ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦ ᠵᠠᠨ ᠭᠦᠩ ᠤᠯᠠᠭᠠᠨᠬᠠᠳᠠ ᠳᠡᠭᠡᠳᠦ ᠰᠤᠷᠭᠠᠭᠤᠯᠢ ᠳᠤ ᠬᠦᠷᠴᠦ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2015/9/10
    9 ᠳ᠋ᠦ᠋ᠭᠡᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦ ᠵᠠᠨ ᠬᠦᠩ ᠢᠶᠠᠷ ᠪᠦᠯᠭᠦᠮ ᠤᠨ ᠳᠠᠷᠤᠭ᠎ᠠ ᠪᠣᠯᠭᠠᠭᠰᠠᠨ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠪᠠᠶᠢᠴᠠᠭᠠᠨ ᠦᠵᠡᠬᠦ ᠪᠦᠯᠬᠦᠮ ᠤᠨ ᠬᠢᠨ 31 ᠬᠥᠮᠦᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠠᠩ ᠴᠧᠩ ᠸᠠᠩ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠴᠧᠩ ᠰᠢ᠂ ᠬᠤᠳᠠ ᠵᠨ ᠤᠯᠤᠰ ᠲᠥᠷᠤ ᠵᠨ ᠵᠥᠪᠯᠡᠯᠭᠡᠨ ᠤ ᠲᠡᠷᠢᠭᠦᠯᠡᠭᠴᠢ ᠵᠤ᠋ ᠵᠢᠩ ᠲᠢᠶᠠᠨ᠂ ᠬᠤᠲᠠ ᠶᠢᠨ ᠳᠡᠳ᠋ ᠳᠠᠷᠤᠭ᠎ᠠ ᠸᠧᠨ ᠲᠤᠤ  ᠶᠢᠨ ᠪᠠᠷ᠎ᠠ ᠪᠤᠯᠤᠯᠭ᠎ᠠ ᠲᠠᠢ ᠪᠠᠷ ᠤᠯᠠᠭᠠᠨᠬᠠᠳᠠ ᠳᠡᠭᠡᠳᠦ ᠰᠤᠷᠭᠠᠭᠤᠯᠢ ᠳᠤ ᠬᠦᠷᠴᠦ ᠣᠨᠴᠠᠭᠠᠢ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ᠠᠵᠢᠯ ᠢ ᠪᠠᠶᠢᠴᠠᠭᠠᠨ ᠵᠢᠯᠣᠭᠤᠳᠪᠠ᠃       ᠯᠦ ᠵᠠᠨ ᠭᠦᠩ ᠳᠡᠳ᠋ ᠲᠡᠷᠢᠭᠦᠯᠡᠭᠴᠢ ᠨᠠᠷ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢ ᠴᠦᠨ ᠯᠢᠨ᠂ ᠳᠡᠭᠡᠳᠦ ᠰᠤᠷᠭᠠᠭᠤᠯᠢ ᠶᠢᠨ ᠵᠠᠬᠢᠷᠤᠯ ᠯᠸᠢ ᠳ᠋ᠧ ᠷᠦᠩ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠢᠦᠢ ᠵᠢᠶᠠᠨ ᠱᠧ᠂ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠳᠡᠯᠭᠡᠷ᠂ ᠼᠦᠢ ᠴᠢ ᠹᠦ᠋ ᠶᠢᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠰᠤᠷᠭᠠᠭᠤᠯᠢ ᠶᠢᠨ ᠨᠣᠮ ᠤᠨ ᠰᠠᠩ ᠪᠣᠯᠤᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠤᠤ ᠡᠯ ᠹᠦ᠋ ᠳᠠᠭᠤᠤ ᠬᠥᠭᠵᠢᠮ ᠤᠨ ᠬᠢᠴᠢᠶᠡᠯ ᠤᠨ ᠭᠡᠷ᠂ ᠮᠧᠩ ᠲᠠᠢ ᠰᠦᠸᠧ ᠯᠢ ᠬᠢᠴᠢᠶᠡᠯ ᠤᠨ ᠭᠡᠷ ᠪᠣᠯᠤᠨ ᠡᠴᠢᠭᠡ ᠡᠬᠡ ᠬᠡᠦᠬᠡᠳ ᠤᠨ ᠬᠢᠴᠢᠶᠡᠯ ᠤᠨ ᠭᠡᠷ ᠲᠤ ᠬᠦᠷᠴᠦ᠂ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ᠂ ᠣᠨᠴᠠᠭᠠᠶ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ᠪᠠ ᠵᠢᠭᠠᠨ  ᠰᠤᠷᠭᠠᠯᠲᠠ ᠶᠢᠨ ᠦᠭᠡᠷᠡᠴᠢᠯᠡᠯᠲᠡ ᠵᠡᠷᠭᠡ ᠪᠠᠶᠢᠳᠠᠯ ᠢ ᠲᠣᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠤ ᠬᠠᠮᠲᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠲᠣᠭᠤᠷᠢᠨ ᠦᠵᠡᠵᠦ᠂ ᠪᠠᠭᠰᠢ ᠰᠤᠷᠤᠭᠴᠢᠳ ᠲᠠᠢ ᠰᠠᠨᠠᠯ ᠢᠶᠠᠨ ᠰᠤᠯᠢᠯᠴᠠᠪᠠ᠃ ᠪᠠᠶᠢᠴᠠᠭᠠᠨ ᠦᠵᠡᠬᠦ ᠬᠤᠭᠤᠴᠠᠭᠠᠨ ᠳᠤ ᠱᠦᠵᠢ ᠯᠢ ᠴᠦᠨ ᠯᠢᠨ᠂ ᠳᠡᠭᠡᠳᠦ ᠰᠤᠷᠭᠠᠭᠤᠯᠢ ᠶᠢᠨ ᠵᠠᠬᠢᠷᠤᠯ ᠯᠢ ᠳ᠋ᠧ ᠷᠦᠩ᠂ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠵᠢᠢ ᠰᠢᠤ ᠴᠢᠨ ᠤ ᠬᠢᠭᠰᠡᠨ ᠬᠤᠯᠪᠣᠭᠳᠠᠯ ᠪᠦᠬᠦᠢ ᠰᠤᠷᠭᠠᠭᠤᠯᠢ ᠶᠢᠨ ᠲᠦᠢᠮᠣ ᠪᠠᠶᠢᠳᠠᠯ ᠪᠣᠯᠣᠨ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠣᠨᠴᠠᠭᠠᠶ ᠰᠤᠷᠭᠠᠨ ᠬᠥᠮᠦᠵᠢᠯ ᠤᠨ ᠴᠢᠳᠠᠪᠤᠷᠢᠲᠠᠨ ᠬᠦᠮᠦᠵᠢᠭᠦᠯᠵᠦ ᠪᠠᠶᠢᠭ᠎ᠠ᠂ ᠲᠤᠰᠬᠠᠶ ᠮᠡᠷᠭᠡᠵᠢᠯ ᠤᠨ ᠪᠠᠶᠢᠭᠤᠯᠤᠯᠲᠠ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠬᠤᠶᠢᠰᠢᠳᠠ ᠶᠢᠨ ᠭᠦᠭᠵᠢᠯᠲᠡ ᠶᠢᠨ ᠰᠡᠳᠬᠢᠮᠵᠢ  ᠵᠡᠷᠭᠡ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠤᠰᠤᠭᠰᠠᠨ ᠪᠦᠭᠡᠳ ᠰᠤᠷᠭᠠᠭᠤᠯᠢ ᠶᠢᠨ ᠣᠨᠴᠠᠭᠠᠶ ᠰᠤᠷᠭᠠᠨ ᠬᠥᠮᠦᠵᠢᠯ ᠤᠨ ᠦᠢᠯᠡᠰ ᠤᠨ ᠪᠠᠶᠢᠭᠤᠯᠤᠯᠲᠠ ᠶᠢᠨ ᠬᠥᠭᠵᠢᠯᠲᠡ ᠳᠤ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃     ᠪᠠᠶᠢᠴᠠᠭᠠᠨ ᠦᠵᠡᠬᠦ ᠬᠤᠭᠤᠴᠠᠭᠠᠨ ᠳᠤ᠂ ᠪᠠᠶᠢᠴᠠᠭᠠᠨ ᠦᠵᠡᠬᠦ ᠪᠦᠯᠬᠦᠮ ᠤᠨ ᠪᠦᠷᠢᠯᠳᠦᠬᠦᠨ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯ ᠤᠨ ᠬᠤᠷᠢᠶ᠎ᠠ ᠶᠢᠨ ᠲᠢᠶᠠᠨᠵᠢᠨ ᠳᠠᠬᠢ ᠵᠢᠷᠤᠭ ᠤᠨ ᠬᠦᠷᠢᠶᠡᠯᠡᠩ ᠤᠨ ᠳᠡᠳ᠋ ᠳᠠᠷᠤᠭ᠎ᠠ ᠬᠠᠨ ᠪᠢ  ᠱᠧᠩ ᠤᠯᠠᠭᠠᠨᠬᠠᠳᠠ ᠳᠡᠭᠡᠳᠦ ᠰᠤᠷᠭᠠᠭᠤᠯᠢ ᠳᠤ ︽ᠡᠷᠳᠡᠮ ᠢ ᠰᠤᠷᠬᠤᠢ ᠳᠤᠷ ᠲᠥᠷᠥ ᠬᠦᠷᠦᠨ ᠳᠤ ᠠᠰᠢᠭᠲᠠᠢ ᠪᠠᠶᠢᠯᠭᠠᠵᠤ   ᠥᠪᠡᠷ ᠢᠶᠠᠨ ᠠᠮᠵᠢᠯᠲᠠ ᠣᠯᠣᠶ᠎ᠠ ᠭᠡᠮᠡᠪᠡᠰᠦ ᠡᠩ ᠲᠡᠷᠢᠭᠦᠨ ᠳᠤ ᠦᠷᠦᠭᠡᠯ ᠪᠤᠰᠤᠳ ᠢ ᠠᠮᠵᠢᠯᠲᠠ ᠳᠤ ᠬᠦᠷᠦᠭᠦᠯᠰᠦᠭᠡᠢ︾ ᠭᠡᠰᠡᠨ ᠰᠤᠷᠭᠠᠭᠤᠯᠢ ᠶᠢᠨ ᠰᠣᠷᠭᠠᠯ ᠪᠢᠴᠢᠵᠦ ᠥᠭᠪᠡ᠃ ᠯᠢ ᠴᠦᠨ ᠯᠢᠨ ᠱᠦᠵᠢ᠂ ᠯᠸᠢ ᠳ᠋ᠧ ᠷᠦᠩ ᠵᠠᠬᠢᠷᠤᠯ ᠰᠤᠷᠭᠠᠭᠤᠯᠢ ᠪᠠᠨ ᠲᠦᠯᠦᠭᠡᠯᠡᠨ ᠪᠢᠴᠢᠭᠡᠰᠦ ᠶᠢ ᠬᠦᠯᠢᠶᠡᠨ ᠠᠪᠴᠠᠢ᠃      ᠤᠯᠠᠭᠠᠨᠬᠠᠳᠠ ᠳᠡᠭᠡᠳᠦ ᠰᠤᠷᠭᠠᠭᠤᠯᠢ ᠪᠣᠯ ᠥᠪᠡᠷᠲᠡᠭᠡᠨ ᠵᠠᠰᠠᠬᠤ ᠣᠷᠣᠨ ᠤ ᠣᠨᠴᠠᠭᠠᠶ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠭᠰᠢ ᠬᠥᠮᠦᠵᠢᠭᠦᠯᠬᠦ ᠬᠠᠮᠤᠭ ᠠᠩᠬᠠᠨ ᠤ ᠰᠤᠷᠭᠠᠭᠤᠯᠢ ᠪᠣᠯᠬᠤ ᠪᠦᠭᠡᠳ ᠮᠥᠨ ᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠶᠡᠭᠡ ᠰᠤᠷᠭᠠᠭᠤᠯᠢ ᠨᠤᠭᠤᠳ ᠤᠨ ᠳᠣᠲᠣᠷᠠᠬᠢ ᠴᠣᠷ ᠤᠨ ᠭᠠᠭᠴᠠ ᠣᠨᠴᠠᠭᠠᠶ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠪᠠᠶᠢᠭᠤᠯᠤᠭᠰᠠᠨ ᠳᠡᠭᠡᠳᠦ ᠰᠤᠷᠭᠠᠭᠤᠯᠢ ᠪᠣᠯᠣᠨ᠎ᠠ᠃ ᠰᠤᠷᠭᠠᠭᠤᠯᠢ ᠨᠢ 1995 ᠣᠨ ᠠᠴᠠ 2000 ᠣᠨ ᠪᠣᠯᠲᠠᠯ᠎ᠠ ᠨᠡᠶᠢᠲᠡ ᠵᠢᠷᠭᠤᠭᠠᠨ ᠬᠤᠭᠤᠴᠠᠭᠠᠨ ᠤ ᠣᠨᠴᠠᠭᠠᠶ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠰᠤᠷᠤᠭᠴᠢ  ᠡᠯᠰᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠵᠡᠷᠭᠡ ᠣᠨᠴᠠᠭᠠᠶ ᠰᠤᠷᠭᠠᠨ ᠬᠥᠮᠦᠵᠢᠯ ᠤᠨ ᠪᠠᠶᠢᠭᠤᠯᠤᠮᠵᠢ ᠳᠤ 200 ᠰᠢᠬᠠᠮ ᠨᠡᠷᠡᠰ ᠪᠠᠭᠰᠢ ᠬᠠᠩᠭᠠᠪᠠ᠃ 2013 ᠣᠨ ᠠᠴᠠ ᠡᠬᠢᠯᠡᠨ ᠣᠨᠴᠠᠭᠠᠶ ᠰᠤᠷᠭᠠᠨ ᠬᠥᠮᠦᠵᠢᠯ ᠤᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠪᠣᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠᠭᠠᠶ ᠰᠤᠷᠭᠠᠨ ᠬᠥᠮᠦᠵᠢᠯ ᠤᠨ ᠰᠤᠳᠤᠯᠤᠯ ᠤᠨ ᠲᠥᠪ ᠢ ᠴᠦ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠳᠤ ᠪᠠᠶᠢᠭᠤᠯᠵᠠᠢ  ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号