ᠠᠭᠤᠯᠵᠠᠯᠳᠠ ᠳᠤ ᠤᠷᠤᠯᠴᠠᠪᠠ᠃ |