| 9 ᠳ᠋ᠦ᠋ᠭᠡᠷ ᠰᠠᠷ᠎ᠠ ᠶᠢᠨ 10 ᠤ ᠡᠳᠦᠷ᠂ ᠬᠥᠬᠡᠬᠤᠲᠠ ᠶᠢᠨ ᠭᠠᠯᠲᠤ ᠲᠡᠷᠭᠡ ᠶᠢᠨ ᠵᠡᠭᠦᠨ ᠥᠷᠲᠡᠭᠡ ᠳᠤ ᠨᠢᠭᠡᠨ | ᠡᠮᠡᠭᠲᠡᠢ ᠴᠡᠷᠢᠭ ᠢᠯᠠᠯᠲᠠ ᠲᠠᠢ ᠪᠤᠴᠠᠵᠤ ᠢᠷᠡᠭᠰᠡᠨ ᠡᠩᠬᠡ ᠲᠠᠶᠢᠪᠤᠩ ᠢ ᠬᠠᠮᠠᠭᠠᠯᠠᠬᠤ ᠪᠠᠶᠢᠯᠳᠤᠭᠴᠢᠳ ᠲᠤ | ᠰᠣᠷᠭᠤᠭ ᠴᠡᠴᠡᠭ ᠬᠦᠷᠭᠡᠵᠦ ᠪᠠᠶᠢᠭ᠎ᠠ ᠨᠢ᠃ | | 9 ᠳ᠋ᠦ᠋ᠭᠡᠷ ᠰᠠᠷ᠎ᠠ ᠶᠢᠨ 10 ᠤ ᠡᠳᠦᠷ᠂ ᠡᠩᠬᠡ ᠲᠠᠶᠢᠪᠤᠩ ᠢ ᠬᠠᠮᠠᠭᠠᠯᠠᠬᠤ ᠨᠢᠭᠡᠨ ᠣᠹᠢᠼᠧᠷ ᠴᠡᠷᠢᠭ ᠤᠨ | ᠲᠣᠭᠤᠷᠢᠭ ᠤᠨ ᠳᠠᠷᠤᠭ᠎ᠠ ᠳᠤ ᠪᠠᠶᠢᠳᠠᠯ ᠤᠨ ᠬᠠᠷᠢᠭᠤ ᠮᠡᠳᠡᠭᠦᠯᠦᠯᠲᠡ ᠬᠢᠵᠦ ᠪᠠᠶᠢᠭ᠎ᠠ ᠨᠢ᠃ | ᠲᠤᠰ ᠡᠳᠦᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠣᠯᠣᠳᠤᠭᠠᠷ ᠪᠦᠯᠦᠭ ᠯᠢᠪᠧᠷᠢᠶ᠎ᠠ ᠳᠤ | ᠬᠦᠷᠴᠦ ᠣᠯᠠᠨ ᠤᠯᠣᠰ ᠤᠨ ᠡᠩᠬᠡ ᠲᠠᠶᠢᠪᠤᠩ ᠢ ᠬᠠᠮᠠᠭᠠᠯᠠᠬᠤ ᠪᠠ ᠲᠡᠭᠡᠭᠡᠪᠦᠷᠢ ᠶᠢᠨ ᠡᠭᠦᠷᠭᠡ ᠶᠢ ᠭᠦᠢᠴᠡᠳᠬᠡᠬᠦ | ᠨᠢᠭᠡᠳᠦᠭᠡᠷ ᠱᠠᠲᠤᠯᠵᠢᠨ ᠡᠩᠨᠡᠭᠡ ᠶᠢᠨ 120 ᠳᠠᠷᠤᠭ᠎ᠠ ᠪᠠᠶᠢᠯᠳᠤᠭᠴᠢᠳ ᠬᠥᠬᠡᠬᠤᠲᠠ ᠶᠢᠨ ᠰᠠᠭᠤᠭ᠎ᠠ ᠭᠠᠵᠠᠷ ᠲᠠᠭᠠᠨ | ᠢᠯᠠᠯᠲᠠ ᠲᠠᠢ ᠪᠠᠷ ᠪᠤᠴᠠᠨ ᠢᠷᠡᠪᠡ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠣᠯᠣᠳᠤᠭᠠᠷ ᠪᠦᠯᠦᠭ | ᠡᠩᠬᠡ ᠲᠠᠶᠢᠪᠤᠩ ᠢ ᠬᠠᠮᠠᠭᠠᠯᠠᠬᠤ ᠨᠡᠶᠢᠲᠡ 240 ᠳᠠᠷᠤᠭ᠎ᠠ ᠪᠠᠶᠢᠯᠳᠤᠭᠴᠢᠳ 2014 ᠣᠨ ᠤ 11 ᠳ᠋ᠦ᠋ᠭᠡᠷ | ᠰᠠᠷ᠎ᠠ ᠳᠤ ᠯᠢᠪᠧᠷᠢᠶ᠎ᠠ ᠳᠤ 10 ᠰᠠᠷ᠎ᠠ ᠶᠢᠨ ᠬᠤᠭᠤᠴᠠᠭ᠎ᠠ ᠲᠠᠢ ᠲᠡᠭᠡᠭᠡᠪᠦᠷᠢ ᠶᠢᠨ ᠡᠭᠦᠷᠭᠡ ᠭᠦᠢᠴᠡᠳᠬᠡᠬᠦ ᠪᠠᠷ | ᠣᠴᠢᠵᠤ᠂ ᠲᠤᠰ ᠭᠠᠵᠠᠷ ᠤᠨ ᠣᠷᠤᠭ᠎ᠠ ᠪᠤᠰᠬᠠᠭ᠎ᠠ ᠪᠠᠶᠢᠳᠠᠯ᠂ ᠬᠠᠲᠠᠭᠤ ᠪᠡᠷᠬᠡ ᠣᠷᠴᠢᠨ ᠲᠣᠭᠤᠷᠢᠨ᠂ ᠡᠸ᠋ᠪᠦᠯ | ᠡᠪᠡᠳᠴᠢᠨ ᠤ ᠬᠢᠵᠢᠭ ᠤᠨ ᠪᠠᠶᠢᠳᠠᠯ ᠦᠷᠭᠦᠯᠵᠢᠯᠡᠨ ᠥᠷᠪᠢᠰᠦᠨ ᠳᠡᠯᠭᠡᠷᠡᠬᠦ ᠵᠡᠷᠭᠡ ᠠᠰᠢᠭ ᠦᠭᠡᠶ ᠬᠦᠴᠦᠨ | ᠵᠦᠢᠯ ᠳᠤ ᠬᠠᠨᠳᠤᠵᠤ᠂ ᠨᠡᠶᠢᠲᠡ 6610 ᠲᠡᠷᠭᠡ ᠤᠳᠠᠭ᠎ᠠ ᠬᠥᠳᠡᠯᠭᠡᠵᠦ᠂ 6 ᠲᠦᠮᠡ ᠭᠠᠷᠤᠢ ᠲᠣᠨ ᠡᠯ᠎ᠡ | ᠲᠥᠷᠥᠯ ᠤᠨ ᠡᠳ᠋ ᠪᠣᠳᠠᠰ ᠢ ᠲᠡᠭᠡᠭᠡᠪᠦᠷᠢᠯᠡᠨ ᠬᠦᠷᠭᠡᠵᠦ᠂ 82 ᠲᠦᠮᠡ ᠭᠠᠷᠤᠢ ᠺᠢᠯᠣᠮᠧᠲᠷ ᠠᠮᠤᠷ ᠲᠦᠪᠰᠢᠨ | ᠠᠶᠠᠯᠠᠵᠤ᠂ ᠡᠭᠦᠷᠭᠡ ᠪᠠᠨ ᠭᠢᠯᠠᠯᠵᠠᠲᠠᠯ᠎ᠠ ᠪᠡᠶᠡᠯᠡᠭᠦᠯᠵᠦ᠂ ᠣᠯᠠᠨ ᠤᠯᠤᠰ ᠤᠨ ᠬᠤᠯᠪᠣᠭᠠᠲᠤ ᠪᠠᠢᠭᠤᠯᠭ᠎ᠠ ᠪᠣᠯᠣᠨ | ᠯᠢᠪᠧᠷᠢᠶ᠎ᠠ ᠶᠢᠨ ᠵᠠᠰᠠᠭ ᠤᠨ ᠣᠷᠳᠣᠨ ᠵᠢᠴᠢ ᠡᠯ᠎ᠡ ᠡᠲᠡᠭᠡᠳ ᠬᠢᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ | ᠣᠯᠤᠭᠰᠠᠨ ᠪᠠᠶᠢᠨ᠎ᠠ᠃ |