| 8 ᠳ᠋ᠤᠭᠠᠷ ᠰᠠᠷ᠎ᠠ ᠶᠢᠨ 4 ᠤ ᠡᠳᠦᠷ᠂ ᠠᠵᠢᠯᠴᠢᠳ ᠾᠧᠪᠸᠢ ᠮᠤᠵᠢ ᠶᠢᠨ ᠸᠠᠨ ᠴᠢᠤᠸᠠᠨ ᠰᠢᠶᠠᠨ ᠤ ᠱᠠᠩ | ᠶᠢᠩ ᠳᠦᠨ ᠲᠣᠰᠬᠤᠨ ᠤ ᠴᠢᠭᠤᠯᠤᠯᠲᠤ ᠬᠠᠭᠠᠯᠭ᠎ᠠ — ᠲᠠᠩᠱᠠᠨ ᠤ ᠲᠡᠮᠦᠷ ᠵᠠᠮ ᠢ ᠰᠤᠨᠳᠠᠯᠠᠭᠰᠠᠨ ᠴᠢᠭᠤᠯᠤᠯᠲᠤ | ᠬᠠᠭᠠᠯᠭ᠎ᠠ — ᠬᠥᠬᠡᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠪᠦᠲᠦᠭᠡᠨ | ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠨᠢ᠃ | ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠠᠶᠠᠨᠴᠢᠨ ᠤ ᠲᠡᠭᠡᠭᠡᠪᠦᠷᠢ ᠶᠢᠨ ᠲᠤᠰᠬᠠᠶ ᠱᠤᠭᠤᠮ | ᠵᠡᠭᠦᠨ ᠠᠴᠠ ᠴᠢᠭᠤᠯᠤᠯᠲᠤ ᠬᠠᠭᠠᠯᠭ᠎ᠠ ᠶᠢᠨ ᠡᠮᠦᠨ᠎ᠡ ᠥᠷᠲᠡᠭᠡ ᠠᠴᠠ ᠡᠬᠢᠯᠡᠨ᠂ ᠪᠠᠷᠠᠭᠤᠨᠰᠢ ᠬᠥᠬᠡᠬᠤᠲᠠ ᠶᠢᠨ | ᠵᠡᠭᠦᠨ ᠥᠷᠲᠡᠭᠡ ᠳᠤ ᠬᠦᠷᠴᠦ᠂ ᠬᠤᠣᠰ ᠤᠲᠠᠰᠤᠲᠤ ᠴᠠᠬᠢᠯᠭᠠᠨᠵᠢᠭᠤᠯᠤᠭᠰᠠᠨ ᠲᠡᠮᠦᠷ ᠵᠠᠮ ᠪᠠᠶᠢᠵᠤ᠂ ᠪᠦᠬᠦ | ᠣᠷᠳᠣ ᠨᠢ 286 ᠺᠢᠯᠣᠮᠧᠲᠷ ᠪᠣᠯᠣᠨ᠎ᠠ᠂ 2014 ᠣᠨ ᠤ 3 ᠳ᠋ᠤᠭᠠᠷ ᠰᠠᠷ᠎ᠠ ᠳᠤ ᠠᠵᠢᠯ ᠡᠬᠢᠯᠡᠭᠦᠯᠵᠦ᠂ | ᠵᠢᠱᠢᠯᠲᠡ ᠪᠠᠷ 2018 ᠣᠨ ᠳᠤ ᠪᠠᠶᠢᠭᠤᠯᠵᠤ ᠳᠠᠭᠤᠰᠤᠨ ᠲᠡᠷᠭᠡ ᠨᠡᠪᠲᠡᠷᠡᠬᠦ ᠪᠣᠯᠣᠨ᠎ᠠ᠃ ᠲᠤᠰ ᠠᠶᠠᠨᠴᠢᠳ ᠤᠨ | ᠲᠡᠭᠡᠭᠡᠪᠦᠷᠢ ᠶᠢᠨ ᠲᠤᠰᠬᠠᠶ ᠱᠤᠭᠤᠮ ᠪᠣᠯ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠠᠴᠠ | ᠪᠡᠭᠡᠵᠢᠩ ᠳᠤ ᠣᠷᠣᠬᠤ ᠲᠦᠷᠭᠡᠨ ᠬᠤᠷᠳᠤ ᠶᠢᠨ ᠵᠠᠮ ᠪᠣᠯᠬᠤ ᠪᠠᠷ ᠪᠠᠷᠠᠬᠤ ᠦᠭᠡᠢ ᠪᠠᠰᠠ ᠴᠤ ᠤᠯᠤᠰ ᠤᠨ ᠲᠡᠮᠦᠷ | ᠵᠠᠮ ᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ᠂ | ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢ ᠬᠤᠯᠪᠣᠭᠰᠠᠨ ᠴᠢᠬᠤᠯᠠ ᠵᠠᠮ ᠪᠠᠶᠢᠬᠤ ᠪᠥᠭᠡᠳ ᠬᠤᠷᠳᠤᠴᠠ ᠶᠢᠨ | ᠬᠠᠷᠠᠯᠲᠠ ᠬᠡᠮᠵᠢᠭᠳᠡᠯ ᠨᠢ ᠴᠠᠭ ᠲᠤ 250 ᠺᠢᠯᠣᠮᠧᠲᠷ ᠪᠣᠯᠣᠨ᠎ᠠ᠃ ᠲᠥᠷᠥᠯ ᠵᠦᠢᠯ ᠢ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠲᠥᠯᠥᠪᠵᠢᠭᠦᠯᠦᠭᠰᠡᠨ ᠴᠢᠭᠤᠯᠤᠯᠲᠤ ᠬᠠᠭᠠᠯᠭ᠎ᠠ ᠠᠴᠠ ᠪᠡᠭᠡᠵᠢᠩ ᠬᠦᠷᠬᠦ ᠬᠤᠲᠠ ᠶᠢᠨ | ᠬᠤᠭᠤᠷᠣᠨᠳᠣᠬᠢ ᠲᠡᠮᠦᠷ ᠵᠠᠮ ᠲᠠᠢ ᠨᠡᠶᠢᠯᠡᠭᠡᠳ ᠥᠪᠥᠷ ᠮᠣᠩᠭᠤᠯ ᠤᠨ ᠪᠠᠷᠠᠭᠤᠨ ᠣᠷᠣᠨ ᠤ ᠪᠡᠭᠡᠵᠢᠩ ᠳᠤ ᠣᠷᠣᠬᠤ | ᠠᠶᠠᠨᠴᠢᠳ ᠤᠨ ᠲᠡᠭᠡᠭᠡᠪᠦᠷᠢ ᠶᠢᠨ ᠲᠦᠷᠭᠡᠨ ᠬᠤᠷᠳᠤ ᠶᠢᠨ ᠲᠡᠮᠦᠷ ᠵᠠᠮ ᠪᠣᠯᠵᠤ ᠪᠦᠷᠢᠳᠬᠦ ᠶᠢᠨ ᠬᠠᠮᠲᠤ ᠶᠡᠭᠡ | ᠬᠡᠮᠵᠢᠶᠡᠨ ᠤ ᠠᠶᠠᠨᠴᠢᠳ ᠤᠨ ᠴᠤᠪᠤᠷᠠᠯ ᠢ ᠰᠠᠯᠭᠠᠵᠤ᠂ ᠣᠳᠣ ᠪᠠᠶᠢᠭ᠎ᠠ ᠠᠴᠢᠶ᠎ᠠ ᠲᠡᠭᠡᠭᠡᠪᠦᠷᠢ ᠶᠢᠨ ᠨᠡᠪᠲᠡᠷᠡᠬᠦ ᠵᠠᠮ ᠤᠨ | ᠴᠢᠳᠠᠮᠵᠢ ᠶᠢ ᠴᠢᠩᠭᠠᠷᠠᠭᠤᠯᠬᠤ ᠪᠣᠯᠣᠨ᠎ᠠ᠃ |