2015 ᠣᠨ ᠳᠤ ᠪᠦᠬᠦ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠯᠧᠺᠲᠷᠣᠨ ᠲᠡᠷᠭᠡ | ᠵᠤᠭᠰᠤᠭᠠᠬᠤ ᠦᠭᠡᠢ ᠪᠠᠷ ᠰᠦᠢᠳᠭᠡᠯ ᠬᠤᠷᠢᠶᠠᠬᠤ ᠶᠢ ᠰᠦᠯᠵᠢᠶ᠎ᠡ ᠬᠤᠯᠪᠤᠬᠤ ᠲᠤᠬᠠᠢ ᠤᠯᠤᠰ ᠤᠨ ᠱᠠᠭᠠᠷᠳᠠᠯᠭ᠎ᠠ ᠶᠢ | ᠦᠨᠳᠦᠰᠦᠨ ᠳᠤᠨᠢ ᠪᠡᠶᠡᠯᠡᠭᠦᠯᠬᠦ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 9 ᠳ᠋ᠦ᠋ᠭᠡᠷ | ᠰᠠᠷ᠎ᠠ ᠶᠢᠨ30 ᠤ ᠡᠳᠦᠷ ᠠᠴᠠ ᠡᠬᠢᠯᠡᠨ᠂ ᠮᠠᠨ ᠤ ᠤᠷᠤᠨ ᠤ ᠳᠤᠮᠳᠠ ᠪᠠ ᠪᠠᠷᠠᠭᠤᠨ ᠬᠡᠰᠡᠭ ᠤᠨ ᠳᠡᠭᠡᠳᠦ | ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠬᠤᠯᠪᠤᠵᠤ ᠲᠡᠷᠭᠡ ᠵᠤᠭᠰᠤᠭᠠᠬᠤ ᠦᠭᠡᠢ ᠪᠠᠷ ᠰᠦᠢᠳᠭᠡᠯ | ᠬᠤᠷᠢᠶᠠᠬᠤ ᠶᠢ ᠪᠦᠬᠦ ᠤᠯᠤᠰ ᠤᠨ ᠰᠦᠯᠵᠢᠶ᠎ᠡ ᠬᠤᠯᠪᠤᠭᠰᠠᠨ ᠰᠢᠰᠲ᠋ᠧᠮ ᠳᠤ ᠵᠢᠩᠬᠢᠨᠢ ᠪᠠᠷ ᠨᠡᠶᠢᠯᠡᠭᠦᠯᠦᠨ | ᠤᠷᠤᠭᠤᠯᠬᠤ ᠶᠢᠨ ᠬᠠᠮᠲᠤ ᠰᠦᠯᠵᠢᠶᠡᠨ ᠳᠡᠭᠡᠷ᠎ᠡ ᠠᠵᠢᠯᠯᠠᠭᠤᠯᠤᠨ᠎ᠠ᠃ ᠲᠤᠬᠠᠢ ᠶᠢᠨ ᠦᠶ᠎ᠡ ᠳᠤ᠂ ETC | ᠡᠯᠧᠺᠲᠷᠣᠨ ᠱᠣᠰᠢᠭ᠎ᠠ ᠪᠣᠯᠤᠨ ᠦᠪᠦᠷ ᠮᠤᠩᠭᠤᠯ ᠳᠤ ᠨᠡᠪᠲᠡᠷᠡᠬᠦ ᠺᠠᠷᠲ ᠭᠦᠢᠴᠡᠳᠭᠡᠭᠰᠡᠨ ᠲᠡᠷᠭᠡᠨ ᠡᠵᠡᠨ ᠳᠡᠭᠡᠳᠦ | ᠬᠤᠷᠳᠤ ᠶᠢᠨ ᠵᠠᠰᠠᠮᠠᠯ ᠵᠠᠮ ᠳᠡᠭᠡᠷ᠎ᠡ ᠠᠶᠠᠯᠠᠪᠠᠯ ᠰᠦᠢᠳᠭᠡᠯ ᠬᠤᠷᠢᠶᠠᠬᠤ ᠦᠷᠲᠡᠭᠡ ᠶᠢ ᠲᠦᠷᠭᠡᠨ ᠦᠩᠭᠡᠷᠡᠨ ᠭᠠᠷᠴᠤ᠂ | ᠪᠦᠬᠦ ᠤᠯᠤᠰ ᠲᠤ ᠨᠢᠭᠡ ᠺᠠᠷᠲ ᠢᠶᠠᠷ ᠨᠡᠪᠲᠡᠷᠡᠬᠦ ᠶᠢ ᠪᠡᠶᠡᠯᠡᠭᠦᠯᠬᠦ ᠪᠤᠯᠤᠨ᠎ᠠ᠃ | ᠵᠢᠯ ᠤᠨ ᠡᠬᠢᠨ ᠳᠤ ᠮᠠᠨ ᠤ ᠤᠷᠤᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠬᠤᠯᠪᠤᠨ | ᠰᠦᠢᠳᠭᠡᠯ ᠬᠤᠷᠢᠶᠠᠬᠤ ᠰᠢᠰᠲ᠋ᠧᠮ ᠢ ᠪᠡᠯᠡᠳᠭᠡᠨ ᠪᠠᠶᠢᠭᠤᠯᠵᠤ ᠡᠬᠢᠯᠡᠭᠰᠡᠨ ᠠᠴᠠ ᠨᠠᠰᠢ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ETC ᠰᠦᠯᠵᠢᠶ᠎ᠡ ᠬᠤᠯᠪᠤᠬᠤ ᠮᠡᠷᠭᠡᠵᠢᠯ ᠤᠨ ᠵᠢᠷᠤᠮᠵᠢᠯ ᠪᠤᠯᠤᠨ ᠲᠤᠭᠲᠠᠭᠠᠭᠰᠠᠨ ᠴᠠᠭ | ᠬᠤᠭᠤᠴᠠᠭ᠎ᠠ ᠶᠢᠨ ᠵᠠᠩᠭᠢᠯᠭ᠎ᠠ ᠴᠡᠭ ᠤᠨ ᠶᠤᠰᠤᠭᠠᠷ᠂ ᠦᠪᠦᠷ ᠮᠤᠩᠭᠤᠯ ᠤᠨ ETC ᠰᠦᠯᠵᠢᠶ᠎ᠡ ᠬᠤᠯᠪᠤᠬᠤ | ᠪᠦᠲᠦᠭᠡᠨ ᠪᠠᠶᠢᠭᠤᠯᠤᠯᠲᠠ ᠶᠢᠨ ᠠᠵᠢᠯ ᠢ ᠱᠠᠯᠠᠪᠳᠠᠨ ᠲᠦᠯᠬᠢᠨ ᠠᠬᠢᠭᠤᠯᠵᠤ᠂《 ᠨᠢᠭᠡᠳᠦᠯᠲᠡᠢ ᠲᠦᠯᠦᠪᠵᠢᠭᠦᠯᠬᠦ᠂ | ᠨᠢᠭᠡ ᠤᠳᠠᠭ᠎ᠠ ᠲᠦᠯᠦᠪᠯᠡᠬᠦ᠂ ᠠᠯᠬᠤᠮ ᠬᠤᠪᠢᠶᠠᠨ ᠶᠠᠪᠤᠭᠳᠠᠭᠤᠯᠬᠤ᠂ ᠠᠯᠬᠤᠮ ᠠᠯᠬᠤᠮ ᠢᠶᠠᠷ ᠰᠦᠯᠵᠢᠶ᠎ᠡ | ᠬᠤᠯᠪᠤᠬᠤ》ᠵᠠᠷᠴᠢᠮ ᠢ ᠲᠤᠭᠲᠠᠭᠠᠭᠰᠠᠨ ᠪᠦᠭᠡᠳ ᠤᠷᠢᠳᠠᠪᠠᠷ ᠳᠤᠮᠳᠠ ᠪᠠ ᠪᠠᠷᠠᠭᠤᠨ ᠬᠡᠰᠡᠭ ᠤᠨ G6 ᠳᠡᠭᠡᠳᠦ | ᠬᠤᠷᠳᠤ ᠶᠢᠨ ᠵᠠᠰᠠᠮᠠᠯ ᠵᠠᠮ ᠢᠶᠠᠷ ᠭᠤᠣᠯ ᠪᠤᠯᠭᠠᠭᠰᠠᠨ ᠰᠦᠯᠵᠢᠶ᠎ᠡ ᠬᠤᠯᠪᠤᠵᠤ ᠰᠦᠢᠳᠭᠡᠯ ᠬᠤᠷᠢᠶᠠᠬᠤ ᠰᠢᠰᠲ᠋ᠧᠮ | ᠪᠤᠯᠤᠨETC ᠰᠢᠰᠲ᠋ᠧᠮ ᠢ ᠭᠤᠣᠯᠳᠠᠯᠠᠭ᠎ᠠ ᠲᠠᠢ ᠪᠦᠲᠦᠭᠡᠨ ᠪᠠᠶᠢᠭᠤᠯᠵᠤ᠂ ᠳᠤᠮᠳᠠ ᠪᠠ ᠪᠠᠷᠠᠭᠤᠨ ᠬᠡᠰᠡᠭ ᠤᠨ | ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠤᠣᠯ ᠱᠤᠭᠤᠮ ᠤᠨ ᠦᠷᠲᠡᠭᠡ ᠳᠤ ETC ᠶᠢ ᠪᠦᠷᠬᠦᠭᠦᠯᠬᠦ ᠨᠤᠷᠮ᠎ᠠ ᠶᠢ | 100% ᠪᠤᠯᠭᠠᠬᠤ ᠶᠢ ᠪᠡᠶᠡᠯᠡᠭᠦᠯᠵᠦ᠂ ᠵᠠᠯᠠᠬᠤ ᠵᠠᠮ ᠤᠨ ᠰᠦᠢᠳᠭᠡᠯ ᠬᠤᠷᠢᠶᠠᠬᠤ ᠦᠷᠲᠡᠭᠡ ᠶᠢᠨ ETC ᠶᠢ | ᠪᠦᠷᠬᠦᠭᠦᠯᠬᠦ ᠨᠤᠷᠮ᠎ᠠ ᠶᠢ 70% ᠠᠴᠠ ᠳᠡᠭᠡᠭᠰᠢ ᠳᠤ ᠬᠦᠷᠦᠭᠦᠯᠦᠨ᠎ᠡ︔ ᠡᠭᠦᠨ ᠤ ᠬᠠᠮᠲᠤ ᠵᠡᠭᠦᠨ ᠬᠡᠰᠡᠭ ᠤᠨ | ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠯᠵᠢᠶ᠎ᠡ ᠬᠤᠯᠪᠤᠨ ᠰᠦᠢᠳᠭᠡᠯ ᠬᠤᠷᠢᠶᠠᠬᠤ᠂ ETC ᠰᠦᠯᠵᠢᠶ᠎ᠡ | ᠬᠤᠯᠪᠤᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠶᠢᠨ ᠬᠠᠮᠲᠤ ᠪᠦᠬᠦ ᠤᠷᠤᠨ ᠤ ᠬᠤᠯᠪᠤᠭᠰᠠᠨ | ᠰᠦᠯᠵᠢᠶ᠎ᠡ ᠳᠤ ᠤᠷᠤᠭᠤᠯᠵᠤ᠂ ᠡᠴᠦᠰ ᠲᠤᠨᠢ ETC ᠪᠠᠷ ᠪᠦᠬᠦ ᠤᠷᠤᠨ ᠢ ᠪᠦᠷᠬᠦᠭᠦᠯᠬᠦ ᠨᠤᠷᠮ᠎ᠠ ᠶᠢ100% | ᠪᠤᠯᠭᠠᠬᠤ ᠶᠢ ᠪᠡᠶᠡᠯᠡᠭᠦᠯᠦᠨ᠎ᠡ᠃ ᠤᠳᠤᠬᠠᠨ ᠳᠤ᠂ ᠮᠠᠨ ᠤ ᠤᠷᠤᠨ ᠤ ᠳᠤᠮᠳᠠ ᠪᠠ ᠪᠠᠷᠠᠭᠤᠨ ᠬᠡᠰᠡᠭ ᠤᠨ ᠳᠡᠭᠡᠳᠦ | ᠬᠤᠷᠳᠤ ᠶᠢᠨ ᠵᠠᠰᠠᠮᠠᠯ ᠵᠠᠮ ᠤᠨ ᠡᠯᠧᠺᠲᠷᠣᠨ ᠲᠡᠷᠭᠡ ᠵᠤᠭᠰᠤᠭᠠᠬᠤ ᠦᠭᠡᠢ ᠪᠠᠷ ᠰᠦᠢᠳᠭᠡᠯ ᠬᠤᠷᠢᠶᠠᠬᠤ | ᠬᠤᠯᠪᠤᠭᠰᠠᠨ ᠰᠦᠯᠵᠢᠶ᠎ᠡ ᠨᠢ ᠭᠤᠣᠯᠳᠠᠭᠤ G6 ᠪᠡᠭᠡᠵᠢᠩ ᠠᠴᠠ ᠲᠥᠪᠡᠳ ᠬᠦᠷᠬᠦ᠂ G18 ᠷᠥᠩ ᠴᠧᠩ ᠠᠴᠠ | ᠦᠬᠠᠢ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠪᠦᠷ ᠮᠤᠩᠭᠤᠯ ᠳᠠᠬᠢ ᠬᠡᠰᠡᠭ᠂ S31 | ᠬᠦᠬᠡᠬᠤᠲᠠ ᠠᠴᠠ ᠳ᠋ᠠᠲ᠋ᠦ᠋ᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠭᠤᠣᠯ ᠪᠤᠯᠭᠠᠭᠰᠠᠨ ᠳᠡᠭᠡᠳᠦ | ᠬᠤᠷᠳᠤ ᠶᠢᠨ ᠵᠠᠰᠠᠮᠠᠯ ᠵᠠᠮ ᠤᠨ ᠬᠡᠰᠡᠭ ᠢ ᠪᠠᠭᠲᠠᠭᠠᠵᠤ ᠪᠤᠢ᠂ 9 ᠳ᠋ᠦ᠋ᠭᠡᠷ ᠰᠠᠷ᠎ᠠ ᠶᠢᠨ ᠰᠡᠭᠦᠯᠴᠢ ᠳᠤ ᠪᠦᠬᠦ ᠲᠠᠯ᠎ᠠ ᠪᠠᠷ | ᠰᠦᠯᠵᠢᠶ᠎ᠡ ᠬᠤᠯᠪᠤᠨ ᠠᠵᠢᠯᠯᠠᠭᠤᠯᠤᠨ᠎ᠠ᠃ 9 ᠳ᠋ᠦ᠋ᠭᠡᠷ ᠰᠠᠷ᠎ᠠ ᠶᠢᠨ16 ᠤ ᠡᠳᠦᠷ ᠠᠴᠠ ᠡᠬᠢᠯᠡᠨ᠂ ᠠᠶᠠᠨᠴᠢᠳ ᠤᠨ | ᠮᠠᠰᠢᠨ ᠲᠡᠷᠭᠡᠨ ᠤ ᠬᠡᠷᠡᠭᠯᠡᠭᠴᠢ ᠪᠡᠶ᠎ᠡ ᠶᠢᠨ ᠦᠨᠡᠮᠯᠡᠯ ᠪᠤᠯᠤᠨ ᠲᠡᠷᠭᠡ ᠶᠠᠪᠤᠭᠤᠯᠬᠤ ᠲᠡᠪᠲᠡᠷ ᠵᠡᠷᠭᠡ ᠭᠡᠷᠡᠴᠢ | ᠦᠨᠡᠮᠯᠡᠯ ᠢᠶᠠᠷ ᠢᠶᠠᠨ ᠨᠢᠭᠡᠳᠦᠭᠡᠷ ᠬᠤᠭᠤᠴᠠᠭ᠎ᠠ ᠶᠢᠨ ᠨᠡᠬᠡᠬᠡᠭᠰᠡᠨ ᠵᠤᠴᠢᠨ ᠡᠷᠦᠬᠡ ᠳᠤ ᠦᠢᠯᠡᠴᠢᠯᠡᠬᠦ13 ᠲᠣᠣᠷ | ᠴᠢᠭ᠋ ᠲᠤ ᠬᠦᠷᠴᠦ ᠲᠤᠰᠬᠠᠢ ᠬᠡᠷᠡᠭᠯᠡᠬᠦ ᠲᠡᠷᠭᠡᠨ ᠳᠤ ᠲᠣᠬᠢᠷᠠᠭᠤᠯᠬᠤ ᠲᠦᠬᠦᠭᠡᠷᠦᠮᠵᠢ ᠪᠤᠯᠤᠨ ᠦᠪᠦᠷ ᠮᠤᠩᠭᠤᠯ ᠳᠤ | ᠨᠡᠪᠲᠡᠷᠡᠬᠦ ᠺᠠᠷᠲ ᠢ ᠬᠢᠯᠭᠡᠵᠦ ᠪᠤᠯᠤᠨ᠎ᠠ᠃ |