ᠳᠤᠮᠳᠠᠳᠤ ᠤᠯᠤᠰ ︽ᠬᠠᠲᠤᠨ ᠭᠤᠣᠯ ᠤᠨ ᠰᠠᠪᠠ ᠭᠠᠵᠠᠷ ᠤᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠦᠯᠵᠢᠶ᠎ᠡ︾ ᠪᠠᠶᠢᠭᠤᠯᠪᠠ  ᠥᠪᠥᠷ ᠮᠣᠩᠭᠤᠯ ᠵᠢᠭᠰᠠᠭᠠᠭᠳᠠᠨ ᠣᠷᠣᠪᠠ
ᠨᠡᠶᠢᠲᠡᠯᠡᠭᠰᠡᠨ ᠴᠠᠭ᠄
2015/9/1
     ᠬᠠᠲᠤᠨ ᠭᠤᠣᠯ ᠤᠨ ᠰᠠᠪᠠ ᠭᠠᠵᠠᠷ ᠤᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠲᠥᠯᠦᠭᠡ᠂ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠳᠠ ᠬᠠᠮᠢᠶᠠᠷᠤᠯᠳᠠ ᠶᠢᠨ ᠲᠥᠪ᠂ ᠴᠢᠬᠢᠭᠯᠢᠭ ᠨᠤᠭᠤ ᠭᠠᠵᠠᠷ ᠤᠨ ᠣᠯᠠᠨ ᠤᠯᠤᠰ — ᠳᠤᠮᠳᠠᠳᠤ ᠤᠯᠤᠰ ᠤᠨ ᠬᠡᠷᠡᠭ ᠡᠷᠬᠢᠯᠡᠬᠦ ᠭᠠᠵᠠᠷ᠂ ᠬᠠᠲᠤᠨ ᠭᠤᠣᠯ ᠤᠨ ᠰᠠᠪᠠ ᠭᠠᠵᠠᠷ ᠤᠨ 9 ᠮᠤᠵᠢ ︵ᠥᠪᠡᠷᠲᠡᠭᠡᠨ ᠵᠠᠰᠠᠬᠤ ᠣᠷᠣᠨ︶ 31᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠭᠤᠲᠣ ᠬᠤᠲᠠ ᠳᠤ ︽ᠬᠠᠲᠤᠨ ᠭᠤᠣᠯ ᠤᠨ ᠰᠠᠪᠠ ᠭᠠᠵᠠᠷ ᠤᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠦᠯᠵᠢᠶ᠎ᠡ︾᠎ ᠶᠢ ᠡᠭᠦᠰᠭᠡᠨ ᠪᠠᠶᠢᠭᠤᠯᠵᠤ᠂ ᠡᠭᠦᠨ ᠢᠶᠠᠷ ︽ᠬᠠᠲᠤᠨ ᠭᠤᠣᠯ︾᠎ ᠤᠨ ᠴᠢᠬᠢᠭᠯᠢᠭ ᠨᠤᠭᠤ ᠭᠠᠵᠠᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠦᠷᠭᠦᠯᠵᠢᠯᠡᠨ ᠬᠥᠭᠵᠢᠭᠦᠯᠬᠦ ᠶᠠᠪᠤᠳᠠᠯ ᠢ ᠠᠬᠢᠭᠤᠯᠬᠤ ᠪᠣᠯᠤᠨ᠎ᠠ᠃      ᠲᠠᠨᠢᠯᠴᠠᠭᠤᠯᠤᠭᠰᠠᠨ ᠢᠶᠠᠷ᠂ ︽ᠬᠠᠲᠤᠨ ᠭᠤᠣᠯ ᠤᠨ ᠰᠠᠪᠠ ᠭᠠᠵᠠᠷ ᠤᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠦᠯᠵᠢᠶ᠎ᠡ︾᠎ ᠶᠢᠨ ᠪᠦᠷᠢᠯᠳᠦᠬᠦᠨ ᠬᠠᠲᠤᠨ ᠭᠤᠣᠯ ᠤᠨ ᠰᠠᠪᠠ ᠭᠠᠵᠠᠷ ᠳᠠᠭᠠᠤ ᠶᠢᠨ 9 ᠮᠤᠵᠢ ᠣᠷᠣᠨ ︵ᠱᠠᠨ ᠰᠢ᠂ ᠥᠪᠥᠷ ᠮᠣᠩᠭᠤᠯ᠂ ᠱᠠᠨᠳᠦ᠋ᠩ᠂ ᠾᠧᠨᠠᠨ᠂ ᠰᠧᠴᠤᠸᠠᠨ᠂ ᠱᠠᠨᠰᠢ᠂ ᠭᠠᠨᠰᠦ᠂ ᠨᠢᠩᠰᠢᠶᠠ᠂ ᠬᠥᠬᠡᠨᠠᠭᠤᠷ︶᠎ ᠤ ᠴᠢᠬᠢᠭᠯᠢᠭ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ᠂ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ᠂ ᠴᠢᠬᠢᠭᠯᠢᠭ ᠨᠤᠭᠤ ᠭᠠᠵᠠᠷ ᠤᠨ ᠴᠡᠴᠡᠷᠯᠢᠭ᠂ ᠴᠢᠬᠢᠭᠯᠢᠭ ᠨᠤᠭᠤ ᠭᠠᠵᠠᠷ ᠤᠨ ᠰᠤᠳᠤᠯᠤᠯ ᠤᠨ ᠨᠢᠭᠡᠴᠡ᠂ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠨᠡᠶᠢᠭᠡᠮ ᠤᠨ ᠪᠦᠯᠬᠦᠮ ᠵᠡᠷᠭᠡ ᠠᠴᠠ ᠪᠦᠷᠢᠯᠳᠦᠵᠦ᠂ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠤᠳᠤᠷᠢᠳᠬᠤ ᠶᠢ ᠬᠦᠯᠢᠶᠡᠨ᠂ ᠴᠢᠬᠢᠭᠯᠢᠭ ᠨᠤᠭᠤ ᠭᠠᠵᠠᠷ ᠤᠨ ᠣᠯᠠᠨ ᠤᠯᠤᠰ ᠭᠤᠣᠯᠴᠢᠯᠠᠨ ᠣᠷᠣᠯᠴᠠᠵᠤ ᠬᠠᠮᠲᠤᠪᠠᠷ ᠪᠠᠶᠢᠭᠤᠯᠤᠭᠰᠠᠨ ᠨᠢᠭᠡᠴᠡ ᠪᠣᠯᠣᠭᠰᠠᠨ ᠤ ᠬᠤᠪᠢ ᠎ ᠳᠤ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ᠂ ᠤᠯᠤᠰ ᠪᠣᠯᠣᠨ 9 ᠮᠤᠵᠢ ᠣᠷᠣᠨ ᠤ ᠴᠢᠬᠢᠭᠯᠢᠭ ᠨᠤᠭᠤ ᠭᠠᠵᠠᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭᠤᠯᠤᠮᠵᠢ ᠶᠢᠨ ᠠᠵᠢᠯᠯᠠᠭ᠎ᠠ ᠪᠣᠯᠣᠨ ᠴᠢᠬᠤᠯᠠ ᠶᠡᠭᠡ ᠶᠠᠪᠤᠳᠠᠯ ᠤᠨ ᠰᠢᠢᠳᠪᠦᠷᠢᠲᠦ ᠪᠣᠳᠣᠯᠭ᠎ᠠ ᠵᠢᠴᠢ ᠡᠯ᠎ᠡ ᠮᠤᠵᠢ ᠣᠷᠣᠨ ᠤ ᠴᠢᠬᠢᠭᠯᠢᠭ ᠨᠤᠭᠤ ᠭᠠᠵᠠᠷ ᠤᠨ ᠰᠠᠯᠠᠭ᠎ᠠ ᠮᠥᠴᠢᠷ ᠢ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠃      ᠳᠦᠷᠢᠮ ᠤᠨ ᠲᠣᠭᠲᠠᠭᠠᠯ ᠶᠣᠰᠣᠭᠠᠷ᠂ ︽ᠬᠠᠲᠤᠨ ᠭᠤᠣᠯ ᠤᠨ ᠰᠠᠪᠠ ᠭᠠᠵᠠᠷ ᠤᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠦᠯᠵᠢᠶ᠎ᠡ︾ ᠬᠠᠲᠤᠨ ᠭᠤᠣᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠣᠭᠲᠠᠴᠠ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ︔ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠢᠨᠵᠢᠯᠡᠬᠦ ᠣᠬᠠᠭᠠᠨ ᠤ ᠰᠤᠳᠤᠯᠤᠯ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠲᠤᠬᠠᠶ ᠶᠢᠨ ᠭᠠᠵᠠᠷ ᠤᠨ ᠵᠢᠱᠢᠶ᠎ᠡ ᠦᠵᠡᠭᠦᠯᠬᠦ ᠪᠠ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠡ ᠳᠤ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠯᠠᠪᠯᠯᠠᠭ᠎ᠠ ᠥᠭᠬᠦ᠂ ᠮᠡᠳᠡᠭᠡ ᠵᠠᠩᠭᠢ ᠶᠢᠨ ᠰᠣᠯᠢᠯᠴᠠᠭ᠎ᠠ ᠬᠢᠬᠦ ᠪᠠ ᠠᠵᠢᠯᠲᠠᠨ ᠤ ᠪᠣᠯᠪᠠᠰᠤᠷᠠᠭᠤᠯᠤᠯ ᠵᠡᠷᠭᠡ ᠶᠢ ᠬᠠᠨᠭ᠍ᠭᠠᠨ᠎ᠠ︔ ᠬᠢᠨᠠᠨ ᠬᠡᠮᠵᠢᠭᠰᠡᠨ ᠮᠡᠳᠡᠭᠡ ᠵᠠᠩᠭᠢ ᠶᠢᠨ ᠰᠢᠰᠲ᠋ᠧᠮᠵᠢ ᠪᠠᠶᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ︔ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠣᠯᠠᠨ ᠤ ᠴᠢᠬᠢᠭᠯᠢᠭ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠎ᠡ᠃      ᠣᠶᠢᠯᠠᠭᠠᠭᠰᠠᠨ ᠢᠶᠠᠷ᠂ ᠲᠤᠰ ᠵᠣᠬᠢᠶᠠᠨ ᠪᠠᠶᠢᠭᠤᠯᠤᠯᠲᠠ ᠣᠳᠣ 70 ᠭᠠᠷᠤᠢ ᠡᠷᠦᠬᠡ ᠪᠦᠷᠢᠯᠳᠦᠬᠦᠨ ᠨᠢᠭᠡᠴᠡ ᠎ ᠲᠠᠢ ᠪᠠᠶᠢᠵᠤ᠂ ᠰᠦᠯᠵᠢᠶᠡᠨ ᠪᠦᠷᠢᠯᠳᠦᠬᠦᠨ ᠤ ᠲᠥᠯᠥᠭᠡᠯᠡᠭᠴᠢᠳ ᠤᠨ ᠶᠡᠭᠡ ᠬᠤᠷᠠᠯ᠂ ᠪᠣᠯᠪᠠᠰᠤᠷᠠᠭᠤᠯᠤᠯ᠂ ᠮᠡᠳᠡᠭᠡ ᠵᠠᠩᠭᠢ ᠶᠢᠨ ᠰᠣᠯᠢᠯᠴᠠᠭ᠎ᠠ᠂ ᠵᠢᠵᠢᠭ ᠬᠡᠯᠪᠡᠷᠢ ᠶᠢᠨ ᠲᠥᠷᠥᠯ ᠵᠦᠢᠯ ᠢ ᠪᠡᠯᠡ ᠮᠥᠡᠭᠭᠦ ᠪᠠᠷ ᠲᠤᠰᠠᠯᠠᠬᠤ ᠵᠡᠷᠭᠡ ᠠᠵᠢᠯᠯᠠᠭ᠎ᠠ ᠶᠢ ᠭᠤᠤᠯᠳᠠᠯᠭ᠎ᠠ ᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠳᠣᠲᠣᠭᠠᠳᠤ ᠣᠯᠠᠨ ᠤᠯᠤᠰ ᠤᠨ ᠴᠢᠬᠢᠭᠯᠢᠭ ᠨᠤᠭᠤ ᠭᠠᠵᠠᠷ ᠤᠨ ᠬᠠᠮᠠᠭᠠᠯᠠᠯᠲᠠ ᠶᠢᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠴᠢᠩᠭᠠᠳᠬᠠᠨ᠂ ᠬᠠᠲᠤᠨ ᠭᠤᠣᠯ ᠤᠨ ᠰᠠᠪᠠ ᠭᠠᠵᠠᠷ ᠤᠨ ᠴᠢᠬᠢᠭᠯᠢᠭ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ᠃ ᠬᠠᠲᠤᠨ ᠭᠤᠣᠯ ᠪᠣᠯ ᠳᠤᠮᠳᠠᠳᠤ ᠤᠯᠤᠰ ᠤᠨ ᠬᠤᠶᠠᠳᠤᠭᠠᠷ ᠶᠡᠭᠡ ᠭᠤᠣᠯ ᠮᠥᠷᠡᠨ ᠪᠠᠶᠢᠵᠤ᠂ ᠪᠠᠷᠠᠭᠤᠨ ᠬᠡᠰᠡᠭ᠂ ᠳᠤᠮᠳᠠᠳᠤ ᠬᠡᠰᠡᠭ᠂ ᠵᠡᠭᠦᠨ ᠬᠡᠰᠡᠭ ᠤᠨ 9 ᠮᠤᠵᠢ ᠣᠷᠣᠨ ᠢᠶᠠᠷ ᠨᠡᠪᠲᠡᠷᠡᠵᠦ᠂ ᠴᠢᠬᠢᠭᠯᠢᠭ ᠨᠤᠭᠤ ᠭᠠᠵᠠᠷ ᠤᠨ ᠲᠠᠯᠠᠪᠠᠶ 392.92 ᠲᠦᠮᠡᠨ ᠾᠧᠺᠲ᠋ᠠᠷ  ᠪᠠᠶᠢᠵᠤ ᠂ ᠴᠢᠬᠢᠭᠯᠢᠭ ᠨᠤᠭᠤ ᠭᠠᠵᠠᠷ ᠤᠨ ᠨᠣᠷᠮ᠎ᠠ ᠨᠢ 4.88% ᠪᠣᠯᠣᠨ᠎ᠠ᠃ ᠡᠭᠦᠨ ᠳᠤ᠂ ᠬᠠᠮᠠᠭᠠᠯᠠᠭᠳᠠᠵᠤ ᠪᠠᠶᠢᠭ᠎ᠠ ᠴᠢᠬᠢᠭᠯᠢᠭ ᠨᠤᠭᠤ ᠭᠠᠵᠠᠷ ᠤᠨ ᠲᠠᠯᠠᠪᠠᠶ 232.57 ᠲᠦᠮᠡᠨ ᠾᠧᠺᠲ᠋ᠠᠷ ᠪᠠᠶᠢᠵᠤ᠂ ᠬᠠᠮᠠᠭᠠᠯᠠᠯᠲᠠ ᠶᠢᠨ ᠨᠣᠷᠮ᠎ᠠ ᠨᠢ 59.19% ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号