ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ 500 ᠲᠦᠮᠡᠨ ᠲᠥᠭᠦᠷᠢᠭ ᠠᠴᠠ ᠳᠡᠭᠡᠭᠰᠢᠬᠢ ᠲᠦᠷᠦᠯ | ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5457.67 ᠳ᠋ᠦᠡᠭᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠪᠦᠬᠦ | ᠣᠷᠣᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 0.5 ᠳᠡᠭᠡᠭᠦᠷ ᠪᠠᠶᠢᠵᠤ᠂ ᠠᠳᠠᠯᠢ ᠬᠤᠭᠤᠴᠠᠭᠠᠨ ᠤ | ᠪᠦᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠪᠠᠰᠠ ᠵᠠᠭᠤᠨ ᠤ ᠴᠡᠭ ᠤᠨ 3 ᠳᠡᠭᠡᠭᠦᠷ ᠪᠤᠯᠪᠠ᠃ | ᠡᠨᠡ ᠵᠢᠯ ᠠᠴᠠ ᠨᠠᠰᠢ᠂ ᠥᠪᠥᠷ ᠮᠣᠩᠭᠤᠯ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ | ᠢ ᠳᠥᠯᠭᠢᠨ ᠠᠬᠢᠭᠤᠯᠬᠤ ᠶᠢ ᠪᠦᠲᠦᠮᠵᠢᠲᠠᠢ ᠪᠡᠯᠡ ᠣᠷᠣᠭᠤᠯᠤᠯᠲᠠ ᠶᠢ ᠦᠷᠭᠡᠳᠭᠡᠬᠦ᠂ ᠲᠣᠭᠲᠠᠭᠤᠨ ᠢᠶᠠᠷ | ᠨᠡᠮᠡᠭᠳᠡᠭᠦᠯᠬᠦ ᠶᠢ ᠪᠡᠶᠡᠯᠡᠭᠦᠯᠬᠦ ᠴᠢᠬᠤᠯᠠ ᠬᠦᠴᠦᠯᠡᠬᠦ ᠴᠡᠭ ᠪᠤᠯᠭᠠᠨ ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠪᠡᠯᠡ ᠴᠤᠭᠯᠠᠭᠤᠯᠵᠤ ᠪᠡᠯᠡ ᠲᠣᠬᠢᠷᠠᠭᠤᠯᠬᠤ ᠵᠡᠷᠭᠡ ᠪᠣᠳᠠᠲᠠᠶ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠪᠡᠯᠡ ᠮᠥᠩᠭᠦ ᠬᠡᠷᠡᠭᠯᠡᠬᠦ ᠵᠡᠷᠭᠡ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠦᠷᠦᠯ | ᠵᠦᠢᠯ ᠤᠨ ᠠᠵᠢᠯ ᠤᠨ ᠠᠬᠢᠴᠠ ᠪᠤᠯᠤᠨ ᠶᠠᠰᠤ ᠴᠢᠨᠠᠷ ᠦᠷ᠎ᠡ ᠠᠰᠢᠭ ᠢ ᠪᠠᠲᠤᠯᠠᠭᠰᠠᠨ ᠪᠠᠶᠢᠨ᠎ᠠ᠃ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶ ᠪᠤᠯᠭᠠᠵᠤ᠂ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ | ᠲᠤᠰᠬᠠᠶ ᠵᠦᠢᠯ ᠢᠶᠠᠷ ᠳᠥᠯᠭᠢᠨ ᠠᠬᠢᠭᠤᠯᠬᠤ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠱᠠᠲᠤ | ᠨᠢᠭᠡᠪᠦᠷᠢ᠂ ᠡᠭᠦᠷᠭᠡ ᠨᠢᠭᠡᠪᠦᠷᠢ ᠶᠢᠨ ᠬᠠᠷᠢᠭᠤᠴᠠᠯᠭ᠎ᠠ ᠲᠠᠢ ᠨᠢᠭᠡᠴᠡ ᠪᠤᠯᠤᠨ ᠬᠠᠷᠢᠭᠤᠴᠠᠭᠴᠢ ᠶᠢ ᠲᠤᠲᠤᠷᠬᠠᠶᠢᠯᠠᠪᠠ᠃ | ᠡᠭᠦᠷᠭᠡ ᠶᠢᠨ ᠡᠬᠡ ᠳᠠᠩᠰᠠ ᠪᠠᠶᠢᠭᠤᠯᠤᠨ᠂ ᠲᠣᠳᠣᠷᠬᠠᠶ ᠳᠠᠩᠰᠠ ᠵᠢᠭᠰᠠᠭᠠᠨ ᠭᠠᠷᠭᠠᠵᠤ᠂ ᠲᠣᠳᠣᠷᠬᠠᠶ ᠳᠠᠩᠰᠠ | ᠪᠤᠯᠤᠨ ᠡᠬᠡ ᠳᠠᠩᠰᠠ ᠶᠢ ᠦᠨᠳᠦᠰᠦᠯᠡᠨ ᠡᠭᠦᠷᠭᠡ ᠪᠠᠨ ᠲᠤᠩᠭᠤᠷᠤᠤ ᠲᠤᠬᠢᠷᠠᠭᠤᠯᠵᠤ᠂ ᠠᠬᠢᠴᠠ ᠶᠢ ᠲᠤᠩᠭᠤᠷᠤᠤ | ᠪᠠᠷ ᠲᠦᠬᠦᠬᠦᠯᠪᠡ᠃ ᠵᠠᠳᠠᠯᠤᠯᠲᠠ ᠬᠢᠵᠤ ᠲᠣᠬᠢᠷᠠᠭᠤᠯᠬᠤ᠂ ᠲᠣᠭᠤᠷᠢᠨ ᠪᠠᠶᠢᠴᠠᠭᠠᠬᠤ᠂ ᠲᠤᠬᠠᠶ ᠶᠢᠨ ᠲᠠᠯᠠᠪᠠᠢ ᠶᠢᠨ | ᠦᠵᠡᠭᠦᠯᠦᠯᠭᠡ ᠬᠢᠬᠦ᠂ ᠤᠷᠠᠮᠰᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠲᠣᠭᠲᠠᠴᠠ ᠶᠢ | ᠲᠡᠭᠦᠯᠳᠡᠷᠵᠢᠭᠦᠯᠦᠨ᠂ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠪᠠ᠃ ᠳᠡᠭᠡᠷ᠎ᠡ | ᠬᠠᠭᠠᠰ ᠵᠢᠯ ᠳᠤ ᠥᠪᠥᠷ ᠮᠣᠩᠭᠤᠯ ᠬᠡᠪᠴᠢᠶᠡᠵᠢᠯ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠪᠡᠯᠡ ᠣᠷᠣᠭᠤᠯᠤᠯᠲᠠ ᠶᠢ 5400 ᠭᠠᠷᠤᠢ ᠳ᠋ᠦᠡᠭᠰᠢᠭᠤᠷ ᠲᠦᠭᠦᠷᠢᠭ ᠪᠡᠶᠡᠯᠡᠭᠦᠯᠪᠡ᠃ |