︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾ | ᠤᠨ ᠸᠢᠴᠡᠲ ︵ᠸᠢᠴᠡᠲ ᠤᠨ ᠣᠯᠠᠨ ᠨᠡᠶᠢᠲᠡ ᠶᠢᠨ ᠳ᠋ᠤᠭᠠᠷ᠄ nmgzffb︶ ᠢ ᠣᠷᠴᠢᠮᠬᠠᠨ ᠵᠢᠩᠬᠢᠨᠢ ᠪᠠᠷ | ᠰᠦᠯᠵᠢᠶᠡᠨ ᠳᠤ ᠭᠠᠷᠭᠠᠨ ᠠᠵᠢᠯᠯᠠᠭᠤᠯᠪᠠ᠃ ᠲᠤᠰ ᠸᠢᠴᠡᠲ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ᠡᠷᠬᠢᠯᠡᠵᠦ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠡᠷᠭᠡ | ᠴᠢᠬᠤᠯᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ | ᠨᠢᠭᠲᠠ ᠬᠤᠯᠪᠣᠭ᠎ᠠ ᠲᠠᠢ ᠮᠡᠳᠡᠭᠡ ᠶᠢᠨ ᠮᠡᠳᠡᠭᠡ ᠵᠠᠩᠭᠢ ᠶᠢ ᠳᠡᠪᠰᠢᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ | ︾ ᠨᠢ ᠡᠳᠦᠷ ᠪᠦᠷᠢ ᠶᠢᠨ ᠮᠡᠳᠡᠭᠡ ᠵᠠᠩᠭᠢ ᠳᠡᠪᠰᠢᠭᠦᠯᠬᠦ᠂ ᠪᠢᠴᠢᠯ ᠨᠡᠶᠢᠲᠡᠯᠡᠯ᠂ ᠪᠢᠴᠢᠯ ᠴᠤᠭᠯᠠᠷᠠᠯ᠂ ᠪᠢᠴᠢᠯ | ᠦᠢᠯᠡᠴᠢᠯᠡᠭᠡ ᠭᠡᠬᠦ 4 ᠪᠤᠯᠤᠩ ᠢᠶᠠᠷ ᠪᠦᠷᠢᠯᠳᠦᠵᠦ᠂ ᠡᠳᠦᠷ ᠪᠦᠷᠢ ᠶᠢᠨ ᠮᠡᠳᠡᠭᠡ ᠵᠠᠩᠭᠢ ᠳᠡᠪᠰᠢᠭᠦᠯᠬᠦ ᠪᠠ ︽ᠪᠢᠴᠢᠯ | ᠨᠡᠶᠢᠲᠡᠯᠡᠯ︾ ᠪᠤᠯᠤᠩ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠪᠣᠯᠣᠨ ᠴᠢᠬᠤᠯᠠ ᠵᠠᠰᠠᠭ ᠤᠨ ᠶᠠᠪᠤᠳᠠᠯ ᠤᠨ ᠪᠠᠶᠢᠳᠠᠯ ᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠭᠠᠴᠢᠯᠠᠭ᠎ᠠ ᠲᠠᠢ ᠪᠠᠷ ᠢᠯᠡ ᠪᠣᠯᠭᠠᠭᠰᠠᠨ | ᠪᠢᠴᠢᠭ ᠮᠠᠲ᠋ᠧᠷᠢᠶᠠᠯ ᠢ ᠡᠷᠢᠨ ᠣᠩᠰᠢᠵᠤ ᠪᠣᠯᠣᠨ᠎ᠠ︔ ︽ᠪᠢᠴᠢᠯ ᠴᠤᠭᠯᠠᠷᠠᠯ︾ ᠪᠤᠯᠤᠩ ᠠᠴᠠ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠸᠢᠴᠡᠲ ᠪᠣᠯᠣᠨ ᠰᠣᠨᠢᠨ ᠮᠡᠳᠡᠭᠡᠨ ᠤ ᠵᠠᠭᠤᠴᠢᠯᠠᠭᠤᠷ ᠤᠨ | ᠸᠢᠴᠡᠲ ᠤᠨ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ ᠪᠣᠯᠣᠨ᠎ᠠ︔ ︽ᠪᠢᠴᠢᠯ ᠦᠢᠯᠡᠴᠢᠯᠡᠭᠡ︾ ᠪᠤᠯᠤᠩ ᠠᠴᠠ | ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠠᠭᠠᠷ ᠮᠠᠨᠳᠣᠯ ᠤᠨ ᠶᠠᠰᠤ ᠴᠢᠨᠠᠷ᠂ ᠴᠠᠭ | ᠠᠭᠤᠷ ᠤᠨ ᠤᠷᠢᠳᠴᠢᠯᠠᠭᠰᠠᠨ ᠮᠡᠳᠡᠭᠡ ᠵᠡᠷᠭᠡ ᠮᠡᠳᠡᠭᠡ ᠶᠢᠨ ᠲᠥᠷᠥᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ | ᠪᠣᠯᠣᠨ᠎ᠠ᠃ ᠸᠢᠴᠡᠲ ᠤᠨ ᠬᠡᠷᠡᠭᠯᠡᠭᠴᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠨᠡᠶᠢᠲᠡᠯᠡᠯ︾ ᠤᠨ ᠣᠯᠠᠨ ᠨᠡᠶᠢᠲᠡ ᠶᠢᠨ ᠲᠠᠪᠴᠠᠩ ᠤᠨ ᠬᠤᠶᠠᠷ ᠬᠡᠮᠵᠢᠯᠲᠦ ᠺᠣᠳ᠋ ᠢ | ᠰᠢᠷᠪᠢᠭᠡᠳ ᠠᠩᠬᠠᠷᠤᠯ ᠳᠠᠭᠠᠨ ᠠᠪᠬᠤ ᠪᠤᠶᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾ ᠤᠨ ᠸᠢᠴᠡᠲ ᠤᠨ ᠣᠯᠠᠨ ᠨᠡᠶᠢᠲᠡ ᠶᠢᠨ ᠲᠠᠪᠴᠠᠩ ᠤᠨ ᠬᠢᠲᠠᠳ | ᠦᠰᠦᠭ ᠤᠨ ᠨᠡᠷᠡᠶᠢᠳᠦᠯ ᠪᠤᠶᠤ ᠸᠢᠴᠡᠲ ᠤᠨ ᠣᠯᠠᠨ ᠨᠡᠶᠢᠲᠡ ᠶᠢᠨ ᠳ᠋ᠤᠭᠠᠷ ︽nmgzffb︾ ᠢ ᠬᠠᠶᠢᠬᠤ ᠪᠠᠷ | ᠳᠠᠮᠵᠢᠭᠤᠯᠤᠨ ᠠᠩᠬᠠᠷᠤᠯ ᠳᠠᠭᠠᠨ ᠠᠪᠴᠤ ᠪᠣᠯᠣᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠯ︾ ᠤᠨ ᠸᠢᠴᠡᠲ ᠤᠨ ᠣᠯᠠᠨ ᠨᠡᠶᠢᠲᠡ ᠶᠢᠨ ᠲᠠᠪᠴᠠᠩ ᠢ | ᠰᠦᠯᠵᠢᠶᠡᠨ ᠳᠤ ᠭᠠᠷᠭᠠᠨ ᠠᠵᠢᠯᠯᠠᠭᠤᠯᠤᠭᠰᠠᠨ ᠶᠠᠪᠤᠳᠠᠯ ᠨᠢ ᠵᠠᠰᠠᠭ ᠤᠨ ᠣᠷᠳᠣᠨ ᠬᠢᠭᠡᠳ ᠣᠯᠠᠨ ᠨᠡᠶᠢᠲᠡ ᠶᠢ | ᠤᠯᠠᠮ ᠨᠢᠭᠡ ᠠᠯᠬᠤᠮ ᠣᠶᠢᠷᠠᠲᠤᠭᠤᠯᠵᠤ᠂ ᠵᠠᠰᠠᠭ ᠤᠨ ᠣᠷᠳᠣᠨ ᠤ ᠲᠤᠩᠭᠠᠴᠠ ᠪᠠ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ ᠪᠠᠶᠢᠭ᠎ᠠ ᠶᠤᠮ᠃ | ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠣᠬᠢᠷᠠᠭᠤᠯᠤᠯᠲᠠ ᠶᠤᠰᠤᠭᠠᠷ᠂ ᠡᠨᠡ ᠵᠢᠯ ᠪᠦᠬᠦ ᠣᠷᠣᠨ ᠤ | 70% ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠢᠴᠢ ᠰᠤᠷᠭᠠᠨ ᠬᠥᠮᠦᠵᠢᠯ᠂ | ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ᠂ ᠠᠵᠤ | ᠦᠢᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ᠂ ᠵᠢᠭᠤᠯᠴᠢᠯᠠᠯ ᠵᠡᠷᠭᠡ ᠪᠠ ᠠᠷᠠᠳ ᠤᠨ ᠠᠮᠢᠳᠤᠷᠠᠯ | ᠯᠤᠭ᠎ᠠ ᠨᠢᠭᠲᠠ ᠬᠤᠯᠪᠣᠭ᠎ᠠ ᠲᠠᠢ ᠰᠠᠯᠠᠭ᠎ᠠ ᠮᠥᠴᠢᠷ ᠠᠭᠱᠠᠨ ᠵᠠᠭᠤᠷ᠎ᠠ ᠶᠢᠨ ᠮᠡᠳᠡᠭᠡ ᠬᠤᠯᠪᠣᠭᠠᠨ ᠤ ᠪᠠᠭᠠᠵᠢ ᠶᠢ | ᠠᠰᠢᠭᠯᠠᠭᠰᠠᠨ ᠵᠠᠰᠠᠭ ᠤᠨ ᠶᠠᠪᠤᠳᠠᠯ ᠤᠨ ᠣᠯᠠᠨ ᠨᠡᠶᠢᠲᠡ ᠶᠢᠨ ᠳᠠᠩᠰᠠᠨ ᠨᠣᠮᠧᠷ ᠭᠠᠷᠭᠠᠬᠤ ᠪᠠᠷ ᠪᠤᠢ ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠣᠷᠣᠨ ᠤ | 20 ᠭᠠᠷᠤᠢ ᠰᠢᠭᠤᠳ ᠬᠠᠷᠢᠶ᠎ᠠ ᠨᠢᠭᠡᠴᠡ ᠠᠯᠪᠠᠨ ᠤ ᠸᠢᠴᠡᠲ ᠢ ᠨᠡᠪᠲᠡᠷᠡᠭᠦᠯᠵᠦ᠂ ᠡᠯ᠎ᠡ ᠠᠶᠢᠮᠠᠭ ᠬᠤᠲᠠ ᠴᠣ᠋ | ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠸᠢᠴᠡᠲ ᠢ ᠵᠠᠯᠭᠠᠪᠡᠷ | ᠨᠡᠪᠲᠡᠷᠡᠭᠦᠯᠬᠦ ᠪᠠᠷ ᠪᠤᠢ᠃ |