2015 ᠣᠨ ᠳᠤ ᠥᠪᠥᠷ ᠮᠣᠩᠭᠤᠯ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠭᠡᠷ ᠪᠦᠯᠢ ᠶᠢᠨ ᠦᠷ᠎ᠡ ᠬᠡᠦᠬᠡᠳ ᠠᠴᠠ ᠡᠩ ᠤᠨ ᠳᠡᠭᠡᠳᠦ ᠰᠤᠷᠭᠠᠭᠤᠯᠢ ᠳᠤ ᠣᠷᠣᠭᠰᠠᠨ ᠰᠢᠨ᠎ᠡ | ᠰᠤᠷᠤᠭᠴᠢ ᠳᠤ ᠲᠤᠰᠠᠯᠠᠬᠤ ᠲᠥᠷᠥ ᠶᠢᠨ ᠪᠣᠳᠣᠯᠭ᠎ᠠ ᠢ ᠦᠷᠭᠦᠯᠵᠢᠯᠡᠨ ᠬᠡᠷᠡᠭᠵᠢᠭᠦᠯᠵᠦ᠂ ᠵᠢᠩᠬᠢᠨᠢ ᠠᠩᠭᠢ ᠶᠢᠨ | ᠰᠢᠨ᠎ᠡ ᠰᠤᠷᠤᠭᠴᠢ ᠶᠢ ᠨᠢᠭᠡ ᠤᠳᠠᠭ᠎ᠠ ᠶᠢᠨ ᠴᠢᠨᠠᠷᠲᠠᠢ 4 ᠲᠦᠮᠡᠨ ᠲᠥᠭᠦᠷᠢᠭ ᠢᠶᠠᠷ ᠲᠤᠰᠠᠯᠠᠵᠤ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠢᠨ᠎ᠡ | ᠰᠤᠷᠤᠭᠴᠢ ᠶᠢ ᠨᠢᠭᠡ ᠤᠳᠠᠭ᠎ᠠ ᠶᠢᠨ ᠴᠢᠨᠠᠷᠲᠠᠢ 3 ᠲᠦᠮᠡᠨ ᠲᠥᠭᠦᠷᠢᠭ ᠢᠶᠠᠷ ᠲᠤᠰᠠᠯᠠᠨ᠎ᠠ᠃ ᠣᠶᠢᠯᠭᠠᠭᠰᠠᠨ ᠢᠶᠠᠷ᠂ | ᠥᠪᠥᠷ ᠮᠣᠩᠭᠤᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠬᠠᠨᠳᠤᠭᠤᠯᠤᠭᠰᠠᠨ | ᠵᠣᠭᠤᠰ ᠮᠥᠩᠭᠦ ᠪᠠᠷ ᠲᠤᠰᠠᠯᠠᠬᠤ ᠨᠢ ᠭᠤᠣᠯᠳᠠᠭᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ ᠭᠡᠷ ᠪᠦᠯᠢ ᠠᠴᠠ ᠳᠡᠭᠡᠳᠦ ᠰᠤᠷᠭᠠᠭᠤᠯᠢ ᠳᠤ ᠣᠷᠣᠭᠰᠠᠨ ᠰᠢᠨ᠎ᠡ ᠰᠤᠷᠤᠭᠴᠢ ᠶᠢ ᠵᠣᠭᠤᠰ ᠮᠥᠩᠭᠦ ᠪᠠᠷ | ᠲᠤᠰᠠᠯᠠᠬᠤ᠂ ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠳᠡᠭᠡᠳᠦ ᠰᠤᠷᠭᠠᠭᠤᠯᠢ ᠶᠢᠨ ᠱᠠᠩᠨᠠᠬᠤ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠵᠡᠷᠭᠡ ᠭᠤᠷᠪᠠᠨ ᠶᠡᠭᠡ ᠲᠥᠷᠥᠯ ᠵᠦᠢᠯ ᠢ ᠪᠠᠭᠲᠠᠭᠠᠨ᠎ᠠ᠃ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠳᠡᠭᠡᠳᠦ ᠰᠤᠷᠭᠠᠭᠤᠯᠢ ᠳᠤ ᠣᠷᠣᠭᠰᠠᠨ ᠰᠢᠨ᠎ᠡ | ᠰᠤᠷᠤᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ 2014 ᠣᠨ ᠠᠴᠠ ᠡᠬᠢᠯᠡᠨ ᠬᠡᠷᠡᠭᠵᠢᠭᠦᠯᠵᠦ᠂ 2015 | ᠣᠨ ᠳᠤ ᠥᠪᠡᠷᠲᠡᠭᠡᠨ ᠵᠠᠰᠠᠬᠤ ᠣᠷᠣᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠳᠡᠭᠡᠳᠦ ᠰᠤᠷᠭᠠᠭᠤᠯᠢ ᠶᠢᠨ | ᠡᠯᠰᠡᠬᠦ ᠠᠬᠢᠴᠠ ᠶᠢ ᠦᠨᠳᠦᠰᠦᠯᠡᠵᠦ᠂ ᠲᠤᠰᠠᠯᠠᠮᠵᠢ ᠬᠦᠷᠲᠡᠬᠦ ᠰᠤᠷᠤᠭᠴᠢᠳ ᠤᠨ ᠨᠡᠷᠡᠰ ᠢ ᠬᠤᠶᠠᠷ ᠪᠦᠯᠦᠭ | ᠬᠤᠪᠢᠶᠠᠨ ᠬᠢᠨᠠᠨ ᠬᠠᠷᠭᠤᠭᠤᠯᠵᠤ᠂ ᠣᠳᠣᠬᠠᠨ ᠳᠤ ᠨᠢᠭᠡᠳᠦᠭᠡᠷ ᠪᠦᠯᠦᠭ ᠤᠨ ᠲᠤᠰᠠᠯᠠᠮᠵᠢ ᠬᠦᠷᠲᠡᠬᠦ ᠰᠤᠷᠤᠭᠴᠢ ᠶᠢᠨ | ᠨᠡᠷᠡᠰ ᠢ ᠬᠢᠨᠠᠨ ᠬᠠᠷᠭᠤᠭᠤᠯᠵᠤ ᠳᠠᠭᠤᠰᠤᠭᠠᠳ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠤᠭᠴᠢᠳ ᠢ | ᠲᠤᠰᠠᠯᠠᠬᠤ ᠬᠠᠮᠢᠶᠠᠷᠤᠯᠲᠠ ᠶᠢᠨ ᠲᠥᠪ ᠶᠠᠭ ᠨᠢᠭᠡ ᠨᠢᠭᠡ ᠪᠠᠷ ᠨᠢ ᠲᠤᠰᠠᠯᠠᠮᠵᠢ ᠶᠢᠨ ᠮᠥᠩᠭᠦ ᠣᠯᠭᠤᠵᠤ ᠪᠣᠢ᠃ | ᠪᠦᠷᠢᠳᠬᠡᠯ ᠢ ᠦᠨᠳᠦᠰᠦᠯᠡᠪᠡᠯ᠂ 2015 ᠣᠨ ᠤ ᠥᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠲᠤ | 6470 ᠬᠥᠮᠦᠨ ᠲᠤᠰᠠᠯᠠᠮᠵᠢ ᠬᠦᠷᠲᠡᠵᠦ᠂ ᠲᠤᠰᠠᠯᠠᠮᠵᠢ ᠶᠢᠨ ᠪᠡᠯᠡ ᠮᠥᠩᠭᠦ ᠪᠠᠷᠤᠭ 2.4 ᠳ᠋ᠦᠩᠰᠢᠭᠤᠷ | ᠲᠥᠭᠦᠷᠢᠭ ᠪᠠᠶᠢᠵᠤ᠂ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠵᠠᠰᠠᠭ ᠠᠴᠠ ᠡᠭᠦᠷᠭᠡᠯᠡᠪᠡ | ᠃ ᠬᠤᠶᠠᠳᠤᠭᠠᠷ ᠪᠦᠯᠦᠭ ᠤᠨ ᠲᠤᠰᠠᠯᠠᠮᠵᠢ ᠶᠢᠨ ᠮᠥᠩᠭᠦ ᠶᠢ ᠵᠢᠱᠢᠯᠲᠡ ᠪᠠᠷ 9 ᠳ᠋ᠦ᠋ᠭᠡᠷ ᠰᠠᠷ᠎ᠠ ᠶᠢᠨ ᠰᠡᠭᠦᠯᠴᠢ ᠪᠠᠷ | ᠣᠯᠭᠤᠬᠤ ᠪᠣᠯᠣᠨ᠎ᠠ᠃ |