ᠪᠦᠬᠦ ᠤᠯᠤᠰ ᠤᠨ ᠮᠠᠷᠺᠰ ᠤᠨ ᠦᠵᠡᠯ ᠤᠨ ᠤᠨᠤᠯ ᠤᠨ ᠰᠤᠲᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠤᠨ ᠴᠢᠬᠤᠯᠠ ᠶᠡᠭᠡ ᠤᠨᠤᠯ ᠵᠢᠴᠢ ᠪᠤᠲᠠᠲᠤ ᠠᠰᠠᠭᠤᠲᠠᠯ ᠤᠨ ᠰᠤᠲᠤᠯᠭᠠᠨ ᠤ ᠰᠢᠨᠵᠢᠯᠡᠭᠡ ᠶᠢ ᠡᠬᠢᠯᠡᠬᠦᠯᠬᠦ ᠠᠵᠢᠯ ᠤᠨ ᠬᠤᠷᠠᠯ ᠬᠦᠬᠡᠬᠤᠲᠠ ᠳᠤ ᠶᠠᠪᠤᠭᠲᠠᠪᠠ  ᠤᠯᠠᠭᠠᠨ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2015/9/11
     9 ᠳ᠋ᠦ᠋ᠭᠡᠷ ᠰᠠᠷ᠎ᠠ ᠶᠢᠨ 10᠎ ᠤ ᠦᠲᠠ ᠶᠢᠨ ᠡᠮᠤᠨ᠎ᠠ᠂ ᠪᠦᠬᠦ ᠤᠯᠤᠰ ᠤᠨ ᠮᠠᠷᠺᠰ ᠤᠨ ᠦᠵᠡᠯ ᠤᠨ ᠤᠨᠤᠯ ᠎ ᠤᠨ ᠰᠤᠲᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠤᠨ ᠴᠢᠬᠤᠯᠠ ᠶᠡᠭᠡ ᠤᠨᠤᠯ ᠵᠢᠴᠢ ᠪᠤᠲᠠᠲᠤ ᠠᠰᠠᠭᠤᠲᠠᠯ ᠎ ᠤᠨ ᠰᠤᠲᠤᠯᠭᠠᠨ ᠤ ᠰᠢᠨᠵᠢᠯᠡᠭᠡ ᠶᠢ ᠡᠬᠢᠯᠡᠬᠦᠯᠬᠦ ᠠᠵᠢᠯ ᠤᠨ ᠬᠤᠷᠠᠯ ᠬᠦᠬᠡᠬᠤᠲᠠ ᠳᠤ ᠶᠠᠪᠤᠭᠲᠠᠪᠠ᠃      ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠲᠠᠰ ᠎ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠠᠢ᠃      ᠦᠪᠠᠷᠲᠠᠬᠡᠨ ᠵᠠᠰᠠᠬᠤ ᠤᠷᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠪᠠᠶᠢᠲᠠᠯ ᠤᠨ ᠲᠤᠬᠠᠢ ᠲᠦᠬᠦᠮ ᠲᠠᠨᠢᠯᠴᠠᠭᠤᠯᠤᠭᠰᠠᠨ ᠤ ᠲᠠᠷᠠᠭ᠎ᠠ᠂ ᠤᠯᠠᠭᠠᠨ ᠬᠡᠯᠡᠭᠰᠡᠨ ᠨᠢ᠂ ᠮᠠᠨ ᠤ ᠤᠷᠤᠨ ᠲᠦᠪ ᠤᠨ ᠤᠨᠤᠯ ᠤᠨ ᠠᠵᠢᠯ ᠤᠨ ︽ᠲᠦᠷᠪᠠᠨ ᠶᠡᠭᠡ ᠲᠠᠪᠴᠠᠩ︾᠎ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠲᠤᠰᠬᠠᠢᠢᠯᠠᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠲᠤᠭᠤᠯᠤᠨ᠂ ᠰᠤᠲᠤᠯᠤᠨ ᠨᠠᠶᠢᠲᠠᠪᠤᠷᠢᠵᠢᠭᠤᠯᠬᠤ ᠠᠷᠭ᠎ᠠ ᠬᠡᠮᠵᠢᠶ᠎ᠠ ᠳᠤᠭᠳᠠᠭᠠᠵᠤ᠂ ᠲᠠᠪᠴᠠᠩ ᠤᠨ ᠦᠢᠯᠡᠳᠤᠯ ᠢ ᠪᠦᠲᠦᠮᠵᠢᠲᠠᠢ ᠪᠠᠲᠠᠷᠠᠭᠤᠯᠬᠤ ᠶᠢ ᠠᠬᠢᠭᠤᠯᠪᠠ᠃ ᠮᠠᠷᠺᠰ ᠤᠨ ᠦᠵᠠᠯ ᠤᠨ ᠤᠨᠤᠯ ᠤᠨ ᠰᠤᠲᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠤᠨ ᠬᠦᠳᠦᠯᠦᠨ ᠵᠢᠯᠤᠭᠤᠳᠬᠤ ᠦᠢᠯᠡᠲᠤᠯ ᠢ ᠪᠠᠲᠠᠷᠠᠭᠤᠯᠬᠤ ᠶᠢ ᠴᠢᠬᠤᠯᠠᠴᠢᠯᠠᠨ᠂ ᠦᠪᠠᠷᠲᠠᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ ᠡᠨᠡ ᠵᠢᠯ ᠲᠦᠪᠯᠠᠷᠠᠬᠦᠯᠦᠨ ᠰᠤᠷᠤᠯᠴᠠᠬᠤ ᠠᠵᠢᠯᠯᠠᠭ᠎ᠠ ᠶᠢ 10 ᠤᠳᠠᠭ᠎ᠠ ᠵᠤᠬᠢᠶᠠᠨ ᠪᠠᠶᠢᠭᠤᠯᠤᠨ ᠦᠷᠨᠢᠬᠦᠯᠵᠤ᠂ ᠲᠠᠬᠡᠷ᠎ᠠ ᠬᠠᠭᠠᠰ ᠵᠢᠯ ᠳᠤ᠂ ᠡᠯ᠎ᠠ ᠠᠶᠢᠮᠠᠬ ᠬᠤᠲᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠤᠯ ᠲᠤᠭᠤᠢᠢᠯᠠᠩ ᠨᠠᠶᠢᠲᠠ 98 ᠤᠲᠠᠭ᠎ᠠ ᠬᠠᠮᠲᠤ ᠶᠢᠨ ᠰᠤᠷᠤᠯᠴᠠᠬᠤ ᠠᠵᠢᠯᠯᠠᠭ᠎ᠠ ᠦᠷᠨᠢᠬᠦᠯᠵᠠᠢ᠃ ᠡᠬᠦᠨ ᠤ ᠬᠠᠮᠲᠤ ᠪᠠᠰᠠ᠂ ︽ᠶᠠᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢᠨ ᠲᠤᠬᠠᠢ ᠲᠠᠶᠢᠯᠤᠮᠵᠢ︾᠂ ︽ᠬᠤᠶᠠᠷ ᠬᠤᠷᠠᠯ ᠎ ᠤᠨ ᠲᠠᠲᠠᠬᠡᠷ ᠶᠠᠪᠤᠲᠠᠯ ᠤᠳ︾ ᠵᠡᠷᠬᠡ ᠤᠢᠢᠯᠠᠭᠠᠮᠵᠢ ᠲᠠᠢ ᠤᠡᠭᠰᠢᠬᠤ ᠨᠤᠮ ᠪᠠ ᠤᠬᠠᠭᠤᠯᠤᠨ ᠲᠠᠶᠢᠯᠪᠤᠷᠢᠯᠠᠵᠤ ᠬᠠᠪᠰᠤᠷᠤᠨ ᠵᠢᠯᠤᠭᠤᠳᠬᠤ ᠮᠠᠲ᠋ᠧᠷᠢᠶᠠᠯ ᠤᠳ ᠢ ᠨᠠᠶᠢᠷᠠᠭᠤᠯᠤᠨ ᠪᠢᠴᠢᠬᠦ ᠶᠢ ᠵᠤᠬᠢᠶᠠᠨ ᠪᠠᠶᠢᠭᠤᠯᠪᠠ︔ ᠲᠤᠮᠲᠠᠲᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠤᠨᠤᠯ ᠤᠨ ᠰᠢᠰᠲ᠋ᠧᠮ ᠤᠨ ᠰᠤᠲᠤᠯᠭᠠᠨ ᠤ ᠲᠦᠪ ᠤᠨ ᠲᠠᠭᠠᠭᠤᠯᠤᠭᠴᠢ ᠶᠢᠨ ᠦᠢᠯᠡᠲᠤᠯ ᠢᠶᠠᠨ ᠪᠠᠲᠠᠷᠠᠭᠤᠯᠬᠤ ᠶᠢ ᠴᠢᠬᠤᠯᠠᠴᠢᠯᠠᠨ᠂ ᠲᠤᠰᠬᠠᠢ ᠮᠡᠷᠬᠡᠵᠢᠯᠲᠡᠠ ᠡᠷᠲᠠᠮᠲᠠᠳ ᠢ ᠵᠤᠬᠢᠶᠠᠨ ᠪᠠᠶᠢᠭᠤᠯᠵᠦ ᠦᠪᠤᠷ ᠮᠤᠩᠭᠤᠯ ᠤᠨ ᠡᠲᠤᠷ ᠤᠨ ᠰᠤᠨᠢᠨ ᠳᠤ 50 ᠭᠠᠷᠤᠢ ᠬᠤᠪᠢ ᠤᠨᠤᠯ ᠤᠨ ᠵᠤᠬᠢᠶᠠᠯ ᠲᠤᠭᠤᠷᠪᠢᠨ ᠨᠠᠶᠢᠲᠠᠯᠠᠬᠦᠯᠵᠤ᠂ ᠪᠦᠬᠦ ᠤᠷᠤᠨ ᠤ ᠺᠠᠳ᠋ᠷ ᠤᠯᠠᠨ ᠲᠦᠮᠠᠨ ᠤ ᠤᠨᠤᠯ ᠤᠨ ᠵᠢᠯᠤᠭᠤᠳᠬᠤ ᠦᠢᠯᠡᠲᠤᠯ ᠢ ᠴᠢᠨᠠᠭᠰᠢᠲᠠ ᠪᠠᠲᠠᠷᠠᠭᠤᠯᠪᠠ︔ ᠶᠡᠭᠡ ᠲᠠᠬᠡᠲᠤ ᠰᠤᠷᠭᠠᠭᠤᠯᠢ ᠶᠢᠨ ᠮᠡᠷᠺᠰ ᠤᠨ ᠦᠵᠠᠯ ᠤᠨ ᠲᠠᠬᠡᠲᠤ ᠰᠤᠷᠭᠠᠭᠤᠯᠢ ᠎ ᠶᠢᠨ ᠤᠨᠤᠯ ᠤᠨ ᠴᠢᠲᠠᠪᠤᠷᠢᠲᠠᠨ ᠢ ᠬᠦᠮᠦᠵᠢᠬᠦᠯᠬᠦ ᠰᠠᠭᠤᠷᠢ ᠦᠢᠯᠡᠲᠤᠯ ᠢ ᠪᠠᠲᠠᠷᠠᠭᠤᠯᠬᠤ ᠶᠢ ᠴᠢᠬᠤᠯᠠᠴᠢᠯᠠᠪᠠ︔ ᠰᠤᠨᠢᠨ ᠰᠡᠳᠬᠦᠯ ᠰᠦᠯᠵᠢᠶᠠᠨ ᠳᠤ ᠤᠬᠠᠭᠤᠯᠭ᠎ᠠ ᠶᠢᠨ ᠪᠠᠬᠢᠯᠠᠯᠲᠠ ᠶᠢᠨ ᠭᠤᠤᠯ ᠰᠤᠪᠠᠭ ᠤᠨ ᠦᠢᠯᠡᠲᠤᠯ ᠢ ᠪᠠᠲᠠᠷᠠᠭᠤᠯᠬᠤ ᠶᠢ ᠴᠢᠬᠤᠯᠠᠴᠢᠯᠠᠪᠠ ᠬᠡᠪᠠ᠃      ᠤᠯᠠᠭᠠᠨ ᠬᠡᠯᠡᠭᠰᠡᠨ ᠨᠢ᠂ ᠮᠠᠨ ᠤ ᠤᠷᠤᠨ ᠲᠦᠪ ᠤᠨ ᠤᠬᠠᠭᠤᠯᠬᠤ ᠬᠡᠯᠲᠠᠰ ᠤᠨ ᠱᠠᠭᠠᠷᠲᠠᠯᠭ᠎ᠠ ᠪᠠ ᠲᠤᠰ ᠤᠲᠠᠭᠠᠨ ᠤ ᠬᠤᠷᠠᠯ ᠤᠨ ᠪᠠᠶᠢᠷᠢᠯᠠᠭᠤᠯᠤᠯᠲᠠ ᠶᠢ ᠦᠨᠲᠤᠰᠤᠯᠠᠵᠤ᠂ ᠪᠤᠰᠤᠳ ᠰᠤᠲᠤᠯᠭᠠᠨ ᠤ ᠰᠡᠲᠤᠪ ᠤᠨ ᠰᠠᠶᠢᠨ ᠲᠤᠷᠰᠢᠯᠭ᠎ᠠ ᠪᠠ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠲᠦᠪ ᠤᠨ ᠤᠬᠠᠭᠤᠯᠬᠤ ᠬᠡᠯᠲᠠᠰ ᠤᠨ ᠪᠠᠶᠢᠷᠢᠯᠠᠭᠤᠯᠤᠭᠰᠠᠨ ︽ᠦᠵᠡᠯ ᠤᠬᠠᠮᠰᠠᠷ ᠤᠨ ᠬᠡᠯᠪᠠᠷᠢ ᠶᠢᠨ ᠬᠦᠷᠢᠶᠠᠨ ᠳᠠᠬᠢ ᠰᠤᠲᠤᠯᠤᠨ ᠮᠠᠭᠠᠳᠯᠠᠬᠤ ᠦᠨᠠᠯᠠᠯᠲᠠ ᠎ ᠶᠢᠨ ᠰᠢᠰᠲ᠋ᠧᠮ ᠵᠢᠴᠢ ᠪᠤᠰᠤᠳ ᠬᠡᠷᠡᠭᠯᠡᠬᠡᠨ ᠤ ᠰᠤᠲᠤᠯᠭᠠᠨ︾᠎ ᠤ ᠰᠠᠲᠤᠪ ᠤᠨ ᠡᠬᠦᠷᠬᠡ ᠶᠢ ᠤᠭᠲᠤᠷ ᠪᠠᠷᠢᠮᠵᠢᠶ᠎ᠠ ᠪᠠᠷ ᠪᠠᠶᠠᠯᠠᠬᠦᠯᠬᠦ ᠬᠡᠷᠡᠭᠲᠡᠢ ᠬᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号