| ᠰᠤᠷᠪᠤᠯᠵᠢᠯᠠᠭᠰᠠᠨ ᠴᠠᠭ᠄ 2015 ᠣᠨ ᠤ 8 ᠳ᠋ᠤᠭᠠᠷ ᠰᠠᠷ᠎ᠠ ᠶᠢᠨ 12 ᠤᠨ ᠡᠳᠦᠷ ᠤᠨ ᠦᠳᠡ | ᠡᠮᠦᠨᠡᠬᠢ10 ᠴᠠᠭ | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠰᠤᠳᠤᠯᠬᠤ ᠲᠥᠪ ᠶᠠᠩ | ᠴᠧᠨ ᠬᠤᠸᠠ | ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄ | 2015 ᠠᠴᠠ ᠨᠠᠰᠢ᠂ ᠰᠢᠨ᠎ᠡ ᠬᠡᠪ ᠪᠠᠶᠢᠳᠠᠯ ᠤᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠡᠳᠦᠷ ᠢᠷᠡᠬᠦᠶ᠎ᠡ | ᠲᠣᠪᠤᠶᠢᠮ᠎ᠠ ᠢᠯᠡᠷᠡᠵᠦ᠂ ᠪᠦᠬᠦ ᠲᠠᠯ᠎ᠠ ᠶᠢᠨ ᠥᠭᠡᠷᠡᠴᠢᠯᠡᠯᠲᠡ ᠤᠯᠠᠮ ᠢᠶᠠᠷ ᠭᠦᠨᠵᠡᠭᠡᠶᠢᠷᠡᠵᠦ ᠪᠠᠶᠢᠭ᠎ᠠ ᠣᠷᠴᠢᠨ | ᠪᠠᠶᠢᠳᠠᠯ ᠤᠨ ᠠᠬᠤᠢ ᠳᠣᠣᠷ᠎ᠠ᠂ ᠮᠠᠨ ᠤ ᠣᠷᠣᠨ ᠢᠳᠡᠪᠬᠢᠲᠡᠶ ᠪᠠᠷ ᠰᠢᠨ᠎ᠡ ᠬᠡᠪ ᠤᠨ ᠪᠠᠶᠢᠳᠠᠯ ᠳᠤ ᠵᠣᠬᠢᠴᠠᠵᠤ᠂ | ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠭᠰᠡᠨ ᠢᠶᠠᠷ᠂ ᠠᠵᠤ ᠠᠬᠤᠶ ᠶᠢᠨ ᠠᠵᠢᠯᠯᠠᠭᠠᠨ ᠠᠯᠭᠤᠷ | ᠠᠯᠭᠤᠷᠯᠠᠬᠤ ᠶᠢᠨ ᠳᠠᠭᠠᠤ ᠳᠤ ᠲᠣᠭᠲᠠᠭᠤᠨ ᠪᠠᠶᠢᠵᠤ ᠂ ᠯᠠᠪᠳᠠᠭᠤᠨ ᠢᠶᠠᠷ ᠤᠷᠤᠭᠰᠢ ᠳᠠᠪᠰᠢᠭᠰᠠᠨ ᠪᠠᠶᠢᠳᠠᠯ ᠪᠠᠶᠢᠳᠠᠯ | ᠢᠯᠡᠷᠡᠪᠡ᠃ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠶᠢ ᠰᠠᠶᠢᠳᠤᠷ ᠡᠵᠡᠮᠰᠢᠬᠦ ᠶᠢᠨ | ᠲᠥᠯᠥᠭᠡ᠂ ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠰᠤᠳᠤᠯᠬᠤ ᠲᠥᠪ ᠤᠨ ᠶᠠᠩ | ᠴᠧᠨ ᠬᠤᠸᠠ ᠶᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠳᠤ ᠤᠷᠢᠵᠤ᠂ 2015 ᠣᠨ ᠤ | ᠥᠪᠥᠷ ᠮᠣᠩᠭᠤᠯ ᠤᠨ ᠠᠵᠤ ᠠᠬᠤᠶ ᠶᠢᠨ ᠪᠠᠶᠢᠳᠠᠯ ᠳᠤ ᠵᠠᠳᠠᠯᠤᠯᠲᠠ ᠪᠠ ᠮᠠᠭᠠᠳᠯᠠᠯᠲᠠ ᠬᠢᠯᠭᠡᠬᠦ ᠪᠣᠯᠣᠨ᠎ᠠ᠃ ᠥᠷᠭᠡᠨ | ᠣᠯᠠᠨ ᠰᠦᠯᠵᠢᠶᠡᠨ ᠠᠨᠳᠠ ᠨᠡᠷ ᠤᠨ ᠲᠤᠬᠠᠢ ᠶᠢᠨ ᠴᠠᠭ ᠲᠤᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ︕ | ᠰᠤᠷᠪᠤᠯᠵᠢᠯᠠᠭᠴᠢ᠄ | ᠰᠦᠯᠵᠢᠶᠡᠨ ᠠᠨᠳᠠ ᠨᠠᠷ᠂ ᠰᠠᠶᠢᠨ ᠪᠠᠶᠢᠵᠠᠭᠠᠨ᠎ᠠ ᠦᠦ︖ ᠲᠠ ᠪᠦᠬᠦᠨ ᠲᠤᠰ ᠬᠤᠭᠤᠴᠠᠭᠠᠨ ᠤ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ | ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠦᠨᠦᠳᠤᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠥᠭᠵᠢᠯᠲᠡ ᠶᠢ ᠰᠤᠳᠤᠯᠬᠤ ᠲᠥᠪ ᠤᠨ ᠡᠷᠬᠢᠯᠡᠭᠴᠢ | ᠶᠠᠩ ᠴᠧᠨ ᠬᠤᠸᠠ ᠶᠢ ᠤᠷᠢᠵᠤ᠂ ᠲᠡᠷᠡ 2015 ᠣᠨ ᠤ ᠳᠡᠭᠡᠳᠦ ᠬᠠᠭᠠᠰ ᠵᠢᠯ ᠤᠨ ᠥᠪᠥᠷ ᠮᠣᠩᠭᠤᠯ ᠤᠨ ᠠᠵᠤ | ᠠᠬᠤᠶ ᠶᠢᠨ ᠪᠠᠶᠢᠳᠠᠯ ᠢ ᠵᠠᠳᠠᠯᠬᠤ ᠵᠠᠳᠠᠯᠤᠭᠤᠯᠬᠤ ᠶᠢᠨ ᠬᠠᠮᠲᠤ ᠳᠣᠣᠷᠠᠳᠤ ᠬᠠᠭᠠᠰ ᠵᠢᠯ ᠤᠨ ᠠᠵᠤ ᠠᠬᠤᠶ ᠶᠢᠨ | ᠪᠠᠶᠢᠳᠠᠯ ᠳᠤ ᠮᠠᠭᠠᠳᠯᠠᠯᠲᠠ ᠬᠢᠬᠦ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ | ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠶᠠᠩ ᠡᠷᠬᠢᠯᠡᠭᠴᠢ ᠡ᠂ ᠲᠠᠨ ᠢ ᠪᠠᠶᠠᠷᠯᠠᠨ | ᠤᠭᠲᠤᠵᠤ ᠪᠠᠶᠢᠨ᠎ᠠ︕ | ᠶᠠᠩ ᠴᠧᠨ ᠬᠤᠸᠠ᠄ | ᠬᠥᠲᠥᠯᠥᠭᠴᠢ ᠲᠠ ᠰᠠᠶᠢᠨ ᠪᠠᠶᠢᠨᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠲᠠ | ᠪᠥᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠲᠤᠩ ᠪᠠᠶᠠᠷᠲᠠᠢ ᠪᠠᠶᠢᠨ᠎ᠠ᠃ ᠲᠠ ᠪᠦᠬᠦᠨ ᠤ ᠬᠥᠭᠵᠢᠭᠦᠯᠦᠯᠲᠡ | ᠪᠣᠯᠣᠨ ᠥᠭᠡᠷᠡᠴᠢᠯᠡᠯᠲᠡ ᠶᠢᠨ ᠵᠥᠪᠯᠡᠯ ᠤᠨ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ | ᠲᠠᠯᠠᠷᠬᠠᠵᠤ ᠪᠠᠶᠢᠨ᠎ᠠ︕ | ᠬᠦᠲᠦᠯᠦᠭᠴᠢ᠄ | ᠶᠠᠩ ᠡᠷᠬᠢᠯᠡᠭᠴᠢ ᠡ᠂ ᠰᠦᠯᠵᠢᠶᠡᠨ ᠠᠨᠳᠠ ᠨᠠᠷ ᠮᠠᠨ ᠤ ᠣᠷᠣᠨ ᠤ ᠠᠵᠤ ᠠᠬᠤᠶ ᠶᠢᠨ ᠪᠠᠶᠢᠳᠠᠯ ᠢ ᠮᠠᠰᠢ | ᠠᠩᠬᠠᠷᠴᠤ ᠪᠤᠢ᠂ ᠲᠠ ᠪᠢᠳᠡᠨ ᠳᠤ ᠮᠠᠨ ᠤ ᠣᠷᠣᠨ ᠤ ᠳᠡᠭᠡᠳᠦ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ | ᠬᠥᠭᠵᠢᠯᠲᠡ ᠶᠢᠨ ᠪᠠᠶᠢᠳᠠᠯ ᠶᠠᠮᠠᠷ ᠪᠠᠶᠢᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖ | ᠶᠠᠩ ᠴᠧᠨ ᠬᠤᠸᠠ᠄ | ᠵᠠ᠂ 2015 ᠣᠨ ᠠᠴᠠ ᠨᠠᠰᠢ᠂ ᠰᠢᠨ᠎ᠡ ᠬᠡᠪ ᠤᠨ ᠪᠠᠶᠢᠳᠠᠯ ᠤᠨ ᠳᠣᠣᠷᠠᠬᠢ ᠬᠤᠷᠳᠤᠴᠠ ᠪᠠᠨ ᠨᠡᠮᠡᠭᠳᠡᠭᠦᠯᠬᠦ | ᠂ ᠪᠦᠲᠦᠴᠡ ᠶᠢ ᠰᠢᠯᠢᠳᠡᠭᠵᠢᠭᠦᠯᠬᠦ ᠪᠠ ᠬᠥᠳᠡᠯᠭᠡᠭᠴᠢ ᠬᠦᠴᠦᠨ ᠢᠶᠠᠨ ᠰᠣᠯᠢᠬᠤ ᠰᠢᠨ᠎ᠡ ᠪᠠᠶᠢᠳᠠᠯ ᠳᠤ ᠬᠠᠨᠳᠤᠭᠤᠯᠤᠨ᠂ | ᠮᠠᠨ ᠤ ᠣᠷᠣᠨ ᠰᠢᠨ᠎ᠡ ᠬᠡᠪ ᠪᠠᠶᠢᠳᠠᠯ ᠳᠤ ᠢᠳᠡᠪᠬᠢᠲᠡᠶ ᠵᠣᠬᠢᠴᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠲᠣᠪᠤᠶᠢᠮ᠎ᠠ ᠰᠠᠶᠢᠳᠤᠷ ᠠᠳᠬᠤᠨ᠂ᠲᠣᠭᠲᠠᠭᠤᠨ ᠢᠶᠠᠷ ᠨᠡᠮᠡᠭᠳᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠨᠢᠭᠡᠳᠦᠯᠲᠡᠶ ᠲᠥᠯᠥᠪᠯᠡᠨ | ᠲᠦᠯᠬᠢᠨ ᠠᠬᠢᠭᠤᠯᠤᠭᠠᠳ᠂ ᠳᠡᠭᠡᠷ᠎ᠡ ᠬᠠᠭᠠᠰ ᠵᠢᠯ ᠳᠤ᠂ ᠬᠤᠷᠸ᠎ᠠ ᠠᠵᠤ ᠠᠬᠤᠶ ᠶᠢᠨ ᠣᠷᠴᠢᠨ ᠲᠣᠭᠤᠷᠢᠨ | ᠦᠷᠭᠦᠯᠵᠢᠯᠡᠨ ᠪᠠᠴᠢᠮ ᠪᠠᠶᠢᠬᠤ ᠪᠠᠶᠢᠳᠠᠯ ᠤᠨ ᠳᠣᠣᠷ᠎ᠠ᠂ ᠪᠦᠬᠦ ᠣᠷᠣᠨ ᠤ ᠠᠵᠤ ᠠᠬᠤᠶ ᠶᠢᠨ ᠭᠤᠣᠯ ᠭᠦᠢᠴᠡᠳᠬᠡᠬᠦ | ᠲᠤᠭ᠎ᠠ ᠶᠢᠨ ᠨᠡᠮᠡᠭᠳᠡᠯ ᠤᠨ ᠬᠤᠷᠳᠤᠴᠠ ᠬᠡᠳᠦᠶᠢᠪᠡᠷ ᠠᠳᠠᠯᠢ ᠪᠤᠰᠤ ᠬᠡᠮᠵᠢᠶ᠎ᠡ ᠪᠠᠷ ᠪᠠᠭᠤᠷᠠᠭᠰᠠᠨ ᠪᠣᠯᠪᠠᠴᠤ᠂ ᠰᠢᠨ᠎ᠡ | ᠬᠥᠳᠡᠯᠭᠡᠬᠦ ᠬᠦᠴᠦᠨ ᠤ ᠲᠠᠰᠤᠷᠠᠯᠲᠠ ᠦᠭᠡᠶ ᠬᠤᠷᠠᠮᠳᠤᠭᠤᠯᠬᠤ ᠶᠢ ᠳᠠᠭᠠᠯᠳᠤᠨ᠂ ᠪᠦᠲᠦᠴᠡ ᠶᠢᠨ ᠲᠣᠬᠢᠷᠠᠭᠤᠯᠤᠯᠲᠠ | ᠂ ᠬᠥᠭᠵᠢᠯᠲᠡ ᠶᠢᠨ ᠶᠠᠰᠤ ᠴᠢᠨᠠᠷ ᠵᠡᠷᠭᠡ ᠲᠠᠯ᠎ᠠ ᠪᠠᠷ ᠢᠳᠡᠪᠬᠢᠲᠡᠶ ᠬᠤᠪᠢᠷᠠᠯᠲᠠ ᠭᠠᠷᠴᠤ᠂ ᠪᠦᠬᠦ ᠣᠷᠣᠨ ᠤ ᠠᠵᠤ | ᠠᠬᠤᠶ ᠶᠢᠨ ᠬᠥᠭᠵᠢᠯᠲᠡ ᠶᠢᠨ ᠦᠷᠭᠦᠯᠵᠢᠯᠡᠬᠦ ᠴᠢᠨᠠᠷ᠂ ᠲᠡᠩᠴᠡᠭᠦᠷᠢᠲᠦ ᠴᠢᠨᠠᠷ ᠪᠠ ᠪᠠᠭᠲᠠᠭᠠᠮᠵᠢᠲᠤ ᠴᠢᠨᠠᠷ | ᠴᠢᠩᠭᠠᠷᠠᠵᠤ᠂ ᠠᠵᠤ ᠠᠬᠤᠶ ᠶᠢᠨ ᠠᠵᠢᠯᠯᠠᠭᠠᠨ ᠮᠥᠨ ᠬᠦ ᠵᠤᠬᠢᠰᠳᠠᠢ ᠬᠡᠪᠴᠢᠶᠡᠨ ᠳᠡᠭᠡᠨ ᠪᠠᠶᠢᠵᠤ᠂ ᠪᠦᠬᠦᠯᠢ | ᠴᠣᠭᠴᠠ ᠪᠠᠷ ᠢᠶᠠᠨ ︽ᠠᠯᠭᠤᠷᠯᠠᠬᠤ ᠶᠢᠨ ᠳᠠᠭᠠᠤ ᠳᠤ ᠲᠤᠭᠲᠠᠭᠤᠨ ᠪᠠᠶᠢᠵᠤ ᠂ ᠯᠠᠪᠳᠠᠭᠤᠨ ᠢᠶᠠᠷ ᠤᠷᠤᠭᠰᠢ | ᠳᠠᠪᠰᠢᠭᠰᠠᠨ︾ ᠪᠠᠶᠢᠳᠠᠯ ᠢᠯᠡᠷᠡᠨ ᠭᠠᠷᠪᠠ᠃ | ᠬᠦᠲᠦᠯᠦᠭᠴᠢ᠄ | ᠲᠠᠨ ᠤ ᠬᠡᠯᠡᠵᠦ ᠪᠠᠶᠢᠭ᠎ᠠ ︽ᠠᠯᠭᠤᠷᠯᠠᠬᠤ ᠶᠢᠨ ᠳᠠᠭᠠᠤ ᠳᠤ ᠲᠤᠭᠲᠠᠭᠤᠨ ᠪᠠᠶᠢᠵᠤ ᠂ ᠯᠠᠪᠳᠠᠭᠤᠨ ᠢᠶᠠᠷ | ᠤᠷᠤᠭᠰᠢ ᠳᠠᠪᠰᠢᠭᠰᠠᠨ︾ ᠪᠠᠶᠢᠬᠤ ᠪᠠᠶᠢᠳᠠᠯ ᠭᠡᠰᠡᠨ ᠤ ︽ᠠᠯᠭᠤᠷᠯᠠᠬᠤ︾᠂ ︽ᠲᠣᠭᠲᠠᠭᠤᠨ︾᠂ ︽ᠤᠷᠤᠭᠰᠢ | ᠳᠠᠪᠰᠢᠬᠤ︾ ᠭᠡᠳᠡᠭ ᠨᠢ ᠪᠣᠳᠠᠲᠠᠶ ᠶᠠᠭᠤ ᠶᠢ ᠵᠢᠭᠠᠵᠤ ᠪᠠᠶᠢᠬᠤ ᠪᠤᠢ᠂ ᠲᠠ ᠪᠢᠳᠡᠨ ᠳᠤ ᠲᠠᠨᠢᠯᠴᠠᠭᠤᠯᠤᠭᠳᠠᠭ | ᠥᠭᠭᠦᠨ᠎ᠡ ᠦᠦ︖ | ᠶᠠᠩ ᠴᠧᠨ ᠬᠤᠸᠠ᠄ | ᠵᠠ᠂ ᠡᠨᠡ ︽ᠠᠯᠭᠤᠷᠯᠠᠬᠤ︾ ᠭᠡᠳᠡᠭ ᠨᠢ ᠭᠤᠣᠯᠳᠠᠭᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ | ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠳᠣᠣᠷ᠎ᠠ ᠪᠠᠶᠢᠭᠰᠠᠨ ᠰᠠᠭᠤᠷᠢᠨ ᠳᠡᠭᠡᠷ᠎ᠡ ᠦᠷᠭᠦᠯᠵᠢᠯᠡᠨ ᠪᠠᠭ᠎ᠠ | ᠬᠡᠮᠵᠢᠶ᠎ᠡ ᠪᠠᠷ ᠪᠠᠭᠤᠷᠠᠵᠤ᠂ ᠠᠵᠤ ᠠᠬᠤᠶ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠠᠯᠭᠤᠷᠯᠠᠬᠤ ᠪᠠᠶᠢᠳᠠᠯ | ᠬᠤᠪᠢᠷᠠᠭᠠᠳᠤᠢ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ GDP ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠴᠡᠭ ᠤᠨ 0.3 ᠪᠠᠷ ᠪᠠᠭᠤᠷᠠᠪᠠ︔ 1 — 5 ᠳ᠋ᠤᠭᠠᠷ ᠰᠠᠷ᠎ᠠ ᠪᠣᠯᠲᠠᠯ᠎ᠠ᠂ | ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ 500 ᠲᠦᠮᠡᠨ | ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠲᠤᠰ ᠲᠤᠰ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ | 0.8 ᠪᠠ 0.3 ᠪᠠᠷ ᠳᠣᠣᠷ᠎ᠠ ᠪᠠᠶᠢᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠵᠠᠭᠤᠨ ᠤ | ᠴᠡᠭ ᠤᠨ 3.4 ᠳᠣᠣᠷ᠎ᠠ ᠪᠣᠢ᠃ ᠠᠵᠤ ᠠᠬᠤᠶ ᠶᠢᠨ ᠭᠤᠣᠯ ᠪᠣᠯᠬᠤ ᠭᠦᠢᠴᠡᠳᠬᠡᠬᠦ ᠲᠤᠭ᠎ᠠ ᠤᠨ ᠨᠡᠮᠡᠭᠳᠡᠯ ᠤᠨ | ᠬᠤᠷᠳᠤᠴᠠ ᠦᠷᠭᠦᠯᠵᠢᠯᠡᠨ ᠤᠳᠠᠭᠠᠰᠢᠷᠠᠵᠤ᠂ ᠪᠦᠬᠦ ᠣᠷᠣᠨ ᠤ ᠠᠵᠤ ᠠᠬᠤᠶ ᠶᠢᠨ ᠪᠠᠭᠤᠷᠠᠬᠤ ᠳᠠᠷᠤᠯᠲᠠ | ᠪᠠᠭᠠᠰᠤᠭᠰᠠᠨ ᠦᠭᠡᠢ᠃ | ︽ᠲᠣᠭᠲᠠᠭᠤᠨ ᠪᠠᠶᠢᠬᠤ︾ ᠪᠣᠯ ᠠᠵᠤ ᠠᠬᠤᠶ ᠶᠢᠨ ᠭᠤᠣᠯ ᠪᠣᠯᠬᠤ ᠭᠦᠢᠴᠡᠳᠬᠡᠬᠦ ᠲᠤᠭ᠎ᠠ ᠬᠡᠳᠦ᠋ᠢᠪᠡᠷ | ᠳᠣᠣᠷ᠎ᠠ ᠬᠢᠷᠢ ᠬᠡᠮᠵᠢᠶ᠎ᠡ ᠪᠠᠷ ᠢᠯᠡᠷᠡᠭᠰᠡᠨ ᠪᠣᠯᠪᠠᠴᠤ ᠶᠡᠭᠡ ᠬᠡᠮᠵᠢᠶ᠎ᠡ ᠪᠠᠷ ᠪᠠᠭᠤᠷᠠᠭᠰᠠᠨ ᠦᠭᠡᠢ ᠮᠥᠷᠲᠡᠭᠡᠨ | ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠰᠠᠶᠢᠨ ᠪᠠᠶᠢᠵᠤ᠂ ᠳᠡᠭᠡᠷ᠎ᠡ | ᠰᠠᠷ᠎ᠠ ᠶᠢᠨ ᠬᠢ ᠠᠴᠠ ᠲᠣᠭᠲᠠᠭᠤᠨ ᠪᠠᠶᠢᠵᠤ᠂ ᠡᠨᠡ ᠨᠢ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠤ | ᠲᠣᠭᠲᠠᠪᠤᠷᠢᠵᠢᠬᠤ ᠲᠡᠰᠢ ᠬᠠᠨᠳᠤᠭᠰᠠᠨ ᠢ ᠬᠠᠷᠠᠭᠤᠯᠵᠤ ᠪᠠᠶᠢᠨ᠎ᠠ᠂ ᠵᠢᠱᠢᠯᠲᠡ ᠪᠠᠷ ᠳᠡᠭᠡᠷ᠎ᠡ ᠬᠠᠭᠠᠰ ᠵᠢᠯ ᠤᠨ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ ᠨᠢᠭᠡᠳᠦᠭᠡᠷ ᠤᠯᠠᠷᠢᠯ ᠤᠨ | ᠬᠢ ᠲᠠᠢ ᠬᠠᠷᠢᠴᠠᠭᠤᠯᠪᠠᠯ ᠦᠨᠳᠦᠰᠦᠨ ᠳᠡᠭᠡᠨ ᠲᠡᠩᠴᠡᠵᠦ᠂ 7 .1% ᠣᠷᠴᠢᠮ ᠪᠣᠯᠤᠨ᠎ᠠ᠃ ᠨᠢᠭᠡᠳᠦᠭᠡᠷ | ᠤᠯᠠᠷᠢᠯ ᠳᠤ᠂ ᠪᠦᠬᠦ ᠣᠷᠣᠨ ᠤ GDP ᠶᠢᠨ ᠨᠡᠮᠡᠭᠳᠡᠯ ᠤᠨ ᠬᠤᠷᠳᠤᠴᠠ ᠶᠢᠨ ᠵᠢᠭᠰᠠᠭᠠᠯᠲᠠ ᠳᠡᠭᠡᠷ᠎ᠡ ᠵᠢᠯ ᠤᠨ 21 | ᠳ᠋ᠦ᠋ᠭᠡᠷ ᠲᠤ ᠪᠠᠶᠢᠭᠰᠠᠨ ᠠᠴᠠ ᠪᠠᠨ 19 ᠳ᠋ᠦ᠋ᠭᠡᠷ ᠲᠤ ᠳᠡᠪᠰᠢᠪᠡ︔1 — 5 ᠳ᠋ᠤᠭᠠᠷ ᠰᠠᠷ᠎ᠠ ᠪᠣᠯᠲᠠᠯ᠎ᠠ᠂ ᠪᠦᠬᠦ | ᠣᠷᠣᠨ ᠤ ᠠᠵᠤ ᠦᠢᠯᠡᠳᠪᠦᠷᠢ᠂ ᠪᠡᠯᠡ ᠣᠷᠣᠭᠤᠯᠤᠯᠲᠠ ᠬᠢᠭᠡᠳ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠤᠰ ᠲᠤᠰ ᠪᠦᠬᠦ ᠤᠯᠤᠰ ᠤᠨ ᠳᠤᠮᠳᠠᠴᠢ ᠬᠢᠷᠢ | ᠬᠡᠮᠵᠢᠶ᠎ᠡ ᠠᠴᠠ1.9᠂ 2. 4 ᠪᠠ ᠵᠠᠭᠤᠨ ᠤ ᠴᠡᠭ ᠤᠨ 0.6 ᠳᠡᠭᠡᠭᠦᠷ ᠪᠠᠶᠢᠭ᠎ᠠ ᠮᠥᠷᠲᠡᠭᠡᠨ ᠨᠡᠮᠡᠭᠳᠡᠯ ᠤᠨ | ᠬᠤᠷᠳᠤᠴᠠ ᠶᠢ ᠳᠡᠭᠡᠷ᠎ᠡ ᠰᠠᠷ᠎ᠠ ᠶᠢᠨ ᠬᠢ ᠲᠠᠢ ᠬᠠᠷᠢᠴᠠᠭᠤᠯᠪᠠᠯ ᠰᠡᠷᠭᠦᠭᠰᠡᠨ ᠪᠠᠶᠢᠵᠤ᠂ ᠠᠵᠤ ᠠᠬᠤᠶ ᠶᠢᠨ | ᠠᠵᠢᠯᠯᠠᠭᠠᠨ ᠤ ᠲᠣᠭᠲᠠᠭᠤᠨ ᠪᠠᠶᠢᠬᠤ ᠲᠡᠰᠢ ᠬᠠᠨᠳᠤᠬᠤ ᠪᠠᠶᠢᠳᠠᠯ ᠨᠢ ᠠᠭᠠᠵᠢᠮ ᠢᠶᠠᠷ ᠢᠯᠡᠷᠡᠪᠡ᠃ ᠠᠵᠤ | ᠦᠢᠯᠡᠳᠪᠦᠷᠢ ᠶᠢᠨ ᠬᠦᠷᠢᠶᠡᠨ ᠳᠤ᠂ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠤᠰ ᠲᠤᠰ 8.8%᠂ | 8.2%᠂ 8 %᠂ 8.1% ᠪᠠᠶᠢᠵᠤ᠂ ᠡᠨᠡᠬᠦ ᠬᠤᠭᠤᠴᠠᠭᠠᠨ ᠳᠤ ᠪᠢᠴᠢᠯ ᠬᠡᠮᠵᠢᠶᠡᠨ ᠤ ᠬᠡᠯᠪᠡᠯᠵᠡᠯ ᠲᠠᠢ | ᠪᠣᠯᠪᠠᠴᠤ ᠬᠠᠨᠳᠤᠰᠢ ᠨᠢ ᠪᠦᠬᠦᠯᠢ ᠴᠣᠭᠴᠠ ᠪᠠᠷ ᠢᠶᠠᠨ ᠨᠡᠯᠢᠶᠡᠳ ᠲᠣᠭᠲᠠᠭᠤᠨ ᠪᠠᠶᠢᠵᠤ᠂ ᠣᠳᠣᠬᠠᠨ ᠤ ᠮᠠᠨ ᠤ | ᠣᠷᠣᠨ ᠤ ᠠᠵᠤ ᠦᠢᠯᠡᠳᠪᠦᠷᠢ ᠶᠢᠨ ᠠᠵᠢᠯᠯᠠᠭᠠᠨ ᠤ ᠠᠯᠭᠤᠷᠯᠠᠬᠤ ᠶᠢᠨ ᠳᠠᠭᠠᠤ ᠲᠣᠭᠲᠠᠭᠤᠨ ᠪᠠᠶᠢᠬᠤ ᠶᠢ | ᠬᠠᠷᠠᠭᠤᠯᠵᠤ᠂ ᠵᠢᠱᠢᠯᠲᠡ ᠪᠠᠷ ᠳᠡᠭᠡᠷ᠎ᠡ ᠬᠠᠭᠠᠰ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 8.1% ᠣᠷᠴᠢᠮ ᠪᠠᠶᠢᠨ᠎ᠠ᠃ ᠪᠡᠯᠡ ᠣᠷᠤᠭᠤᠯᠤᠯᠲᠠ ᠶᠢᠨ | ᠬᠦᠷᠢᠶᠡᠨ ᠳᠤ᠂ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯ᠎ᠠ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠨᠡᠶᠢᠲᠡ ᠨᠡᠮᠡᠭᠳᠡᠯ ᠤᠨ ᠬᠤᠷᠳᠤᠴᠠ ᠲᠤᠰ ᠲᠤᠰ 14%᠂ 13.9%᠂ 13.8%᠂ 13. | 8% ᠪᠠᠶᠢᠵᠤ᠂ ᠪᠠᠭᠤᠷᠠᠬᠤ ᠬᠡᠮᠵᠢᠶ᠎ᠡ ᠨᠢ ᠠᠭᠠᠵᠢᠮ ᠢᠶᠠᠷ ᠨᠠᠷᠢᠰᠴᠤ᠂ ᠰᠡᠭᠦᠯ ᠤᠨ ᠬᠤᠭᠤᠴᠠᠭᠠᠨ ᠳᠤ ᠲᠥᠷᠥᠯ | ᠵᠦᠢᠯ ᠤᠨ ᠪᠦᠲᠦᠭᠡᠨ ᠪᠠᠢᠭᠤᠯᠤᠯᠲᠠ ᠶᠢᠨ ︽ᠰᠢᠵᠢᠷ ᠠᠯᠲᠠᠨ ᠴᠠᠭ ᠦᠶ᠎ᠡ︾ ᠳᠤ ᠣᠷᠣᠬᠤ ᠶᠢ ᠳᠠᠭᠠᠯᠳᠤᠨ᠂ | ᠲᠥᠷᠥᠯ ᠵᠦᠢᠯ ᠤᠨ ᠨᠠᠶᠢᠳᠠᠪᠤᠷᠢᠵᠢᠭᠤᠯᠬᠤ ᠬᠤᠷᠳᠤᠴᠠ ᠲᠦᠷᠭᠡᠳᠬᠡᠵᠦ᠂ ᠵᠢᠱᠢᠯᠲᠡ ᠪᠠᠷ ᠳᠡᠭᠡᠷ᠎ᠡ ᠬᠠᠭᠠᠰ ᠵᠢᠯ ᠳᠤ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠮᠥᠨ ᠬᠦ 14 % | ᠣᠷᠴᠢᠮ ᠳᠤ ᠪᠠᠶᠢᠯᠭᠠᠬᠤ ᠪᠣᠯᠤᠨ᠎ᠠ᠃ ᠬᠡᠷᠡᠭᠯᠡᠭᠡᠨ ᠤ ᠬᠦᠷᠢᠶᠡᠨ ᠳᠤ᠂ ᠬᠠᠯᠠᠨ ᠰᠠᠶᠢᠵᠢᠷᠠᠭᠤᠯᠬᠤ ᠬᠡᠯᠪᠡᠷᠢ ᠶᠢᠨ᠂ | ᠰᠠᠭᠤᠷᠢ ᠬᠡᠯᠪᠡᠷᠢ ᠶᠢᠨ ᠬᠡᠷᠡᠭᠯᠡᠭᠡᠨ ᠤ ᠬᠡᠪᠴᠢᠶ᠎ᠡ ᠵᠡᠷᠭᠡᠪᠡᠷ ᠪᠠᠭᠤᠷᠠᠭᠰᠠᠨ ᠠᠴᠠ ᠪᠣᠯᠵᠤ᠂ ᠳᠡᠭᠡᠷ᠎ᠡ ᠬᠠᠭᠠᠰ ᠵᠢᠯ ᠤᠨ | ᠪᠦᠬᠦ ᠣᠷᠣᠨ ᠤ ᠬᠡᠷᠡᠭᠯᠡᠭᠡᠨ ᠳᠤ ᠪᠠᠶᠢᠬᠤ ᠳᠣᠣᠷ᠎ᠠ ᠠᠵᠢᠯᠯᠠᠭᠠᠨ ᠤ ᠪᠠᠶᠢᠳᠠᠯ ᠢᠯᠡᠷᠡᠵᠦ᠂ 1 ᠳ᠋ᠦ᠋ᠭᠡᠷ ᠰᠠᠷ᠎ᠠ ᠠᠴᠠ 4 | ᠳ᠋ᠦ᠋ᠭᠡᠷ ᠰᠠᠷ᠎ᠠ ᠪᠤᠯᠲᠠᠯ᠎ᠠ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ | ᠨᠡᠮᠡᠭᠳᠡᠯ ᠤᠨ ᠬᠤᠷᠳᠤᠴᠠ 6.8% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 10% ᠠᠴᠠ ᠳᠡᠭᠡᠭᠰᠢ | ᠪᠠᠶᠢᠭᠰᠠᠨ ᠬᠢᠷᠢ ᠬᠡᠮᠵᠢᠶ᠎ᠡ ᠠᠴᠠ ᠳᠣᠣᠷ᠎ᠠ ᠪᠣᠯᠪᠠ᠃ 5 ᠳ᠋ᠤᠭᠠᠷ ᠰᠠᠷ᠎ᠠ ᠳᠤ ᠣᠷᠣᠭᠰᠠᠨ ᠤ ᠳᠠᠷᠠᠭ᠎ᠠ᠂ ᠠᠮᠤ ᠪᠤᠳᠠᠭ᠎ᠠ | ᠲᠣᠰᠣ ᠢᠳᠡᠭᠡᠨ ᠠᠷᠢᠬᠢ ᠲᠠᠮᠠᠬᠢ ᠶᠢᠨ ᠵᠦᠢᠯ᠂ ᠬᠤᠪᠴᠠᠰᠤ ᠱᠠᠬᠠᠶ ᠮᠠᠯᠠᠭᠠᠶ ᠰᠦᠯᠵᠢᠮᠡᠯ ᠪᠠ ᠨᠡᠬᠡᠮᠡᠯ ᠤᠨ ᠵᠦᠢᠯ | ᠵᠡᠷᠭᠡ ᠰᠠᠭᠤᠷᠢ ᠬᠡᠯᠪᠡᠷᠢ ᠶᠢᠨ ᠬᠡᠷᠡᠭᠯᠡᠭᠡᠨ ᠤ ᠰᠡᠷᠭᠦᠬᠦ ᠶᠢ ᠳᠠᠭᠠᠯᠳᠤᠨ᠂ ᠪᠦᠬᠦ ᠣᠷᠣᠨ ᠤ ᠬᠡᠷᠡᠭᠯᠡᠭᠡᠨ ᠠᠯᠬᠤᠮ | ᠠᠯᠬᠤᠮ ᠢᠶᠠᠷ ᠰᠠᠶᠢᠵᠢᠷᠠᠵᠤ᠂ 1 ᠳ᠋ᠦ᠋ᠭᠡᠷ ᠰᠠᠷ᠎ᠠ ᠠᠴᠠ 5 ᠳ᠋ᠤᠭᠠᠷ ᠰᠠᠷ᠎ᠠ ᠪᠣᠯᠲᠠᠯᠠᠬᠢ ᠬᠡᠷᠡᠭᠯᠡᠭᠡᠨ ᠠᠳᠠᠯᠢ | ᠬᠤᠭᠤᠴᠠᠭᠠᠨ ᠤ ᠬᠢ ᠠᠴᠠ 7 % ᠪᠠᠷ ᠨᠡᠮᠡᠭᠳᠡᠵᠦ᠂ ᠵᠢᠱᠢᠯᠲᠡ ᠪᠠᠷ ᠳᠡᠭᠡᠷ᠎ᠡ ᠬᠠᠭᠠᠰ ᠵᠢᠯ ᠤᠨ ᠨᠡᠶᠢᠭᠡᠮ ᠤᠨ | ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠨᠡᠮᠡᠭᠳᠡᠯ ᠤᠨ ᠬᠤᠷᠳᠤᠴᠠ 7.5% | ᠣᠷᠴᠢᠮ ᠳᠤ ᠪᠠᠶᠢᠬᠤ ᠪᠣᠯᠣᠨ᠎ᠠ᠃ | ᠶᠠᠩ ᠴᠧᠨ ᠬᠤᠸᠠ᠄ | ︽ᠤᠷᠤᠭᠰᠢ ᠳᠠᠪᠰᠢᠬᠤ︾ ᠪᠣᠯ ᠪᠦᠲᠦᠴᠡ ᠶᠢᠨ ᠲᠣᠬᠢᠷᠠᠭᠤᠯᠤᠯᠲᠠ ᠶᠢᠨ ᠠᠬᠢᠴᠠ ᠰᠠᠶᠢᠨ ᠪᠠᠶᠢᠵᠤ᠂ ᠰᠢᠨ᠎ᠡ | ᠬᠥᠳᠡᠯᠭᠡᠬᠦ ᠬᠦᠴᠦᠨ ᠲᠠᠰᠤᠷᠠᠯᠲᠠ ᠦᠭᠡᠶ ᠬᠤᠷᠠᠵᠤ᠂ ᠠᠵᠤ ᠠᠬᠤᠶ ᠶᠢᠨ ᠶᠠᠰᠤ ᠴᠢᠨᠠᠷ ᠪᠠ ᠦᠷ᠎ᠡ ᠠᠰᠢᠭ ᠠᠯᠬᠤᠮ | ᠠᠯᠬᠤᠮ ᠢᠶᠠᠷ ᠳᠡᠭᠡᠭᠰᠢᠯᠡᠵᠦ ᠪᠠᠶᠢᠭ᠎ᠠ ᠶᠠᠪᠤᠳᠠᠯ ᠪᠣᠯᠣᠨ᠎ᠠ᠃ ᠨᠢᠭᠡ ᠳᠤ᠂ ᠦᠢᠯᠡᠴᠢᠯᠡᠭᠡᠨ ᠤ ᠦᠢᠯᠡᠰ ᠤᠨ | ᠬᠤᠪᠢ ᠶᠢᠨ ᠵᠢᠩ ᠰᠢᠨ᠎ᠡ ᠳᠡᠭᠡᠭᠰᠢᠯᠡᠯᠲᠡ ᠲᠠᠢ ᠪᠣᠯᠪᠠ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ GDP | ᠳᠠᠬᠢ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ ᠵᠠᠭᠤᠨ ᠤ ᠴᠡᠭ ᠤᠨ1.9 ᠳᠡᠭᠡᠭᠦᠷ ᠪᠣᠯᠪᠠ᠃ ᠬᠤᠶᠠᠷ ᠲᠤ᠂ ᠠᠵᠤ ᠦᠢᠯᠡᠳᠪᠦᠷᠢ ᠶᠢᠨ ᠪᠦᠲᠦᠴᠡ ᠶᠢᠨ | ᠲᠣᠬᠢᠷᠠᠭᠤᠯᠤᠯᠲᠠ ᠪᠦᠲᠦᠮᠵᠢᠲᠡᠢ ᠠᠬᠢᠭᠤᠯᠪᠠ᠃1 —5 ᠳ᠋ᠤᠭᠠᠷ ᠰᠠᠷ᠎ᠠ ᠪᠣᠯᠲᠠᠯ᠎ᠠ᠂ ᠠᠵᠤ ᠦᠢᠯᠡᠳᠪᠦᠷᠢ ᠶᠢᠨ | ᠨᠡᠮᠡᠭᠳᠡᠯ ᠳᠠᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠳ᠋ᠰᠢᠭᠦᠯᠦᠯᠲᠡ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠤᠪᠢ ᠨᠡᠮᠡᠷᠢ ᠦᠵᠡᠭᠦᠯᠦᠭᠰᠡᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ | ᠲᠤᠰ ᠲᠤᠰ ᠵᠠᠭᠤᠨ ᠤ ᠴᠡᠭ ᠤᠨ 1.6 ᠪᠠ 1. 4 ᠳᠡᠭᠡᠭᠰᠢᠯᠡᠪᠡ᠃ ᠭᠤᠷᠪᠠ ᠳᠤ᠂ ᠬᠡᠷᠡᠭᠯᠡᠭᠡᠨ ᠤ ᠳᠡᠰ ᠳᠡᠪᠰᠢᠬᠦ | ᠠᠯᠬᠤᠴᠠ ᠲᠦᠷᠭᠡᠳᠬᠡᠪᠡ᠃ ᠰᠡᠯᠡᠭᠦᠴᠡᠯ ᠵᠢᠭᠤᠯᠴᠢᠯᠠᠯ᠂ ᠰᠣᠶᠣᠯ᠂ ᠮᠡᠳᠡᠭᠡ ᠵᠠᠩᠭᠢ ᠪᠠᠷ ᠲᠥᠯᠥᠭᠡᠯᠡᠭᠦᠯᠦᠭᠰᠡᠨ | ᠰᠢᠨ᠎ᠡ ᠪᠠᠷ ᠪᠣᠢ ᠪᠣᠯᠣᠭᠰᠠᠨ ᠬᠡᠷᠡᠭᠯᠡᠭᠡᠨ ᠤ ᠠᠷᠭ᠎ᠠ ᠮᠠᠶ᠋ᠢᠭ ᠲᠦᠷᠭᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ᠂ ᠪᠦᠬᠦ | ᠣᠷᠣᠨ ᠤ ᠵᠢᠭᠤᠯᠴᠢᠯᠠᠯ ᠤᠨ ᠶᠡᠷᠦᠩᠬᠡᠢ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 16. 6% ᠪᠠᠷ ᠨᠡᠮᠡᠭᠳᠡᠪᠡ︔ | 1 — 5 ᠳ᠋ᠤᠭᠠᠷ ᠰᠠᠷ᠎ᠠ ᠪᠣᠯᠲᠠᠯ᠎ᠠ᠂ ᠬᠢᠵᠠᠭᠠᠷᠯᠠᠭᠰᠠᠨ ᠲᠤᠭ᠎ᠠ ᠨᠣᠷᠮ᠎ᠠ ᠠᠴᠠ ᠳᠡᠭᠡᠭᠰᠢᠬᠢ ᠨᠣᠮ ᠪᠢᠴᠢᠭ ᠰᠣᠨᠢᠨ | ᠰᠡᠳᠬᠦᠯ ᠤᠨ ᠲᠥᠷᠥᠯ ᠤᠨ ᠨᠡᠮᠡᠭᠳᠡᠯ ᠤᠨ ᠬᠤᠷᠳᠤᠴᠠ ᠨᠢ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠠᠴᠠ ᠵᠠᠭᠤᠨ ᠤ | ᠴᠡᠭ ᠤᠨ 43.1 ᠳᠡᠭᠡᠭᠦᠷ ᠪᠠᠶᠢᠵᠤ᠂ ᠡᠭᠦᠨ ᠤ ᠵᠡᠷᠭᠡᠴᠡᠪᠡᠷ ᠪᠦᠬᠦ ᠣᠷᠣᠨ ᠤ ︽ᠢᠨᠲ᠋ᠧᠷ ᠰᠦᠯᠵᠢᠶ᠎ᠡ + ︾ | ᠮᠥᠩᠭᠦᠨ ᠭᠦᠢᠯᠭᠡᠭᠡᠨ᠂ ᠠᠷᠠᠯᠵᠢᠶ᠎ᠠ ᠮᠠᠶᠢᠮᠠᠶ᠂ ᠰᠣᠶᠣᠯ ᠢ ᠴᠢᠭᠯᠡᠭᠦᠯᠦᠨ ᠣᠯᠠᠨ ᠬᠦᠷᠢᠶ᠎ᠡ ᠲᠦᠷᠭᠡᠨ ᠢᠶᠠᠷ ᠠᠬᠢᠭᠤᠯᠪᠠ | ᠃ ᠳᠥᠷᠪᠡ ᠳᠤ᠂ ᠠᠵᠤ ᠠᠬᠤᠶ ᠶᠢᠨ ᠠᠮᠢᠵᠢᠷᠠᠯ ᠤᠨ ᠬᠦᠴᠦᠨ ᠴᠢᠩᠭᠠᠷᠠᠪᠠ᠃ 1 — 5 ᠳ᠋ᠤᠭᠠᠷ ᠰᠠᠷ᠎ᠠ ᠪᠣᠯᠲᠠᠯ᠎ᠠ᠂ | ᠪᠦᠬᠦ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ | ᠬᠤᠷᠳᠤᠴᠠ ᠠᠴᠠ ᠵᠠᠭᠤᠨ ᠤ ᠴᠡᠭ ᠤᠨ 2 ᠳᠡᠭᠡᠭᠦᠷ ᠪᠣᠯᠪᠠ᠃ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠬᠤᠷᠰᠢᠬᠤ ︵ppp︶ ᠵᠠᠭᠪᠤᠷ ᠤᠨ ᠪᠡᠯᠡ | ᠣᠷᠤᠭᠤᠯᠤᠯᠲᠠ ᠶᠢᠨ ᠲᠥᠷᠥᠯ ᠵᠦᠢᠯ ᠳᠤ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠵᠡᠯᠡᠬᠦ | ᠬᠠᠷᠢᠴᠠᠯ ᠨᠢ 81.3% ᠳᠤ ᠬᠦᠷᠪᠡ᠃ ᠲᠠᠪᠤ ᠳᠤ᠂ ᠠᠵᠤ ᠠᠬᠤᠶ ᠶᠢᠨ ᠦᠷ᠎ᠡ ᠠᠰᠢᠭ ᠠᠭᠠᠵᠢᠮ ᠢᠶᠠᠷ ᠰᠡᠷᠭᠦᠪᠡ᠃ | ᠳᠡᠭᠡᠳᠦ ᠬᠠᠭᠠᠰ ᠵᠢᠯ ᠳᠤ᠂ ᠪᠦᠬᠦ ᠣᠷᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ | ᠴᠠᠭ᠂ ᠡᠭᠦᠷᠭᠡ ︽ᠬᠤᠶᠠᠭᠤᠯᠠ ᠪᠠᠨ ᠬᠠᠭᠠᠰ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠪᠡ᠃ ᠠᠳᠠᠯᠢ | ᠬᠤᠭᠤᠴᠠᠭᠠᠨ ᠳᠤ᠂ ᠪᠦᠬᠦ ᠣᠷᠣᠨ ᠤ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ | ᠭᠠᠶᠢᠯᠢ ᠶᠢᠨ ᠪᠤᠰᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 7.3 ᠠᠴᠠ ᠳᠡᠭᠡᠭᠦᠷ | ᠪᠠᠶᠢᠵᠤ᠂ ᠭᠠᠶᠢᠯᠢ ᠲᠠᠲᠠᠪᠤᠷᠢ ᠶᠢᠨ ᠡᠵᠡᠯᠡᠬᠦ ᠬᠠᠷᠢᠴᠠᠯ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ | 1.5 ᠪᠠᠷ ᠳᠡᠭᠡᠭᠰᠢᠯᠡᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠳᠡᠭᠡᠭᠰᠢᠯᠡᠪᠡ᠃ ᠵᠢᠷᠭᠤᠭ᠎ᠠ ᠳᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠪᠠᠭᠠᠰᠪᠠ᠃ ᠨᠢᠭᠡᠳᠦᠭᠡᠷ ᠤᠯᠠᠷᠢᠯ ᠤ᠂ | ᠬᠥᠳᠡᠭᠡ ᠲᠣᠰᠬᠤᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ | ᠴᠡᠭ ᠤᠨ1.5 ᠳᠡᠭᠡᠭᠦᠷ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠬᠥᠮᠦᠨ ᠪᠦᠷᠢ ᠶᠢᠨ ᠳᠤᠮᠳᠠᠴᠢ ᠶᠢᠨ | ᠣᠷᠣᠯᠭ᠎ᠠ ᠶᠢᠨ ᠬᠠᠷᠢᠴᠠᠯ ᠨᠢ 2 .3 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1 | ᠪᠠᠭᠠᠰᠤᠭᠰᠠᠨ ᠪᠠᠶᠢᠨ᠎ᠠ᠃ | ᠬᠥᠲᠥᠯᠥᠭᠴᠢ : | ᠮᠠᠨ ᠤ ᠣᠷᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠪᠣᠯ ︽ᠠᠯᠭᠤᠷ ᠳᠤᠮᠳᠠ | ᠯᠠᠪᠳᠠᠭᠤᠨ ᠪᠠᠶᠢᠵᠤ ᠂ ᠯᠠᠪᠳᠠᠭᠤᠨ ᠳᠤᠮᠳᠠ ᠤᠷᠤᠭᠰᠢᠯᠠᠬᠤ ︾᠂ ᠲᠡᠭᠡᠪᠡᠯ ᠳᠣᠣᠷᠠᠳᠤ ᠬᠠᠭᠠᠰ ᠵᠢᠯ ᠳᠤ ᠮᠠᠨ ᠤ | ᠣᠷᠣᠨ ᠤ ᠠᠵᠤ ᠠᠬᠤᠶ ᠶᠢᠨ ᠪᠠᠶᠢᠳᠠᠯ ᠦᠷᠭᠦᠯᠵᠢᠯᠡᠨ ᠳᠡᠭᠡᠭᠰᠢᠯᠡᠨ᠎ᠡ ᠦᠦ︖ | ᠶᠠᠩ ᠴᠧᠨ ᠬᠤᠸᠠ᠄ | ᠳᠣᠣᠷᠠᠳᠤ ᠬᠠᠭᠠᠰ ᠵᠢᠯ ᠳᠤ᠂ ᠤᠯᠤᠰ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ | ᠪᠡᠯᠡ ᠣᠷᠣᠭᠤᠯᠤᠯᠲᠠ ᠶᠢ ᠠᠳᠬᠤᠬᠤ᠂ ᠬᠡᠷᠡᠭᠯᠡᠭᠡ ᠶᠢ ᠥᠷᠭᠡᠳᠬᠡᠬᠦ᠂ ᠭᠠᠶᠢᠯᠢ ᠶᠢ ᠬᠠᠰᠤᠵᠤ ᠰᠦᠢᠳᠬᠡᠯ ᠢ | ᠪᠠᠭᠤᠷᠠᠭᠤᠯᠬᠤ ᠵᠡᠷᠭᠡ ᠠᠯᠢ ᠣᠯᠠᠨ ᠲᠣᠭᠲᠠᠭᠤᠨ ᠢᠶᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠵᠠᠯᠭᠠᠯᠳᠤᠭ᠎ᠠ ᠪᠠᠷ ᠨᠠᠶᠢᠳᠠᠪᠤᠷᠢᠵᠢᠭᠤᠯᠬᠤ ᠶᠢ ᠳᠠᠭᠠᠯᠳᠤᠨ᠂ ᠥᠪᠥᠷ ᠮᠣᠩᠭᠤᠯ ᠤᠨ ᠠᠵᠤ ᠠᠬᠤᠶ ᠶᠢᠨ | ᠬᠥᠭᠵᠢᠯᠲᠡ ᠶᠢᠨ ᠳᠠᠯᠳᠠ ᠬᠦᠴᠦᠨ ᠤᠯᠠᠮ ᠨᠢᠭᠡ ᠠᠯᠬᠤᠮ ᠭᠠᠷᠴᠤ ᠢᠷᠡᠬᠦ ᠪᠣᠯᠣᠨ᠎ᠠ᠃ ᠭᠡᠪᠡᠴᠦ ᠤᠯᠠᠮᠵᠢᠯᠠᠯᠲᠤ | ᠠᠵᠢᠯ ᠲᠥᠷᠥᠯ ᠤᠨ ᠨᠡᠮᠡᠭᠳᠡᠯ ᠤᠨ ᠬᠥᠳᠡᠯᠭᠡᠬᠦ ᠬᠦᠴᠦᠨ ᠢᠯᠡᠷᠬᠡᠢ ᠪᠠᠭᠤᠷᠠᠵᠤ᠂ ᠳᠣᠲᠣᠭᠠᠳᠤ ᠪᠦᠲᠦᠴᠡ ᠶᠢᠨ | ᠴᠢᠨᠠᠷᠲᠠᠶ ᠵᠥᠷᠢᠴᠡᠯ ᠮᠥᠨ ᠬᠦ ᠲᠣᠪᠤᠶᠢᠮ᠎ᠠ ᠪᠠᠶᠢᠵᠤ᠂ ᠰᠢᠨ᠎ᠡ ᠪᠠᠷ ᠪᠣᠢ ᠪᠣᠯᠣᠭᠰᠠᠨ ᠬᠥᠳᠡᠯᠭᠡᠬᠦ ᠬᠦᠴᠦᠨ ᠬᠠᠷᠠᠬᠠᠨ | ᠪᠣᠶᠢᠵᠢᠯᠲᠠ ᠶᠢᠨ ᠦᠶ᠎ᠡ ᠳᠡᠭᠡᠨ ᠪᠠᠶᠢᠵᠤ᠂ ᠵᠠᠬ᠎ᠠ ᠳᠡᠯᠭᠡᠭᠦᠷ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠴᠢᠨ | ᠠᠬᠤᠢ ᠬᠢᠭᠡᠳ ᠳᠣᠲᠣᠭᠠᠳᠤ ᠬᠡᠷᠡᠭᠴᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ | ᠵᠡᠷᠭᠡ ᠲᠠᠯ᠎ᠠ ᠪᠠᠷ ᠨᠡᠯᠢᠶᠡᠳ ᠶᠡᠭᠡ ᠳᠠᠷᠤᠯᠲᠠ ᠣᠷᠣᠰᠢᠬᠤ ᠲᠤᠯᠠ᠂ ᠪᠦᠬᠦ ᠵᠢᠯ ᠤᠨ ᠠᠵᠤ ᠠᠬᠤᠶ ᠦᠷᠭᠦᠯᠵᠢᠯᠡᠨ | ᠳᠡᠭᠡᠭᠰᠢᠯᠡᠬᠦ ᠢ ᠪᠡᠶᠡᠯᠡᠭᠦᠯᠬᠦ ᠳᠤ ᠬᠦᠴᠢᠷ ᠨᠡᠯᠢᠶᠡᠳ ᠶᠡᠭᠡ ᠪᠠᠶᠢᠬᠤ ᠪᠣᠯᠣᠨ᠎ᠠ᠃ | ᠬᠥᠲᠥᠯᠦᠭᠴᠢ᠄ | ᠲᠠᠨ ᠤ ᠬᠡᠯᠡᠭᠰᠡᠨ ︽ᠨᠡᠯᠢᠶᠡᠳ ᠶᠡᠭᠡ ᠳᠠᠷᠤᠯᠲᠠ︾ ᠭᠡᠳᠡᠭ ᠨᠢ ᠠᠯᠢ ᠬᠡᠳᠦᠨ ᠲᠠᠯ᠎ᠠ ᠠᠴᠠ ᠢᠷᠡᠯᠲᠡ ᠲᠠᠢ | ᠪᠣᠢ︖ | ᠶᠠᠩ ᠴᠧᠨ ᠬᠤᠸᠠ᠄ | ᠳᠠᠷᠤᠯᠲᠠ ᠳᠥᠷᠪᠡᠨ ᠲᠠᠯ᠎ᠠ ᠠᠴᠠ ᠢᠷᠡᠯᠲᠡᠢ᠂ ᠳᠠᠷᠤᠯᠲᠠ ᠶᠢᠨ ᠨᠢᠭᠡ ᠢᠷᠡᠯᠲᠡ ᠪᠣᠯ ᠵᠠᠬ᠎ᠠ ᠳᠡᠯᠭᠡᠭᠦᠷ | ᠪᠣᠯᠣᠨ᠎ᠠ᠃ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢᠨ ᠪᠥᠲᠦᠴᠡ ᠶᠢᠨ ᠬᠤᠪᠢᠷᠠᠯᠲᠠ ᠮᠡᠳᠡᠭᠳᠡᠮ᠎ᠡ᠂ ᠡᠨᠧᠷᠭᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠲᠠᠰᠤᠷᠠᠯᠲᠠ ᠦᠭᠡᠢ ᠪᠠᠭᠤᠷᠠᠵᠤ᠂ ᠰᠢᠨ᠎ᠡ ᠵᠠᠬ᠎ᠠ ᠳᠡᠯᠭᠡᠭᠦᠷ ᠤᠨ | ᠲᠡᠩᠴᠡᠭᠦᠷᠢ ᠬᠠᠷᠠᠬᠠᠨ ᠪᠦᠷᠢᠯᠳᠦᠭᠡᠳᠦᠢ ᠪᠠᠶᠢᠭ᠎ᠠ ᠠᠬᠤᠢ ᠪᠠᠶᠢᠳᠠᠯ ᠤᠨ ᠳᠣᠣᠷ᠎ᠠ᠂ ᠪᠥᠬᠦ ᠣᠷᠣᠨ ᠤ ᠭᠤᠣᠯ ᠪᠣᠯᠬᠤ | ᠠᠵᠤ ᠦᠢᠯᠡᠳᠪᠦᠷᠢ ᠶᠢᠨ ᠪᠥᠲᠦᠬᠡᠭᠳᠡᠭᠦᠨ ᠤ ᠣᠷᠣᠨ ᠵᠠᠢ ᠤᠯᠠᠮ ᠠᠴᠠ ᠢᠪᠴᠦᠷᠡᠵᠡᠢ᠃ 6 ᠳ᠋ᠤᠭᠠᠷ ᠰᠠᠷ᠎ᠠ ᠳᠤ᠂ | PMI ᠢᠯᠡᠳᠬᠡᠭᠴᠢ ᠶᠢ ᠳᠡᠭᠡᠷ᠎ᠡ ᠬᠠᠭᠠᠰ ᠰᠠᠷ᠎ᠠ ᠶᠢᠨ ᠬᠢ ᠲᠠᠢ ᠬᠠᠷᠢᠴᠠᠭᠤᠯᠪᠠᠯ ᠲᠡᠩᠴᠡᠭᠦᠷᠢ ᠲᠠᠢ ᠪᠠᠶᠢᠵᠤ᠂ | ᠰᠢᠨ᠎ᠡ ᠵᠠᠬᠢᠶᠠᠯᠠᠭ᠎ᠠ ᠶᠢᠨ ᠬᠠᠭᠤᠳᠠᠰᠤᠨ ᠤ ᠢᠯᠡᠳᠬᠡᠭᠴᠢ ᠶᠢ ᠳᠡᠭᠡᠷ᠎ᠡ ᠰᠠᠷ᠎ᠠ ᠶᠢᠨ ᠬᠢ ᠲᠠᠢ ᠬᠠᠷᠢᠴᠠᠭᠤᠯᠪᠠᠯ | ᠵᠠᠭᠤᠨ ᠤ ᠴᠡᠭ ᠤᠨ 0.5 ᠪᠠᠭᠤᠷᠠᠵᠤ᠂ ᠦᠢᠯᠡᠳᠪᠦᠷᠢᠯᠡᠯ ᠤᠨ ᠢᠯᠡᠳᠬᠡᠭᠴᠢ ᠪᠣᠯᠣᠨ ᠰᠢᠨ᠎ᠡ ᠵᠠᠬᠢᠶᠠᠯᠠᠭ᠎ᠠ ᠶᠢᠨ | ᠬᠠᠭᠤᠳᠠᠰᠤᠨ ᠤ ᠢᠯᠡᠳᠬᠡᠭᠴᠢ ᠶᠢᠨ ᠵᠦᠷᠢᠶᠡᠨ ᠤ ᠬᠡᠮᠵᠢᠭᠳᠡᠯ ᠢ ᠳᠡᠭᠡᠷ᠎ᠡ ᠬᠠᠭᠠᠰ ᠰᠠᠷ᠎ᠠ ᠶᠢᠨ ᠬᠢ ᠲᠠᠢ | ᠬᠠᠷᠢᠴᠠᠭᠤᠯᠪᠠᠯ ᠵᠠᠭᠤᠨ ᠤ ᠴᠡᠭ ᠤᠨ 0.5 ᠥᠷᠭᠡᠳᠴᠦ᠂ ᠡᠨᠡ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ | ᠮᠥᠨᠬᠦ ᠪᠠᠭᠤᠷᠠᠢ ᠰᠢᠭ ᠪᠠᠶᠢᠵᠤ᠂ ᠬᠠᠨᠭ᠍ᠭᠠᠯᠭ᠎ᠠ ᠨᠢ ᠬᠡᠷᠡᠭᠴᠡᠭᠡ ᠠᠴᠠ ᠪᠠᠨ ᠬᠠᠨᠳᠤᠭᠰᠠᠨ ᠵᠠᠬ᠎ᠠ ᠳᠡᠯᠭᠡᠭᠦᠷ ᠤᠨ | ᠪᠠᠶᠢᠳᠠᠯ ᠬᠤᠪᠢᠷᠠᠭᠠᠭᠠᠳᠤᠢ ᠶᠢ ᠢᠯᠡᠷᠬᠡᠶᠢᠯᠡᠵᠦ ᠪᠠᠶᠢᠨ᠎ᠠ᠃ 2-5 ᠳ᠋ᠤᠭᠠᠷ ᠰᠠᠷ᠎ᠠ ᠪᠣᠯᠲᠠᠯᠠᠬᠢ ᠰᠠᠷ᠎ᠠ ᠪᠦᠷᠢ ᠶᠢᠨ ᠪᠥᠬᠦ | ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢᠨ ᠨᠡᠶᠢᠲᠡ ᠨᠡᠮᠡᠭᠳᠡᠯ ᠤᠨ | ᠬᠤᠷᠳᠤᠴᠠ ᠰᠥᠬᠡᠷᠬᠦ ᠬᠡᠪ ᠢᠶᠠᠷ ᠢᠶᠠᠨ ᠪᠠᠶᠢᠵᠤ᠂ ᠮᠠᠨ ᠤ ᠣᠷᠣᠨ ᠤ ᠡᠨᠧᠷᠭᠢ ᠶᠢᠨ ᠬᠥᠨᠳᠥ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠣᠷᠣᠨ ᠵᠠᠢ ᠦᠷᠭᠦᠯᠵᠢᠯᠡᠨ ᠢᠪᠴᠤᠷᠠᠭᠰᠠᠨ ᠢ | ᠬᠠᠷᠠᠭᠤᠯᠵᠤ ᠪᠠᠶᠢᠨ᠎ᠠ᠃ ᠡᠨᠡᠬᠦ ᠨᠥᠯᠦᠭᠡ ᠠᠴᠠ ᠪᠣᠯᠵᠤ᠂ ᠭᠤᠣᠯ ᠪᠣᠯᠬᠤ ᠠᠵᠤ ᠦᠢᠯᠡᠳᠪᠦᠷᠢ ᠶᠢᠨ ᠦᠨ᠎ᠡ ᠬᠠᠨᠭ᠍ᠰᠢ | ᠥᠷᠭᠦᠯᠵᠢᠯᠡᠨ ᠳᠣᠷᠣᠭᠰᠢᠯᠠᠪᠠ᠃ 5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ | ᠪᠥᠲᠦᠭᠡᠭᠳᠡᠭᠦᠨ ᠤ ᠦᠢᠯᠡᠳᠪᠦᠷᠢ ᠠᠴᠠ ᠭᠠᠷᠭᠠᠬᠤ ᠦᠨ᠎ᠡ ᠶᠢᠨ ᠢᠯᠡᠳᠬᠡᠭᠴᠢ ᠥᠷᠭᠦᠯᠵᠢᠯᠡᠨ 35 ᠰᠠᠷ᠎ᠠ ᠪᠠᠭᠤᠷᠠᠵᠤ | ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ 30 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ | ᠪᠥᠲᠦᠭᠡᠭᠳᠡᠭᠦᠨ ᠳᠤ᠂ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠠᠵᠤ ᠦᠢᠯᠡᠳᠪᠦᠷᠢ ᠶᠢᠨ | ᠪᠥᠲᠦᠭᠡᠭᠳᠡᠭᠦᠨ ᠤ ᠲᠤᠭ᠎ᠠ ᠶᠢᠨ ᠡᠵᠡᠯᠡᠬᠦ ᠬᠠᠷᠢᠴᠠᠯ 80% ᠳᠤ ᠬᠦᠷᠲᠡᠯ᠎ᠡ ᠦᠨᠳᠦᠷ ᠪᠣᠯᠪᠠ᠃ ᠵᠠᠬ᠎ᠠ ᠳᠡᠯᠭᠡᠭᠦᠷ | ᠬᠢᠭᠡᠳ ᠦᠨ᠎ᠡ ᠬᠠᠨᠭ᠍ᠰᠢ ᠶᠢᠨ ᠵᠡᠷᠭᠡ ᠳᠡᠭᠡᠨ ᠪᠠᠭᠤᠷᠠᠭᠰᠠᠨ ᠨᠢ ᠠᠵᠤ ᠦᠢᠯᠡᠳᠪᠦᠷᠢ ᠶᠢᠨ ᠪᠥᠲᠦᠭᠡᠭᠳᠡᠭᠦᠨ ᠤ | ᠦᠢᠯᠡᠳᠪᠦᠷᠢᠯᠡᠯ ᠪᠣᠷᠤᠯᠠᠭᠤᠯᠤᠯᠲᠠ ᠶᠢᠨ ᠳᠡᠭᠡᠭᠰᠢᠯᠡᠬᠦ ᠣᠷᠣᠨ ᠵᠠᠢ ᠶᠢ ᠲᠦᠢᠯ ᠤᠨ ᠶᠡᠭᠡ ᠪᠠᠷ ᠬᠢᠵᠠᠭᠠᠷᠯᠠᠪᠠ᠃ 5 | ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ | ᠨᠤᠷᠮ᠎ᠠ ᠪᠠᠷ ᠨᠡᠯᠢᠶᠡᠳ ᠦᠨᠳᠦᠷ ᠪᠣᠯᠬᠤ ᠲᠦᠭᠦᠬᠡᠢ ᠨᠡᠭᠦᠷᠡᠰᠦ᠂ ᠴᠠᠬᠢᠯᠭᠠᠨ ᠭᠠᠷᠭᠠᠬᠤ ᠬᠡᠮᠵᠢᠶ᠎ᠡ᠂ ᠲᠦᠭᠦᠬᠡᠢ | ᠪᠣᠯᠣᠳ ᠤᠨ ᠭᠠᠷᠤᠯᠲᠠ ᠳᠡᠭᠡᠷ᠎ᠡ ᠵᠢᠯ ᠤᠨ ᠳᠤᠤᠷ᠎ᠠ ᠪᠠᠶᠢᠷᠢ ᠳᠤ ᠪᠠᠶᠢᠭᠰᠠᠨ ᠰᠠᠭᠤᠷᠢᠨ ᠳᠡᠭᠡᠷ᠎ᠡ ᠥᠷᠭᠦᠯᠵᠢᠯᠡᠨ | ᠠᠯᠭᠤᠷᠯᠠᠵᠤ᠂ ᠪᠥᠬᠦ ᠣᠷᠣᠨ ᠤ ᠠᠵᠤ ᠠᠬᠤᠢ ᠲᠣᠭᠲᠠᠭᠤᠨ ᠪᠠᠶᠢᠳᠠᠯ ᠳᠠᠭᠠᠨ ᠪᠤᠴᠠᠬᠤ ᠳᠤ ᠨᠡᠯᠢᠶᠡᠳ ᠶᠡᠭᠡ | ᠳᠠᠷᠤᠯᠲᠠ ᠪᠤᠢ ᠪᠣᠯᠭᠠᠭᠰᠠᠨ ᠪᠠᠶᠢᠨ᠎ᠠ᠃ | ᠶᠠᠩ ᠴᠧᠨ ᠬᠤᠸᠠ᠄ | ᠳᠠᠷᠤᠯᠲᠠ ᠬᠤᠶᠠᠷ ᠨᠢ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠠᠴᠠ ᠢᠷᠡᠯᠲᠡ ᠲᠠᠢ᠃ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠦᠷᠭᠦᠯᠵᠢᠯᠡᠨ ᠤᠳᠠᠭᠠᠰᠢᠷᠠᠵᠤ᠂ ᠭᠤᠣᠯ ᠪᠣᠯᠬᠤ ᠠᠵᠤ | ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ ᠪᠠᠭᠤᠷᠠᠭᠰᠠᠨ ᠠᠬᠤᠶ ᠪᠠᠶᠢᠳᠠᠯ ᠤᠨ ᠳᠣᠣᠷ᠎ᠠ᠂ ᠪᠡᠯᠡ ᠮᠥᠩᠭᠦ | ᠪᠠᠴᠢᠮ᠂ ᠥᠪᠡᠷ ᠤᠨ ᠥᠷᠲᠡᠭ ᠨᠡᠮᠡᠭᠳᠡᠵᠦ ᠠᠰᠢᠭ ᠣᠷᠣᠯᠭ᠎ᠠ ᠬᠠᠰᠤᠭᠳᠠᠭᠰᠠᠨ ᠳᠠᠷᠤᠯᠲᠠ ᠨᠢ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠬᠢᠵᠠᠭᠠᠷᠯᠠᠵᠤ ᠪᠠᠶᠢᠭ᠎ᠠ ᠴᠢᠬᠤᠯᠠ ᠪᠣᠭᠤᠮᠢ ᠪᠣᠯᠣᠭᠰᠠᠨ ᠪᠠᠶᠢᠨ᠎ᠠ᠃ ᠪᠡᠯᠡ ᠮᠦᠩᠬᠦ | ᠶᠢᠨ ᠲᠠᠯ᠎ᠠ ᠠᠴᠠ ᠠᠪᠴᠤ ᠦᠵᠡᠪᠡᠯ᠂ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠬᠤᠷᠢᠶᠠᠪᠠᠰᠤ ᠵᠣᠬᠢᠬᠤ ᠠᠪᠴᠠᠭᠠᠨ ᠤ ᠵᠣᠭᠤᠰ ᠤᠨ | ᠨᠡᠮᠡᠭᠳᠡᠯ ᠤᠨ ᠬᠤᠷᠳᠤᠴᠠ ᠨᠢ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠠᠴᠠ ᠵᠠᠭᠤᠨ ᠤ ᠴᠡᠭ ᠤᠨ 2 ᠥᠨᠳᠥᠷ ᠪᠠᠶᠢᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ ᠤᠯᠬᠤ | ᠴᠢᠳᠠᠪᠤᠷᠢ ᠪᠣᠯᠣᠨ ᠪᠠᠷᠠᠭᠠᠨ ᠤ ᠵᠣᠭᠤᠰ ᠢᠶᠠᠨ ᠡᠭᠡᠭᠦᠯᠦᠨ ᠠᠪᠴᠢᠷᠠᠬᠤ ᠬᠤᠷᠳᠤᠴᠠ ᠶᠡᠭᠡ ᠬᠡᠮᠵᠢᠶ᠎ᠡ ᠪᠠᠷ ᠪᠠᠭᠤᠷᠠᠪᠠ | ᠃ ᠡᠭᠦᠨ ᠳᠤ᠂ ᠭᠤᠣᠯᠯᠠᠬᠤ ᠠᠵᠢᠯ ᠲᠥᠷᠥᠯ ᠤᠨ ᠠᠵᠤ ᠠᠬᠤᠶᠢᠯᠠᠯ ᠤᠨ ᠪᠡᠯᠡ ᠮᠥᠩᠭᠦ ᠶᠢᠨ ᠬᠡᠮᠵᠢᠶ᠎ᠡ ᠨᠡᠩ ᠪᠠᠴᠢᠮ | ᠪᠣᠯᠵᠤ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ ᠵᠡᠷᠭᠡ ᠭᠤᠣᠯᠯᠠᠬᠤ ᠠᠵᠢᠯ | ᠲᠥᠷᠥᠯ ᠤᠨ ᠦᠢᠯᠡᠳᠪᠦᠷᠢᠯᠡᠯ ᠪᠣᠷᠣᠯᠠᠭᠤᠯᠭ᠎ᠠ ᠦᠷᠭᠦᠯᠵᠢᠯᠡᠨ ᠥᠭᠡᠳᠡ ᠦᠭᠡᠶ ᠪᠠᠶᠢᠭᠰᠠᠨ ᠠᠴᠠ ᠠᠵᠤ | ᠠᠬᠤᠶᠢᠯᠠᠯ ᠤᠨ ᠵᠢᠭᠡᠯᠡᠯᠭᠡ ᠪᠤᠴᠠᠭᠠᠬᠤ ᠴᠢᠳᠠᠪᠤᠷᠢ ᠶᠡᠭᠡ ᠬᠡᠮᠵᠢᠶ᠎ᠡ ᠪᠠᠷ ᠪᠠᠭᠤᠷᠠᠵᠤ᠂ ᠪᠠᠩᠬᠢ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠪᠠ ᠡᠳ᠋ ᠬᠥᠷᠥᠩᠭᠡ ᠶᠢᠨ ᠶᠠᠰᠤ ᠴᠢᠨᠠᠷ ᠢ ᠡᠵᠡᠮᠳᠡᠬᠦ ᠳᠠᠪᠬᠤᠷ ᠪᠣᠳᠣᠯᠬᠢᠯᠠᠯ ᠤᠨ | ᠡᠭᠦᠳᠡᠨ ᠠᠴᠠ᠂ ᠨᠡᠶᠢᠳᠡᠮ ᠳᠡᠭᠡᠨ ᠰᠢᠨ᠎ᠡ ᠵᠢᠭᠡᠯᠡᠯᠭᠡ ᠲᠠᠯᠪᠢᠬᠤ ᠳᠤᠷ᠎ᠠ ᠦᠭᠡᠢ ᠪᠤᠶᠤ ᠪᠣᠯᠭᠤᠮᠵᠢᠲᠠᠢ ᠵᠢᠭᠡᠯᠡᠯᠭᠡ | ᠲᠠᠯᠪᠢᠵᠤ᠂ ᠴᠢᠨᠠᠭᠰᠢᠯᠠᠪᠠᠯ ᠡᠵᠡᠩᠨᠡᠯᠲᠡ ᠳᠤᠨᠢ ᠠᠰᠠᠭᠤᠳᠠᠯ ᠭᠠᠷᠤᠭᠰᠠᠨ ᠠᠵᠤ ᠠᠬᠤᠶᠢᠯᠠᠯ ᠠᠴᠠ ᠵᠢᠭᠡᠯᠡᠭᠦᠯᠦᠭᠰᠡᠨ | ᠵᠣᠭᠤᠰ ᠢᠶᠠᠨ ᠤᠷᠢᠳᠴᠢᠯᠠᠨ ᠪᠤᠴᠠᠭᠠᠨ ᠠᠪᠴᠤ᠂ ᠬᠡᠰᠡᠭ ᠠᠵᠢᠯ ᠲᠥᠷᠥᠯ ᠳᠠᠬᠢ ᠵᠢᠭᠡᠯᠡᠯᠭᠡ ᠪᠠᠨ ᠵᠣᠭᠰᠤᠭᠠᠵᠤ᠂ ︽ | ᠵᠢᠭᠡᠯᠡᠯᠭᠡ ᠲᠠᠯᠪᠢᠬᠤ ᠠᠴᠠ ᠲᠠᠲᠠᠭᠠᠯᠵᠠᠬᠤ᠂ ᠵᠢᠭᠡᠯᠡᠯᠭᠡ ᠲᠠᠯᠪᠢᠬᠤ ᠳᠠᠭᠠᠨ ᠪᠣᠯᠭᠤᠮᠵᠢᠯᠠᠬᠤ᠂ ᠰᠤᠭᠤᠴᠠᠨ ᠵᠢᠭᠡᠯᠡᠯᠭᠡ | ᠲᠠᠯᠪᠢᠬᠤ᠂ ᠵᠢᠭᠡᠯᠡᠯᠭᠡ ᠲᠠᠯᠪᠢᠬᠤ ᠪᠠᠨ ᠵᠣᠭᠰᠤᠭᠠᠬᠤ︾ ᠦᠵᠡᠭᠳᠡᠯ ᠤᠯᠠᠮ ᠢᠶᠠᠷ ᠢᠯᠡᠷᠭᠡᠢ ᠪᠣᠯᠪᠠ᠃ ᠣᠳᠣᠬᠠᠨ ᠳᠤ | ᠡᠶᠢᠮᠦᠷᠬᠦ ᠠᠵᠢᠯ ᠲᠥᠷᠥᠯ ᠳᠤ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠪᠠᠴᠢᠮ ᠪᠠᠶᠢᠬᠤ ᠪᠠᠶᠢᠳᠠᠯ | ᠬᠡᠴᠡᠭᠦᠳᠡᠵᠦ᠂ ᠬᠡᠰᠡᠭ ᠲᠣᠯᠣᠭᠠᠶᠢᠯᠠᠭᠴᠢ ᠠᠵᠤ ᠠᠬᠤᠶᠢᠯᠠᠯ᠂ ᠲᠣᠮᠣ ᠬᠡᠯᠪᠡᠷᠢ ᠶᠢᠨ ᠠᠵᠤ ᠠᠬᠤᠶᠢᠯᠠᠯ ᠴᠤ ᠭᠡᠰᠡᠨ | ᠪᠡᠯᠡ ᠲᠣᠬᠢᠷᠠᠭᠤᠯᠬᠤ ᠳᠤ ᠨᠡᠩ ᠬᠦᠴᠢᠷ᠂ ᠪᠡᠯᠡ ᠲᠣᠬᠢᠷᠠᠭᠤᠯᠬᠤ ᠳᠤ ᠨᠡᠩ ᠦᠨᠡᠲᠡᠶ ᠪᠠᠶᠢᠬᠤ ᠠᠰᠠᠭᠤᠳᠠᠯ ᠭᠠᠷᠪᠠ᠃ | ᠥᠪᠡᠷ ᠤᠨ ᠥᠷᠲᠡᠭ ᠠᠴᠠ ᠠᠪᠴᠤ ᠦᠵᠡᠪᠡᠯ᠂ ᠠᠵᠤ ᠠᠬᠤᠶᠢᠯᠠᠯ ᠤᠨ ᠦᠢᠯᠡᠳᠬᠦᠨ ᠤ ᠵᠠᠬᠢᠶᠠᠯᠠᠭ᠎ᠠ ᠬᠦᠷᠦᠯᠴᠡᠬᠦ | ᠦᠭᠡᠢ᠂ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠭᠠᠷᠭᠠᠵᠤ ᠳᠡᠶᠢᠯᠬᠦ ᠦᠭᠡᠢ᠂ ᠮᠡᠷᠭᠡᠵᠢᠯ ᠤᠨ ᠰᠢᠨ᠎ᠡ ᠶᠢ | ᠡᠭᠦᠳᠬᠦ ᠶᠢ ᠣᠬᠤᠷ ᠬᠤᠭᠤᠴᠠᠭᠠᠨ ᠳᠤ ᠳᠡᠭᠡᠭᠰᠢᠯᠡᠭᠦᠯᠬᠦ ᠳᠤ ᠬᠦᠴᠢᠷ ᠪᠠᠶᠢᠬᠤ ᠵᠡᠷᠭᠡ ᠬᠦᠴᠦᠨ ᠵᠦᠢᠯ ᠤᠨ | ᠨᠥᠯᠥᠭᠡ ᠶᠢ ᠬᠦᠷᠲᠡᠵᠦ᠂ ᠠᠵᠤ ᠠᠬᠤᠶᠢᠯᠠᠯ ᠤᠨ ᠬᠡᠪᠴᠢᠶ᠎ᠡ ᠬᠢᠭᠡᠳ ᠦᠷ᠎ᠡ ᠠᠰᠢᠭ ᠦᠷᠭᠦᠯᠵᠢᠯᠡᠨ ᠪᠠᠭᠤᠷᠠᠵᠤ᠂ | ᠨᠢᠭᠡᠴᠢ ᠥᠪᠡᠷ ᠤᠨ ᠥᠷᠲᠡᠭ ᠲᠥᠷᠭᠡᠨ ᠨᠡᠮᠡᠭᠳᠡᠪᠡ᠃ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ | ᠬᠡᠪᠴᠢᠶᠡᠲᠦ ᠠᠵᠤ ᠦᠢᠯᠡᠳᠪᠦᠷᠢ ᠶᠢᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠥᠪᠡᠷ ᠤᠨ | ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ ᠭᠤᠣᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠵᠠᠭᠤᠨ ᠤ ᠴᠡᠭ ᠤᠨ 2.4 ᠦᠨᠳᠦᠷ | ᠪᠠᠶᠢᠵᠤ︔ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠥᠪᠡᠷ ᠤᠨ ᠥᠷᠲᠡᠭ ᠨᠢ ᠭᠤᠣᠯ | ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ 84.6 ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠴᠡᠭ ᠤᠨ 2.3 ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠬᠡᠳᠦ᠋ᠢᠪᠡᠷ | ᠤᠯᠤᠰ ᠵᠢᠴᠢ ᠮᠠᠨ ᠤ ᠣᠷᠣᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠪᠠᠷ ᠬᠦᠴᠦᠯᠡᠵᠦ ᠪᠠᠶᠢᠭ᠎ᠠ | ᠪᠣᠯᠪᠠᠴᠤ ᠬᠡᠰᠡᠭ ᠠᠶᠢᠮᠠᠭ ᠬᠤᠲᠠ ᠡᠳ᠋ ᠤᠨ ᠵᠠᠰᠠᠭ ᠤᠨ ᠣᠷᠣᠯᠭ᠎ᠠ ᠪᠠᠨ ᠨᠡᠮᠡᠭᠳᠡᠭᠦᠯᠬᠦ ᠳᠠᠷᠤᠯᠲᠠ ᠠᠴᠠ ᠪᠣᠯᠵᠤ᠂ | ᠨᠢᠭᠡᠨᠲᠡ ᠵᠣᠭᠰᠤᠭᠠᠭᠰᠠᠨ ᠰᠦᠢᠳᠬᠡᠯ ᠢᠶᠠᠨ ᠳᠠᠬᠢᠨ ᠬᠤᠷᠢᠶᠠᠵᠤ᠂ ᠠᠵᠤ ᠠᠬᠤᠶᠢᠯᠠᠯ ᠤᠨ ᠠᠰᠢᠭ ᠬᠤᠨᠵᠢᠪᠣᠷᠢ | ᠣᠯᠬᠤ ᠣᠷᠣᠨ ᠵᠠᠶ ᠪᠠᠭᠠᠰᠬᠤ ᠬᠠᠨᠳᠤᠰᠢ ᠲᠠᠢ ᠪᠣᠯᠣᠭᠠᠳ᠂ 1-5 ᠳ᠋ᠤᠭᠠᠷ ᠰᠠᠷ᠎ᠠ ᠪᠣᠯᠲᠠᠯ᠎ᠠ᠂ ᠪᠦᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠣᠷᠢ 28% ᠪᠠᠷ | ᠳᠣᠷᠣᠭᠰᠢᠯᠠᠨ᠂ ᠳᠣᠷᠣᠭᠰᠢᠯᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 23.4 | ᠥᠷᠭᠡᠳᠪᠡ᠃ | ᠳᠠᠷᠤᠯᠲᠠ ᠭᠤᠷᠪᠠ ᠨᠢ ᠪᠡᠯᠡ ᠣᠷᠣᠭᠤᠯᠤᠯᠲᠠ ᠶᠢᠨ ᠰᠡᠯᠭᠦᠬᠦ ᠬᠦᠴᠦᠨ ᠰᠤᠯᠠ ᠳᠣᠷᠣᠢ ᠪᠠᠶᠢᠭ᠎ᠠ ᠠᠴᠠ | ᠢᠷᠡᠯᠲᠡ ᠲᠠᠢ᠃ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠮᠥᠨ ᠬᠦ ᠳᠡᠭᠡᠭᠰᠢᠯᠡᠭᠦᠯᠬᠦ | ᠴᠢᠬᠤᠯᠠᠲᠠᠢ᠂ ᠪᠡᠯᠡ ᠮᠥᠩᠭᠦ ᠶᠢ ᠪᠠᠲᠤᠯᠠᠬᠤ ᠬᠦᠴᠢᠷ ᠤᠨ ᠬᠡᠮᠵᠢᠶ᠎ᠡ ᠨᠢ ᠶᠡᠭᠡ᠂ ᠪᠡᠯᠡ ᠣᠷᠣᠭᠤᠯᠤᠯᠲᠠ ᠶᠢ | ᠨᠡᠮᠡᠭᠳᠡᠭᠦᠯᠬᠦ ᠰᠡᠯᠭᠦᠬᠦ ᠬᠦᠴᠦᠨ ᠮᠥᠨ ᠬᠦ ᠢᠯᠡᠳᠲᠡ ᠬᠦᠷᠦᠯᠴᠡᠬᠦ ᠦᠭᠡᠢ ᠪᠠᠶᠢᠨ᠎ᠠ᠃ ᠲᠥᠷᠥᠯ ᠵᠦᠢᠯ ᠤᠨ ᠬᠢᠨᠠᠨ | ᠵᠥᠪᠰᠢᠶᠡᠷᠡᠬᠦ ᠲᠠᠯ᠎ᠠ ᠪᠠᠷ᠂ ᠣᠶᠢᠷ᠎ᠠ ᠶᠢᠨ ᠵᠢᠯ ᠳᠤ᠂ ᠮᠠᠨ ᠤ ᠣᠷᠣᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠡᠷᠴᠢᠮ ᠢᠶᠠᠨ ᠨᠡᠮᠡᠭᠳᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠶᠠᠪᠤᠳᠠᠯ ᠠᠯᠬᠤᠮ | ᠠᠯᠬᠤᠮ ᠢᠶᠠᠷ ᠳᠦᠭᠦᠮ ᠪᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠳᠡᠭᠡᠭᠰᠢᠯᠡᠯᠲᠡ ᠲᠠᠢ ᠪᠣᠯᠪᠠ᠃ ᠭᠡᠪᠡᠴᠦ᠂ | ᠪᠠᠶᠢᠴᠠᠭᠠᠯᠲᠠ ᠪᠠᠷ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠴᠣᠪᠣᠷᠠᠯ ᠨᠢ ᠮᠦᠨᠬᠦ ᠭᠠᠵᠠᠷ ᠰᠢᠷᠣᠶ ᠂ ᠣᠷᠴᠢᠨ ᠲᠣᠭᠤᠷᠢᠨ ᠳᠤ ᠦᠵᠡᠭᠦᠯᠬᠦ ᠨᠥᠯᠦᠭᠡ ᠶᠢᠨ ᠦᠨᠡᠯᠡᠯᠲᠡ ᠵᠡᠷᠭᠡ ᠨᠢ | ᠬᠢᠨᠠᠨ ᠵᠥᠪᠰᠢᠶᠡᠷᠡᠬᠦ ᠳᠤ ᠬᠦᠴᠢᠷᠲᠠᠢ ᠪᠠᠶᠢᠬᠤ ᠶᠠᠪᠤᠳᠠᠯ ᠣᠷᠣᠰᠢᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠭᠰᠠᠨ ᠤ ᠳᠠᠷᠠᠭ᠎ᠠ ᠣᠷᠣᠨ ᠨᠤᠲᠤᠭ ᠤᠨ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠵᠣᠬᠢᠴᠠᠩᠭᠤᠢ | ᠪᠤᠰᠤ ᠪᠠᠶᠢᠬᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠭᠤᠯᠭ᠎ᠠ ᠳᠤᠨᠢ ᠬᠠᠷᠢᠯᠴᠠᠨ ᠤᠭᠲᠤᠪᠤᠷᠢ ᠪᠣᠯᠬᠤ ᠵᠡᠷᠭᠡ | ᠠᠰᠠᠭᠤᠳᠠᠯ ᠣᠷᠣᠰᠢᠵᠤ ᠪᠠᠶᠢᠨ᠎ᠠ︔ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠭᠤᠭᠴᠤᠭ᠎ᠠ ᠳᠤ ︽ᠵᠣᠬᠢᠴᠠᠯᠳᠤᠬᠤ ᠦᠭᠡᠢ ᠪᠠᠶᠢᠬᠤ︾᠂ ︽ᠬᠥᠳᠡᠯᠦᠯᠴᠡᠬᠦ ᠦᠭᠡᠢ ᠪᠠᠶᠢᠬᠤ︾᠂ ︽ | ᠬᠤᠭᠤᠰᠣᠨ ᠪᠠᠶᠢᠬᠤ︾ ᠵᠡᠷᠭᠡ ᠭᠡᠮ ᠣᠷᠣᠰᠢᠵᠤ᠂ ᠬᠢᠨᠠᠨ ᠵᠥᠪᠰᠢᠶᠡᠷᠡᠬᠦ ᠴᠠᠭ ᠢ ᠤᠷᠲᠤᠳᠬᠠᠨ᠂ ᠪᠡᠯᠡ | ᠤᠷᠤᠭᠤᠯᠵᠤ ᠪᠦᠲᠦᠭᠡᠨ ᠪᠠᠶᠢᠭᠤᠯᠬᠤ ᠠᠬᠢᠴᠠ ᠶᠢ ᠨᠦᠯᠦᠭᠡᠯᠡᠨ᠂ ᠮᠥᠨ ᠴᠦ ᠠᠵᠤ ᠠᠬᠤᠶᠢᠯᠠᠯ ᠤᠨ ᠵᠠᠬ᠎ᠠ | ᠳᠡᠯᠭᠡᠭᠦᠷ ᠤᠨ ᠠᠵᠠ ᠲᠣᠬᠢᠶᠠᠯ ᠢ ᠠᠯᠳᠠᠭᠤᠯᠵᠤ ᠪᠠᠶᠢᠨ᠎ᠠ᠃ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ ᠠᠵᠤ | ᠠᠬᠤᠶ ᠶᠢᠨ ᠳᠣᠷᠣᠶᠢᠲᠠᠯ᠂ ᠠᠵᠤ ᠠᠬᠤᠶᠢᠯᠠᠯ ᠤᠨ ᠡᠵᠡᠩᠨᠡᠯᠲᠡ ᠶᠢᠨ ᠬᠦᠴᠢᠷᠳᠡᠯ ᠬᠤᠷᠴᠠᠳᠤᠭᠰᠠᠨ ᠵᠡᠷᠭᠡ ᠬᠦᠴᠦᠨ | ᠵᠦᠢᠯ ᠤᠨ ᠨᠥᠯᠥᠭᠡ ᠶᠢ ᠬᠦᠷᠲᠡᠨ᠂ ᠪᠠᠩᠬᠢ ᠶᠢᠨ ᠵᠢᠭᠡᠯᠡᠯᠭᠡ ᠪᠠᠷ ᠳᠡᠮᠵᠢᠬᠦ ᠴᠢᠳᠠᠪᠤᠷᠢ ᠳᠣᠷᠣᠭᠰᠢᠯᠠᠵᠤ᠂ ᠪᠡᠯᠡ | ᠣᠷᠣᠭᠤᠯᠤᠯᠲᠠ ᠨᠢ ᠪᠣᠳᠠᠲᠠᠶᠢᠵᠢᠭᠰᠠᠨ ᠪᠡᠯᠡ ᠮᠥᠩᠭᠦ ᠳᠠᠬᠢ ᠤᠯᠤᠰ ᠤᠨ ᠲᠣᠳᠣᠭᠠᠳᠤ ᠶᠢᠨ ᠵᠢᠭᠡᠯᠡᠯᠭᠡ ᠶᠢᠨ | ᠬᠡᠪᠴᠢᠶ᠎ᠡ ᠶᠡᠭᠡ ᠪᠠᠷ ᠪᠠᠭᠠᠰᠴᠤ᠂ 1-5 ᠳ᠋ᠤᠭᠠᠷ ᠰᠠᠷ᠎ᠠ ᠪᠣᠯᠲᠠᠯ᠎ᠠ ᠤᠯᠤᠰ ᠤᠨ ᠳᠣᠲᠣᠭᠠᠳᠤ ᠶᠢᠨ ᠵᠢᠭᠡᠯᠡᠯᠭᠡ ᠶᠢᠨ | ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠴᠡᠭ ᠤᠨ 39 ᠪᠠᠭᠤᠷᠠᠪᠠ᠃ ᠠᠵᠤ | ᠦᠢᠯᠡᠰ ᠤᠨ ᠠᠰᠢᠭ ᠬᠤᠨᠵᠢᠪᠣᠷᠢ ᠶᠢᠨ ᠳᠤᠮᠳᠠᠴᠢ ᠨᠣᠷᠮ᠎ᠠ ᠪᠠᠭᠤᠷᠠᠭᠰᠠᠨ᠂ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢᠨ ᠬᠤᠷᠢᠭ᠎ᠠ ᠨᠡᠯᠢᠶᠡᠳ ᠠᠷᠪᠢᠨ ᠨᠡᠯᠢᠶᠡᠳ ᠥᠨᠳᠥᠷ᠂ ᠠᠷᠠᠳ ᠤᠨ ᠬᠥᠷᠥᠩᠭᠡ ᠪᠡᠯᠡ | ᠣᠷᠣᠭᠤᠯᠤᠯᠲᠠ ᠶᠢᠨ ᠠᠰᠢᠭ ᠤᠯᠬᠤ ᠬᠤᠭᠤᠴᠠᠭ᠎ᠠ ᠨᠢ ᠣᠷᠳᠣ ᠲᠥᠷᠥᠯ ᠵᠦᠢᠯ ᠳᠤ ᠣᠷᠣᠯᠴᠠᠬᠤ ᠬᠦᠰᠡᠯ ᠰᠠᠨᠠᠭ᠎ᠠ | ᠨᠢ ᠳᠣᠣᠷ᠎ᠠ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠨ᠂ ᠶᠡᠷᠦᠩᠬᠡᠶ ᠪᠡᠯᠡ ᠣᠷᠣᠭᠤᠯᠤᠯᠲᠠ ᠳᠠᠬᠢ | ᠠᠷᠠᠳ ᠤᠨ ᠬᠥᠷᠥᠩᠭᠡ ᠶᠢᠨ ᠬᠤᠪᠢ ᠨᠡᠮᠡᠷᠢ ᠮᠥᠨ ᠬᠦ ᠨᠡᠯᠢᠶᠡᠳ ᠳᠣᠣᠷ᠎ᠠ ᠪᠠᠶᠢᠵᠤ᠂ 1-5 ᠳ᠋ᠤᠭᠠᠷ ᠰᠠᠷ᠎ᠠ ᠪᠣᠯᠲᠠᠯ᠎ᠠ | ᠂ ᠪᠦᠬᠦ ᠣᠷᠣᠨ ᠤ ᠠᠷᠠᠳ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ | ᠶᠡᠷᠦᠩᠬᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ ᠤᠨ 3.1 ᠳᠣᠣᠷ᠎ᠠ ᠪᠣᠯᠪᠠ | ᠃ | ᠳᠠᠷᠤᠯᠲᠠ ᠳᠥᠷᠪᠡ ᠨᠢ ᠬᠡᠷᠡᠭᠯᠡᠭᠡᠨ ᠤ ᠬᠡᠪᠴᠢᠶ᠎ᠡ ᠶᠢᠨ ᠪᠠᠭᠲᠠᠭᠠᠮᠵᠢ ᠶᠢ ᠥᠷᠭᠡᠳᠬᠡᠬᠦ ᠳᠤ ᠬᠦᠴᠢᠷ | ᠪᠠᠶᠢᠭ᠎ᠠ ᠠᠴᠠ ᠢᠷᠡᠯᠲᠡ ᠲᠠᠢ᠃ ᠰᠠᠭᠤᠭᠠᠯᠢ ᠠᠷᠠᠳ ᠤᠨ ᠬᠤᠳᠠᠯᠳᠤᠨ ᠠᠪᠬᠤ ᠴᠢᠳᠠᠪᠤᠷᠢ ᠰᠤᠯᠠᠷᠠᠵᠤ᠂ | ᠬᠡᠷᠡᠭᠯᠡᠭᠡᠨ ᠤ ᠬᠦᠰᠡᠯ ᠳᠣᠷᠣᠭᠰᠢᠯᠠᠭᠰᠠᠨ ᠨᠢ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢᠨ ᠥᠷᠭᠡᠳᠬᠦ ᠶᠢ ᠬᠢᠵᠠᠭᠠᠷᠯᠠᠪᠠ᠃ | 2014 ᠣᠨ ᠠᠴᠠ ᠨᠠᠰᠢ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠠᠵᠤ | ᠠᠬᠤᠶᠢᠯᠠᠯ ᠤᠨ ᠠᠰᠢᠭ ᠬᠤᠨᠵᠢᠪᠣᠷᠢ ᠶᠢᠨ ᠬᠢᠷᠢ ᠬᠡᠮᠵᠢᠶ᠎ᠡ ᠳᠣᠷᠣᠭᠰᠢᠯᠠᠭᠰᠠᠨ ᠵᠡᠷᠭᠡ ᠬᠦᠴᠦᠨ ᠵᠦᠢᠯ ᠤᠨ | ᠨᠥᠯᠥᠭᠡ ᠶᠢ ᠬᠦᠷᠲᠡᠭᠡᠳ᠂ ᠪᠦᠬᠦ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠪᠠᠶᠢᠳᠠᠯ | ᠠᠯᠭᠤᠷ ᠪᠣᠯᠵᠤ ᠡᠬᠢᠯᠡᠪᠡ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠴᠡᠭ ᠤᠨ1.2 ᠪᠣᠯᠣᠨ 4.9 | ᠪᠠᠭᠤᠷᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠳᠠᠭᠠᠰᠢᠷᠠᠭᠰᠠᠨ ᠨᠢ | ᠰᠠᠭᠤᠭᠠᠯᠢ ᠠᠷᠠᠳ ᠤᠨ ᠬᠡᠷᠡᠭᠯᠡᠭᠡᠨ ᠬᠢᠬᠦ ᠴᠢᠳᠠᠪᠤᠷᠢ ᠪᠣᠯᠣᠨ ᠬᠡᠷᠡᠭᠯᠡᠭᠡᠨ ᠬᠢᠬᠦ ᠬᠦᠰᠡᠯ ᠰᠠᠨᠠᠭ᠎ᠠ ᠶᠢ ᠪᠠᠭᠤᠷᠠᠭᠤᠯᠪᠠ᠃ | ᠨᠢᠭᠡᠳᠦᠭᠡᠷ ᠤᠯᠠᠷᠢᠯ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠳᠠᠬᠢ ᠠᠮᠢᠳᠤᠷᠠᠯ ᠤᠨ | ᠴᠢᠨᠠᠷᠲᠠᠢ ᠬᠡᠷᠡᠭᠯᠡᠭᠡᠨ ᠤ ᠵᠠᠷᠤᠯᠭ᠎ᠠ ᠶᠢᠨ ᠡᠵᠡᠯᠡᠵᠦ ᠪᠦᠬᠦᠢ ᠬᠤᠪᠢ ᠶᠢᠨ ᠵᠢᠩ ᠨᠢ ᠠᠳᠠᠯᠢ | ᠬᠤᠭᠤᠴᠠᠭᠠᠨ ᠤ ᠬᠢ ᠠᠴᠠ ᠲᠤᠰ ᠲᠤᠰ ᠵᠠᠭᠤᠨ ᠤ ᠴᠡᠭ ᠤᠨ0.5 ᠪᠣᠯᠣᠨ 1.2 ᠳᠣᠷᠣᠭᠰᠢᠯᠠᠪᠠ᠃ 1-5 ᠳ᠋ᠤᠭᠠᠷ | ᠰᠠᠷ᠎ᠠ ᠪᠣᠯᠲᠠᠯ᠎ᠠ ᠮᠠᠰᠢᠨ ᠲᠡᠷᠭᠡ᠂ ᠴᠢᠯᠠᠭᠤᠨ ᠲᠣᠰᠣ ᠬᠢᠭᠡᠳ ᠪᠦᠲᠦᠭᠡᠭᠳᠡᠬᠦᠨ ᠤ ᠲᠥᠷᠥᠯ ᠤᠨ ᠬᠡᠷᠡᠭᠯᠡᠭᠡᠨ ᠤ | ᠨᠡᠮᠡᠭᠳᠡᠯ ᠤᠨ ᠬᠤᠷᠳᠤᠴᠠ ᠳᠡᠭᠡᠷ᠎ᠡ ᠵᠢᠯ ᠤᠨ ᠳᠣᠣᠷ᠎ᠠ ᠪᠠᠶᠢᠷᠢ ᠳᠤ ᠪᠠᠶᠢᠭᠰᠠᠨ ᠰᠠᠭᠤᠷᠢᠨ ᠳᠡᠭᠡᠷ᠎ᠡ ᠦᠷᠭᠦᠯᠵᠢᠯᠡᠨ | ᠵᠠᠭᠤᠨ ᠤ ᠴᠡᠭ ᠤᠨ 8.7 ᠪᠣᠯᠣᠨ 4.5 ᠳᠣᠷᠣᠭᠰᠢᠯᠠᠪᠠ᠃ ᠣᠳᠣᠬᠠᠨ ᠤ ᠮᠠᠨ ᠤ ᠣᠷᠣᠨ ᠤ ᠬᠡᠷᠡᠭᠯᠡᠭᠡ ᠶᠠᠭ | ᠬᠦᠳᠡᠯᠭᠡᠬᠦ ᠬᠦᠴᠦᠨ ᠤ ᠰᠣᠯᠢᠭᠳᠠᠯ᠂ ᠭᠠᠴᠢᠭ ᠴᠠᠭ ᠲᠤ ᠣᠷᠣᠰᠢᠵᠤ ᠪᠠᠶᠢᠭ᠎ᠠ ᠠᠴᠠ ᠪᠣᠯᠣᠭᠠᠳ᠂ ᠤᠭ ᠤᠨ | ᠪᠠᠶᠢᠭᠰᠠᠨ ᠮᠠᠰᠢᠨ ᠲᠡᠷᠭᠡ᠂ ᠴᠢᠯᠠᠭᠤᠨ ᠲᠣᠰᠣ ᠵᠢᠴᠢ ᠪᠦᠲᠦᠭᠡᠭᠳᠡᠬᠦᠨ᠂ ᠣᠷᠣᠨ ᠰᠠᠭᠤᠴᠠ ᠵᠡᠷᠭᠡ ᠬᠠᠯᠠᠮᠰᠢᠯ ᠲᠠᠢ | ᠬᠡᠷᠡᠭᠯᠡᠭᠡ ᠶᠢᠨ ᠨᠡᠮᠡᠭᠳᠡᠯ ᠬᠢᠵᠠᠭᠠᠷᠯᠠᠭᠳᠠᠵᠤ᠂ ᠮᠡᠳᠡᠭᠡ ᠵᠠᠩᠭᠢ᠂ ᠨᠠᠰᠤᠵᠢᠯ ᠤᠨ ᠠᠰᠠᠷᠠᠮᠵᠢ᠂ ᠰᠤᠶᠤᠯ ᠪᠡᠶ᠎ᠡ ᠶᠢᠨ | ᠲᠠᠮᠢᠷ ᠵᠡᠷᠭᠡ ᠰᠢᠨ᠎ᠡ ᠪᠠᠷ ᠪᠣᠢ ᠪᠣᠯᠣᠭᠰᠠᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠶᠢᠨ ᠬᠡᠷᠡᠭᠯᠡᠭᠡᠨ ᠤ ᠬᠡᠷᠡᠭᠴᠡᠭᠡ | ᠱᠠᠭᠠᠷᠳᠠᠯᠭ᠎ᠠ ᠮᠥᠨ ᠬᠦ ᠠᠭᠤᠳᠠᠯᠤᠭᠤᠰᠢᠲᠠᠢ ᠪᠠᠶᠢᠭ᠎ᠠ᠂ ᠪᠦᠬᠦ ᠣᠷᠣᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ | ᠶᠢ ᠬᠠᠨᠳᠤᠰᠢ ᠶᠢᠨ ᠴᠢᠨᠠᠷᠲᠠᠶ ᠳᠣᠷᠣᠭᠰᠢᠯᠠᠭᠤᠯᠵᠤ᠂ ᠬᠡᠷᠡᠭᠯᠡᠭᠡ ᠠᠴᠠ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ | ᠲᠤᠯᠭᠠᠭᠤᠷᠢᠯᠠᠬᠤ ᠬᠦᠴᠦᠨ ᠢ ᠢᠯᠡᠷᠭᠡᠢ ᠬᠦᠷᠦᠯᠴᠡᠬᠦ ᠦᠭᠡᠢ ᠪᠣᠯᠭᠠᠭᠰᠠᠨ ᠪᠠᠶᠢᠨ᠎ᠠ᠃ | ᠬᠦᠲᠦᠯᠦᠭᠴᠢ : | ᠶᠠᠩ ᠡᠷᠬᠢᠯᠡᠭᠴᠢ ᠡ᠂ ᠲᠠᠨ ᠤ ᠵᠢᠱᠢᠬᠦ ᠪᠠᠷ ᠮᠠᠨ ᠤ ᠣᠷᠣᠨ ᠤ ᠳᠣᠣᠷᠠᠳᠤ ᠬᠠᠭᠠᠰ ᠵᠢᠯ ᠤᠨ ᠠᠵᠤ | ᠠᠬᠤᠶ ᠶᠢᠨ ᠬᠥᠭᠵᠢᠯ ᠤᠨ ᠪᠠᠶᠢᠳᠠᠯ ᠨᠢ ᠶᠠᠮᠠᠷ ᠪᠤᠶ︖ | ᠶᠠᠩ ᠴᠧᠨ ᠬᠤᠸᠠ᠄ | 2015 ᠣᠨ ᠠᠴᠠ ᠨᠠᠰᠢ᠂ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠤᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠰᠢᠨᠵᠢ ᠨᠡᠩ ᠲᠣᠪᠤᠶᠢᠮ᠎ᠠ ᠢᠯᠡᠷᠡᠵᠦ᠂ ᠠᠵᠤ ᠠᠬᠤᠶ ᠶᠢᠨ | ᠠᠵᠢᠯᠯᠠᠭᠠᠨ ᠤ ᠬᠦᠴᠢᠷᠳᠡᠯ ᠪᠠᠭ᠎ᠠ ᠪᠤᠰᠤ ᠪᠤᠢ᠂ ᠭᠡᠪᠡᠴᠦ ᠬᠠᠷᠢᠴᠠᠩᠭᠤᠶ ᠲᠣᠭᠲᠠᠭᠤᠨ ᠬᠤᠷᠸ᠎ᠠ ᠣᠷᠴᠢᠨ ᠠᠬᠤᠢ᠂ | ᠣᠯᠠᠨ ᠳᠠᠪᠬᠤᠴᠠᠭᠰᠠᠨ ᠲᠥᠷᠥ ᠶᠢᠨ ᠪᠣᠳᠣᠯᠭ᠎ᠠ ᠶᠢᠨ ᠨᠥᠯᠥᠭᠡᠯᠡᠯ᠂ ᠢᠳᠡᠪᠬᠢᠲᠡᠶ ᠲᠦᠯᠬᠢᠨ ᠠᠬᠢᠭᠤᠯᠤᠭᠰᠠᠨ | ᠴᠢᠬᠤᠯᠠ ᠶᠡᠭᠡ ᠲᠥᠷᠥᠯ ᠵᠦᠢᠯ᠂ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ ᠠᠵᠤ ᠠᠬᠤᠶ ᠶᠢᠨ ᠪᠦᠲᠦᠴᠡ ᠨᠢ | ᠮᠠᠨ ᠤ ᠣᠷᠣᠨ ᠤ ᠳᠣᠣᠷᠠᠳᠣ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠳᠤ ᠰᠠᠶᠢᠨ ᠰᠠᠶᠢᠬᠠᠨ | ᠬᠥᠭᠵᠢᠯᠲᠡ ᠶᠢᠨ ᠣᠷᠴᠢᠨ ᠠᠬᠤᠢ ᠪᠣᠯᠣᠨ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠬᠠᠩᠭᠠᠬᠤ ᠲᠤᠯᠠ᠂ | ᠠᠰᠢᠭᠲᠠᠶ ᠬᠦᠴᠦᠨ ᠵᠦᠢᠯ ᠢ ᠠᠳᠬᠤᠨ᠂ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠳᠠᠭ ᠶᠤᠮ ᠪᠣᠯ᠂ | ᠵᠢᠱᠢᠯᠲᠡ ᠪᠠᠷ ᠳᠣᠣᠷᠠᠳᠤ ᠬᠠᠭᠠᠰ ᠵᠢᠯ ᠤᠨ ᠮᠠᠨ ᠤ ᠣᠷᠣᠨ ᠤ ᠠᠵᠤ ᠠᠬᠤᠶ ᠮᠥᠨ ᠬᠦ ᠠᠯᠭᠤᠷᠯᠠᠬᠤ ᠶᠢᠨ ᠳᠠᠭᠠᠤ | ᠳᠤ ᠲᠣᠭᠲᠠᠭᠤᠨ ᠪᠠᠶᠢᠵᠤ᠂ ᠲᠣᠭᠲᠠᠭᠤᠨ ᠪᠠᠶᠢᠬᠤ ᠶᠢᠨ ᠳᠠᠭᠠᠤ ᠤᠷᠤᠭᠰᠢ ᠳᠠᠪᠰᠢᠭᠰᠠᠨ ᠠᠵᠢᠯᠯᠠᠭᠠᠨ ᠤ ᠪᠠᠶᠢᠳᠠᠯ ᠢ | ᠪᠠᠲᠤᠯᠠᠬᠤ ᠪᠣᠯᠣᠨ᠎ᠠ᠃ | ᠬᠦᠲᠦᠯᠦᠭᠴᠢ᠄ | ᠡᠨᠡᠬᠦ ᠠᠵᠢᠯᠯᠠᠭᠠᠨ ᠤ ᠪᠠᠶᠢᠳᠠᠯ ᠢ ᠠᠯᠢ ᠠᠯᠢ ᠲᠠᠯ᠎ᠠ ᠠᠴᠠ ᠣᠯᠵᠤ ᠬᠠᠷᠠᠬᠤ ᠪᠤᠢ︖ | ᠶᠠᠩ ᠴᠧᠨ ᠬᠤᠸᠠ᠄ | ᠮᠢᠨᠦ ᠦᠵᠡᠬᠦ ᠪᠠᠷ᠂ ᠡᠶᠢᠮᠦᠷᠬᠦ ᠠᠵᠢᠯᠯᠠᠭᠠᠨ ᠤ ᠪᠠᠶᠢᠳᠠᠯ ᠢ ᠳᠣᠣᠷᠠᠬᠢ ᠬᠡᠳᠦᠨ ᠲᠠᠯ᠎ᠠ ᠠᠴᠠ ᠣᠯᠵᠤ ᠬᠠᠷᠠᠬᠤ | ᠪᠣᠯᠤᠨ᠎ᠠ᠄ | ᠨᠢᠭᠡ ᠳᠤ ᠬᠤᠷᠸ᠎ᠠ ᠠᠵᠤ ᠠᠬᠤᠶ ᠦᠷᠭᠦᠯᠵᠢᠯᠡᠨ ᠲᠣᠭᠲᠠᠭᠤᠨ ᠪᠠᠶᠢᠳᠠᠯ ᠲᠠᠢ ᠪᠠᠶᠢᠵᠤ᠂ ᠪᠦᠬᠦ ᠣᠷᠣᠨ ᠤ | ᠠᠵᠤ ᠠᠬᠤᠶ ᠲᠣᠭᠲᠠᠭᠤᠨ ᠪᠠᠶᠢᠬᠤ ᠶᠢᠨ ᠳᠠᠭᠠᠤ ᠳᠤ ᠰᠠᠶᠢᠵᠢᠷᠠᠵᠤ ᠪᠠᠶᠢᠭ᠎ᠠ ᠪᠠᠶᠢᠳᠠᠯ ᠪᠠᠬᠢᠵᠢᠬᠦ ᠪᠣᠯᠣᠮᠵᠢᠲᠠᠢ | ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠬᠥᠭᠵᠢᠯ ᠤᠨ ᠬᠠᠨᠳᠤᠰᠢ ᠠᠴᠠ ᠦᠵᠡᠪᠡᠯ᠂ ᠪᠦᠬᠦ | ᠵᠢᠯ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠷ ᠭᠤᠣᠯ ᠪᠣᠯᠭᠠᠭᠰᠠᠨ ᠦᠨᠳᠦᠰᠦᠨ ᠪᠠᠶᠢᠳᠠᠯ ᠢᠶᠠᠨ | ᠬᠤᠪᠢᠷᠠᠭᠤᠯᠤᠭᠠᠳᠤᠢ ᠪᠠᠶᠢᠨ᠎ᠠ᠃ 5 ᠳ᠋ᠤᠭᠠᠷ ᠰᠠᠷ᠎ᠠ ᠳᠤ᠂ ᠪᠦᠬᠦ ᠤᠯᠤᠰ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠵᠠᠯᠭᠠᠪᠡᠷ ᠬᠤᠶᠠᠷ ᠰᠠᠷ᠎ᠠ ᠪᠠᠭ᠎ᠠ ᠬᠡᠮᠵᠢᠶ᠎ᠡ | ᠪᠠᠷ ᠳᠡᠭᠡᠭᠰᠢᠯᠡᠵᠦ᠂ ᠬᠡᠷᠡᠭᠯᠡᠭᠡ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢᠨ ᠪᠠᠭᠤᠷᠠᠭᠰᠠᠨ | ᠬᠡᠮᠵᠢᠶ᠎ᠡ ᠨᠢ ᠪᠠᠭᠠᠰᠪᠠ᠃ ᠡᠭᠦᠨ ᠤ ᠵᠡᠷᠭᠡᠴᠡᠪᠡᠷ᠂ ᠪᠦᠬᠦ ᠨᠡᠶᠢᠭᠡᠮ ᠤᠨ ᠴᠠᠬᠢᠯᠭᠠᠨ ᠭᠠᠷᠭᠠᠬᠤ ᠬᠡᠮᠵᠢᠶ᠎ᠡ 3. | 3% ᠪᠠᠷ ᠨᠡᠮᠡᠭᠳᠡᠵᠦ᠂ ᠴᠠᠬᠢᠯᠭᠠᠨ ᠬᠡᠷᠡᠭᠯᠡᠬᠦ ᠬᠡᠮᠵᠢᠶ᠎ᠡ 1.6% ᠪᠠᠷ ᠨᠡᠮᠡᠭᠳᠡᠵᠦ᠂ 4 ᠳ᠋ᠦ᠋ᠭᠡᠷ ᠰᠠᠷ᠎ᠠ ᠳᠤ ᠴᠦᠮ | ᠰᠥᠭᠡᠷᠭᠦ ᠠᠴᠠ ᠪᠠᠨ ᠡᠶᠡᠷᠬᠦ ᠲᠡᠰᠢ ᠤᠯᠠᠷᠢᠭᠰᠠᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ ᠳᠡᠭᠡᠭᠰᠢᠯᠡᠪᠡ᠃ | 6 ᠳ᠋ᠤᠭᠠᠷ ᠰᠠᠷ᠎ᠠ ᠳᠤ᠂ ᠦᠢᠯᠡᠳᠬᠦ ᠦᠢᠯᠡᠰ ᠤᠨ PMI ᠢᠯᠡᠳᠬᠡᠭᠴᠢ ᠵᠠᠯᠭᠠᠪᠠᠷ ᠳᠥᠷᠪᠡᠨ ᠰᠠᠷ᠎ᠠ ᠮᠠᠨᠳᠤᠵᠤ | ᠳᠤᠷᠦ᠋ᠢᠳᠠᠬᠤ ᠵᠠᠭᠠᠭ ᠱᠤᠭᠤᠮ ᠤᠨ ᠳᠡᠭᠡᠷ᠎ᠡ ᠣᠷᠣᠰᠢᠵᠤ᠂ ᠡᠭᠦᠨ ᠳᠤ᠂ ᠦᠢᠯᠡᠳᠪᠦᠷᠢᠯᠡᠯ ᠤᠨ ᠵᠢᠭᠠᠯᠲᠠ ᠲᠤᠭ᠎ᠠ ᠨᠢ | ᠳᠡᠭᠡᠷ᠎ᠡ ᠰᠠᠷ᠎ᠠ ᠶᠢᠨ ᠬᠢ ᠠᠴᠠ ᠲᠣᠰ ᠲᠤᠰ ᠵᠠᠭᠤᠨ ᠤ ᠴᠡᠭ ᠤᠨ 0.3 ᠪᠣᠯᠣᠨ 0.4 ᠳᠡᠭᠡᠭᠰᠢᠯᠡᠵᠦ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠥᠷᠭᠦᠯᠵᠢᠯᠡᠨ ᠥᠷᠭᠡᠳᠬᠦ ᠪᠠᠶᠢᠳᠠᠯ ᠲᠠᠢ ᠪᠠᠶᠢᠬᠤ ᠶᠢ ᠬᠠᠷᠠᠭᠤᠯᠪᠠ᠃ | ᠠᠳᠠᠯᠢ ᠬᠤᠭᠤᠴᠠᠭᠠᠨ ᠳᠤ᠂ ᠦᠢᠯᠡᠳᠪᠦᠷᠢᠯᠡᠬᠦ ᠪᠤᠰᠤ ᠦᠢᠯᠡᠰ ᠤᠨ PMI ᠳᠡᠭᠡᠷ᠎ᠡ ᠰᠠᠷ᠎ᠠ ᠶᠢᠨ 53.2 | ᠪᠠᠶᠢᠭᠰᠠᠨ ᠠᠴᠠ ᠪᠠᠨ 53.8 ᠪᠣᠯᠣᠨ ᠰᠠᠶᠢᠵᠢᠷᠠᠵᠤ᠂ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠭᠰᠠᠨ ᠦᠷ᠎ᠡ | ᠪᠦᠲᠦᠮᠵᠢ ᠢᠯᠡᠳᠲᠡ ᠪᠠᠶᠢᠵᠤ᠂ ᠠᠵᠤ ᠠᠬᠤᠶ ᠶᠢᠨ ᠪᠠᠶᠢᠳᠠᠯ ᠲᠣᠭᠲᠠᠭᠤᠨ ᠪᠠᠶᠢᠬᠤ ᠶᠢᠨ ᠳᠠᠭᠠᠤ ᠳᠤ ᠤᠷᠤᠭᠰᠢ | ᠳᠠᠪᠰᠢᠵᠤ ᠂ ᠵᠢᠱᠢᠯᠲᠡ ᠪᠠᠷ ᠳᠣᠣᠷᠠᠳᠤ ᠬᠠᠭᠠᠰ ᠵᠢᠯ ᠳᠤ ᠮᠠᠨ ᠤ ᠤᠯᠤᠰ ᠤᠨ ᠠᠵᠤ ᠠᠬᠤᠶ ᠲᠣᠭᠲᠠᠭᠤᠨ ᠢᠶᠠᠷ | ᠬᠦᠭᠵᠢᠬᠦ ᠪᠠᠶᠢᠳᠠᠯ ᠢᠶᠠᠨ ᠪᠠᠲᠤᠯᠠᠬᠤ ᠪᠣᠯᠣᠨ᠎ᠠ᠃ ᠪᠦᠬᠦ ᠤᠯᠤᠰ ᠤᠨ ᠠᠵᠤ ᠠᠬᠤᠶ ᠲᠣᠭᠲᠠᠭᠤᠨ ᠠᠵᠢᠯᠯᠠᠭᠠᠨ ᠲᠠᠢ | ᠪᠠᠶᠢᠬᠤ ᠠᠬᠤᠶ ᠪᠠᠶᠢᠳᠠᠯ ᠤᠨ ᠳᠣᠣᠷ᠎ᠠ᠂ 5 ᠳ᠋ᠤᠭᠠᠷ ᠰᠠᠷ᠎ᠠ ᠳᠤ᠂ ᠮᠠᠨ ᠤ ᠣᠷᠣᠨ ᠤ ᠠᠵᠤ ᠠᠬᠤᠶ ᠶᠢᠨ ᠭᠤᠣᠯ | ᠭᠦᠢᠴᠡᠳᠬᠡᠬᠦ ᠲᠤᠭ᠎ᠠ ᠶᠢ 4 ᠳ᠋ᠦ᠋ᠭᠡᠷ ᠰᠠᠷ᠎ᠠ ᠶᠢᠨ ᠬᠢ ᠲᠠᠢ ᠬᠠᠷᠢᠴᠠᠭᠤᠯᠪᠠᠯ ᠵᠢᠭᠠᠬᠠᠨ ᠳᠡᠭᠡᠭᠰᠢᠯᠡᠵᠦ᠂ ᠰᠡᠭᠦᠯᠴᠢ ᠶᠢᠨ | ᠬᠤᠭᠤᠴᠠᠭᠠᠨ ᠳᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠢ ᠲᠣᠭᠲᠠᠪᠤᠷᠢᠵᠢᠭᠤᠯᠬᠤ ᠠᠯᠢ | ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ᠂ ᠪᠦᠬᠦ ᠣᠷᠣᠨ ᠤ ᠬᠠᠩᠭᠠᠯᠭ᠎ᠠ ᠬᠡᠷᠡᠭᠴᠡᠭᠡ ᠶᠢᠨ | ᠦᠨᠳᠦᠰᠦᠨ ᠲᠠᠯ᠎ᠠ ᠳᠤ ᠶᠡᠭᠡ ᠬᠡᠯᠪᠡᠯᠵᠡᠯ ᠦᠭᠡᠢ ᠪᠠᠶᠢᠵᠤ ᠂ ᠳᠣᠣᠷᠠᠳᠤ ᠬᠠᠭᠠᠰ ᠵᠢᠯ ᠤᠨ ᠠᠵᠤ ᠠᠬᠤᠢ | ᠠᠯᠭᠤᠷᠯᠠᠬᠤ ᠶᠢᠨ ᠳᠠᠭᠠᠤ ᠲᠣᠭᠲᠠᠭᠤᠨ ᠪᠠᠶᠢᠳᠠᠯ ᠲᠠᠢ ᠪᠠᠶᠢᠬᠤ ᠳᠤ᠂ ᠲᠣᠭᠲᠠᠭᠤᠨ ᠪᠠᠶᠢᠬᠤ ᠶᠢᠨ ᠳᠠᠭᠠᠤ ᠳᠤ | ᠤᠷᠤᠭᠰᠢ ᠳᠠᠪᠰᠢᠭᠰᠠᠨ ᠠᠵᠢᠯᠯᠠᠭᠠᠨ ᠤ ᠪᠠᠶᠢᠳᠠᠯ ᠢᠶᠠᠨ ᠦᠷᠭᠦᠯᠵᠢᠯᠡᠨ ᠪᠠᠲᠤᠯᠠᠬᠤ ᠪᠣᠯᠣᠨ᠎ᠠ᠃ | ᠬᠤᠶᠠᠷ ᠲᠤ ᠬᠤᠷᠸ᠎ᠠ ᠲᠣᠬᠢᠷᠠᠭᠤᠯᠭ᠎ᠠ ᠶᠢᠨ ᠠᠷᠭ᠎ᠠ ᠬᠡᠮᠵᠢᠶ᠎ᠡ ᠦᠷᠭᠦᠯᠵᠢᠯᠡᠨ ᠬᠦᠴᠦᠯᠡᠨ ᠴᠢᠳᠠᠯ ᠢᠶᠠᠨ | ᠪᠠᠳᠠᠷᠠᠭᠤᠯᠵᠤ᠂ ᠠᠵᠤ ᠠᠬᠤᠶ ᠪᠠᠭᠤᠷᠠᠬᠤ ᠳᠠᠷᠤᠯᠲᠠ ᠨᠠᠮᠳᠠᠬᠤ ᠪᠣᠯᠤᠮᠵᠢ ᠲᠠᠢ ᠪᠠᠶᠢᠨ᠎ᠠ᠃ ᠰᠢᠨ᠎ᠡ ᠬᠡᠪ ᠪᠠᠶᠢᠳᠠᠯ | ᠳᠣᠣᠷᠠᠬᠢ ᠠᠵᠤ ᠠᠬᠤᠶ ᠶᠢᠨ ᠠᠵᠢᠯᠯᠠᠭᠠᠨ ᠳᠤ ᠭᠠᠷᠤᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ | ᠤᠯᠤᠰ ᠬᠢᠭᠡᠳ ᠮᠠᠨ ᠤ ᠣᠷᠣᠨ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠪᠣᠯᠣᠨ ᠴᠢᠬᠤᠯᠠ | ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠢ ᠠᠪᠴᠤ᠂ ᠵᠠᠬ᠎ᠠ ᠳᠡᠯᠭᠡᠭᠦᠷ ᠶᠢᠨ ᠵᠢᠱᠢᠯᠲᠡ ᠢ ᠪᠦᠲᠦᠮᠵᠢᠲᠠᠢ | ᠲᠣᠭᠲᠠᠪᠤᠷᠢᠵᠢᠭᠤᠯᠤᠨ᠂ ᠠᠵᠤ ᠠᠬᠤᠶ ᠪᠠᠭᠤᠷᠠᠬᠤ ᠳᠠᠷᠤᠯᠲᠠ ᠶᠢ ᠨᠠᠮᠳᠠᠭᠤᠯᠪᠠ᠃ ᠪᠡᠯᠡ ᠮᠥᠩᠭᠦ ᠶᠢᠨ | ᠪᠠᠲᠤᠯᠠᠭ᠎ᠠ ᠶᠢᠨ ᠲᠠᠯ᠎ᠠ ᠪᠠᠷ᠂ ᠡᠨᠡ ᠵᠢᠯ ᠠᠴᠠ ᠨᠠᠰᠢ᠂ ᠤᠯᠤᠰ ᠠᠴᠠ ᠬᠦᠦ ᠮᠥᠩᠭᠦ ᠶᠢ ᠨᠢᠭᠡᠨᠲᠡ ᠭᠤᠷᠪᠠ ᠤᠳᠠᠭ᠎ᠠ | ᠪᠠᠭᠤᠷᠠᠭᠤᠯᠤᠨ᠂ ᠪᠠᠷᠢᠮᠵᠢᠶ᠎ᠠ ᠶᠢ ᠭᠤᠷᠪᠠ ᠤᠳᠠᠭ᠎ᠠ ᠳᠣᠷᠣᠭᠰᠢᠯᠠᠭᠤᠯᠵᠤ᠂ ᠮᠠᠨ ᠤ ᠣᠷᠣᠨ ᠤ ᠦᠢᠯᠡᠳᠪᠦᠷᠢᠯᠡᠬᠦ | ᠠᠵᠤ ᠠᠬᠤᠶᠢᠯᠠᠯ ᠤᠨ ᠡᠳ᠋ ᠤᠨ ᠶᠠᠪᠤᠳᠠᠯ ᠪᠣᠯᠣᠨ ᠪᠡᠯᠡ ᠲᠣᠬᠢᠷᠠᠭᠤᠯᠬᠤ ᠥᠪᠡᠷ ᠤᠨ ᠥᠷᠲᠡᠭ ᠤᠨ ᠳᠠᠷᠤᠯᠲᠠ ᠶᠢ | ᠵᠣᠬᠢᠬᠤ ᠬᠡᠮᠵᠢᠶ᠎ᠡ ᠪᠠᠷ ᠨᠠᠮᠳᠠᠭᠤᠯᠪᠠ᠃ ᠡᠭᠦᠨ ᠠᠴᠠ ᠭᠠᠳᠠᠨ᠎ᠠ᠂ ᠣᠶᠢᠷ᠎ᠠ ᠳᠤ ᠡᠳ᠋ ᠤᠨ ᠵᠠᠰᠠᠭ ᠤᠨ ᠶᠠᠮᠤᠨ ᠨᠢᠭᠡ | ᠲᠦᠮᠡᠨ ᠳ᠋ᠦᠩᠰᠢᠭᠤᠷ ᠲᠥᠭᠦᠷᠢᠭ ᠪᠠᠶᠢᠷᠢᠯᠠᠭᠤᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠦᠯᠡᠳᠡᠵᠦ ᠪᠠᠶᠢᠭ᠎ᠠ ᠥᠭᠴᠡᠭᠡᠨ ᠤ ᠲᠤᠭ᠎ᠠ ᠶᠢ ᠰᠣᠯᠢᠵᠤ᠂ ᠮᠠᠨ ᠤ ᠣᠷᠣᠨ ᠠᠩᠬ᠎ᠠ ᠤᠳᠠᠭ᠎ᠠ | ᠪᠡᠶ᠎ᠡ ᠪᠠᠨ ᠳᠠᠭᠠᠭᠠᠵᠤ 294 ᠳ᠋ᠦᠩᠰᠢᠭᠤᠷ ᠲᠥᠬᠦᠷᠢᠭ ᠤᠨ ᠠᠩᠬᠠᠳᠠᠭᠴᠢ ᠪᠦᠯᠦᠭ ᠡᠩ ᠤᠨ ᠵᠢᠭᠡᠯᠡᠯᠭᠡ ᠶᠢᠨ | ᠲᠡᠮᠳᠡᠭ ᠲᠠᠷᠬᠠᠭᠠᠵᠤ᠂ ᠮᠠᠨ ᠤ ᠣᠷᠣᠨ ᠤ ᠵᠠᠰᠠᠭ ᠤᠨ ᠣᠷᠳᠣᠨ ᠤ ᠥᠭᠴᠡᠭᠡᠨ ᠤ ᠬᠦᠦ ᠮᠥᠩᠭᠦ ᠶᠢᠨ ᠳᠠᠷᠤᠭᠠᠰᠤ ᠶᠢ | ᠪᠦᠲᠦᠮᠵᠢᠲᠠᠢ ᠪᠠᠭᠠᠰᠬᠠᠪᠠ᠃ ᠠᠵᠤ ᠦᠢᠯᠡᠳᠪᠦᠷᠢ ᠶᠢ ᠳᠡᠮᠵᠢᠬᠦ ᠲᠠᠯ᠎ᠠ ᠪᠠᠷ ᠂ 2015 ᠣᠨ ᠠᠴᠠ ᠨᠠᠰᠢ᠂ | ᠤᠯᠤᠰ ᠠᠴᠠ ᠮᠠᠨ ᠤ ᠣᠷᠣᠨ ᠤ ᠳᠠᠪᠠᠭᠤᠯᠢᠭ ᠠᠵᠤ ᠦᠢᠯᠡᠰ ᠯᠦᠭᠡ ᠨᠡᠯᠢᠶᠡᠳ ᠴᠢᠩᠭ᠎ᠠ ᠬᠤᠯᠪᠣᠭᠳᠠᠯᠳᠤ ᠴᠢᠨᠠᠷᠲᠠᠢ | ᠠᠵᠤ ᠦᠢᠯᠡᠰ ᠢ ᠳᠡᠳᠬᠦᠬᠦ ᠲᠥᠷᠥ ᠶᠢᠨ ᠪᠣᠳᠣᠯᠭ᠎ᠠ ᠨᠤᠭᠤᠳ ᠢ ᠵᠠᠯᠭᠠᠪᠡᠷ ᠨᠡᠶᠢᠲᠡᠯᠡᠭᠰᠡᠨ ᠶᠠᠪᠤᠳᠠᠯ ᠨᠢ ᠮᠠᠨ ᠤ | ᠣᠷᠣᠨ ᠤ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ᠂ | ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠡᠪᠴᠢᠶ᠎ᠡ ᠪᠠᠨ ᠥᠷᠭᠡᠳᠭᠡᠬᠦ ᠳᠤ ᠠᠰᠢᠭ ᠲᠠᠢ ᠪᠣᠯᠪᠠ᠃ | ᠲᠥᠷᠥ ᠶᠢᠨ ᠶᠠᠪᠤᠳᠠᠯ ᠤᠨ ᠬᠤᠷᠢᠶ᠎ᠠ ︽ᠳᠤᠮᠳᠠᠳᠤ ᠤᠯᠤᠰ ᠤᠨ ᠦᠢᠯᠡᠳᠪᠦᠷᠢᠯᠡᠪᠡ 2025︾᠂ ︽ᠣᠯᠠᠨ | ᠤᠯᠤᠰ ᠤᠨ ᠦᠢᠯᠡᠳᠪᠦᠷᠢᠯᠡᠬᠦ ᠴᠢᠳᠠᠪᠤᠷᠢ ᠪᠣᠯᠣᠨ ᠲᠣᠨᠤᠭ ᠲᠥᠬᠦᠭᠡᠷᠦᠮᠵᠢ ᠦᠢᠯᠡᠳᠬᠦ ᠬᠠᠮᠲᠤᠷᠠᠯᠴᠠᠭ᠎ᠠ ᠶᠢ | ᠲᠦᠯᠬᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠭᠰᠡᠨ ᠨᠢ᠂ ᠡᠳ᠋ ᠤᠨ ᠵᠠᠰᠠᠭ ᠭᠠᠶᠢᠯᠢ ᠬᠢᠭᠡᠳ | ᠮᠥᠩᠭᠦᠨ ᠭᠦᠢᠯᠭᠡᠭᠡᠨ᠂ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠲᠤ ᠳᠡᠯᠭᠡᠷᠡᠭᠦᠯᠬᠦ ᠪᠠ | ᠨᠡᠭᠡᠭᠡᠯᠲᠡ ᠬᠢᠵᠦ ᠬᠠᠮᠲᠤᠷᠠᠯᠴᠠᠬᠤ ᠵᠡᠷᠭᠡ ᠲᠠᠯ᠎ᠠ ᠠᠴᠠ ᠳᠡᠳᠬᠦᠬᠦ ᠡᠷᠴᠢᠮ ᠢᠶᠠᠨ ᠨᠡᠮᠡᠭᠳᠡᠭᠦᠯᠵᠦ᠂ ᠮᠠᠨ ᠤ ᠣᠷᠣᠨ ᠤ | ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠭᠲᠠᠶ | ᠶᠤᠮ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶ᠎ᠠ᠂ | ᠤᠯᠤᠰ ᠤᠨ ᠭᠡᠷᠡᠴᠢᠯᠡᠵᠦ ᠮᠡᠳᠡᠷᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠠᠮᠲᠤᠷᠠᠨ ︽ᠲᠡᠷᠢᠭᠦᠨ ᠤ ᠭᠡᠷᠡᠯ | ᠸᠣᠯᠲ ᠤᠨ ᠮᠡᠷᠭᠡᠵᠢᠯ ᠤᠨ ᠦᠢᠯᠡᠳᠬᠦᠨ ᠤ ᠬᠡᠷᠡᠭᠯᠡᠯᠲᠡ ᠪᠠ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ | ᠠᠬᠢᠭᠤᠯᠬᠤ ᠲᠣᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠵᠠᠬ᠎ᠠ ᠳᠡᠯᠭᠡᠭᠦᠷ᠂ ᠮᠡᠷᠭᠡᠵᠢᠯ᠂ ᠬᠠᠮᠢᠶᠠᠷᠤᠯᠲᠠ᠂ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠠᠴᠠ ᠳᠡᠮᠵᠢᠬᠦ ᠠᠷᠭ᠎ᠠ ᠬᠡᠮᠵᠢᠶ᠎ᠡ ᠶᠢ | ᠳᠤᠷᠠᠳᠤᠨ᠂ ᠮᠠᠨ ᠤ ᠣᠷᠣᠨ ᠤ ᠭᠡᠷᠡᠯ ᠸᠣᠯᠲ ᠤᠨ ᠠᠵᠤ ᠠᠬᠤᠶᠢᠯᠠᠯ ᠤᠨ ᠮᠡᠷᠭᠡᠵᠢᠯ ᠤᠨ ᠲᠠᠯ᠎ᠠ ᠪᠠᠷ ᠰᠢᠨ᠎ᠡ ᠶᠢ | ᠡᠭᠦᠳᠬᠦ ᠶᠢ ᠬᠦᠴᠦᠲᠡᠢ ᠳᠥᠯᠭᠢᠨ ᠠᠬᠢᠭᠤᠯᠵᠤ᠂ ᠭᠡᠷᠡᠯ ᠸᠣᠯᠲ ᠤᠨ ᠮᠡᠷᠭᠡᠵᠢᠯ ᠤᠨ ᠦᠢᠯᠡᠳᠬᠦᠨ ᠢ ᠬᠡᠷᠡᠭᠯᠡᠬᠦ ᠵᠠᠬ᠎ᠠ | ᠳᠡᠯᠭᠡᠭᠦᠷ ᠢ ᠥᠷᠭᠡᠳᠬᠡᠨ᠂ ᠮᠠᠨ ᠤ ᠣᠷᠣᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠬᠡᠪᠴᠢᠶ᠎ᠡ ᠶᠢ | ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠪᠠ᠃ ᠲᠥᠷᠥ ᠶᠢᠨ ᠶᠠᠪᠤᠳᠠᠯ ᠤᠨ ᠬᠤᠷᠢᠶ᠎ᠠ ︽ | ︿ᠢᠨᠲ᠋ᠧᠷ ᠰᠦᠯᠵᠢᠶ᠎ᠡ +﹀ ᠠᠵᠢᠯᠯᠠᠭ᠎ᠠ ᠶᠢ ᠢᠳᠡᠪᠬᠢᠲᠡᠶ ᠳᠥᠯᠭᠢᠨ ᠠᠬᠢᠭᠤᠯᠬᠤ ᠲᠣᠬᠠᠢ ᠵᠢᠯᠣᠭᠤᠳᠬᠤ ᠰᠠᠨᠠᠯ︾ | ᠂ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠦᠭᠵᠢᠭᠦᠯᠦᠨ ᠠᠵᠤ ᠠᠬᠤᠶ ᠶᠢᠨ ᠰᠢᠨ᠎ᠡ ᠬᠥᠳᠡᠯᠭᠡᠬᠦ | ᠬᠦᠴᠦ ᠶᠢ ᠲᠦᠷᠬᠡᠳᠬᠡᠨ ᠪᠣᠶᠢᠵᠢᠭᠤᠯᠬᠤ ᠲᠤᠬᠠᠶ ᠰᠠᠨᠠᠯ︾ ᠢ ᠨᠡᠶᠢᠲᠡᠯᠡᠵᠦ᠂ ᠬᠦᠭᠵᠢᠯᠲᠡ ᠶᠢᠨ ᠠᠭᠤᠵᠢᠭᠤ | ᠣᠷᠴᠢᠨ ᠨᠥᠬᠦᠴᠡᠯ ᠢ ᠪᠣᠢ ᠪᠣᠯᠭᠠᠬᠤ᠂ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠪᠠᠷᠠᠭᠠᠨ ᠤ ᠭᠦᠢᠯᠭᠡᠭᠡ ᠶᠢᠨ ᠰᠠᠭᠤᠷᠢ ᠪᠡᠯᠡᠳᠬᠡᠮᠵᠢ ᠶᠢ | ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠮᠠᠨ ᠤ | ᠣᠷᠣᠨ ᠤ ︽ᠢᠨᠲ᠋ᠧᠷ ᠰᠦᠯᠵᠢᠶ᠎ᠡ +︾ ᠬᠢᠭᠡᠳ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠨᠡᠶᠢᠯᠡᠨ | ᠬᠦᠭᠵᠢᠬᠦ ᠶᠢ ᠲᠦᠯᠬᠢᠨ ᠠᠬᠢᠭᠤᠯᠬᠤ᠂ ᠠᠵᠤ ᠠᠬᠤᠶ ᠨᠡᠶᠢᠭᠡᠮ ᠤᠨ ᠡᠯ᠎ᠡ ᠠᠵᠢᠯ ᠲᠥᠷᠥᠯ ᠡᠯ᠎ᠡ ᠬᠦᠷᠢᠶᠡᠨ ᠳᠤ | ᠰᠢᠨ᠎ᠡ ᠨᠢᠭᠡᠨ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠠᠬᠢᠭᠤᠯᠬᠤ ᠳᠤ᠂ | ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠪ ᠪᠠᠶᠢᠳᠠᠯ᠂ ᠰᠢᠨ᠎ᠡ ᠵᠠᠭᠪᠤᠷ ᠢ | ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠰᠢᠭ ᠬᠠᠩᠭᠠᠭᠰᠠᠨ ᠪᠠᠶᠢᠨ᠎ᠠ᠃ ᠠᠵᠤ ᠠᠬᠤᠶᠢᠯᠠᠯ ᠤᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢ ᠬᠦᠴᠦᠯᠡᠨ ᠳᠡᠮᠵᠢᠬᠦ ᠲᠠᠯ᠎ᠠ ᠪᠠᠷ᠂ 6 ᠳ᠋ᠤᠭᠠᠷ ᠰᠠᠷ᠎ᠠ ᠶᠢᠨ 6 ᠤ ᠡᠳᠦᠷ᠂ | ᠥᠪᠡᠷᠲᠡᠭᠡᠨ ᠵᠠᠰᠠᠬᠤ ᠣᠷᠣᠨ ︽ᠨᠡᠮᠡᠭᠳᠡᠯ ᠢ ᠲᠣᠭᠲᠠᠪᠤᠷᠢᠵᠢᠭᠤᠯᠤᠨ ᠥᠭᠡᠷᠡᠴᠢᠯᠡᠯᠲᠡ ᠶᠢ ᠠᠬᠢᠭᠤᠯᠵᠤ | ᠪᠦᠲᠦᠴᠡ ᠶᠢ ᠲᠣᠬᠢᠷᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠰᠠᠨᠠᠯ︾ ᠢ ᠨᠡᠶᠢᠲᠡᠯᠡᠨ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠲᠣᠭᠲᠠᠪᠤᠷᠢᠵᠢᠭᠤᠯᠬᠤ᠂ ᠪᠡᠯᠡ ᠲᠣᠬᠢᠷᠠᠭᠤᠯᠬᠤ ᠠᠷᠭ᠎ᠠ ᠵᠠᠮ ᠢ ᠨᠡᠪᠲᠡᠷᠡᠭᠦᠯᠬᠦ᠂ | ᠪᠡᠯᠡ ᠣᠷᠣᠭᠤᠯᠤᠯᠲᠠ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ᠂ ᠭᠡᠷ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠠᠵᠤ ᠠᠬᠤᠶᠢᠯᠠᠯ ᠢ ᠣᠨᠣᠪᠴᠢᠲᠠᠢ | ᠲᠡᠮᠵᠢᠵᠦ᠂ ᠮᠠᠨ ᠤ ᠣᠷᠣᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠠᠷᠤᠯᠲᠠ ᠶᠢ | ᠨᠠᠮᠳᠠᠭᠤᠯᠬᠤ᠂ ᠵᠠᠬ᠎ᠠ ᠳᠡᠯᠭᠡᠭᠦᠷ ᠤᠨ ᠠᠮᠢᠳᠤ ᠰᠣᠷᠭᠤᠭ ᠬᠦᠴᠦᠨ ᠴᠢᠳᠠᠯ ᠢ ᠤᠯᠠᠮ ᠨᠢᠭᠡ ᠠᠯᠬᠤᠮ ᠬᠥᠭᠵᠢᠭᠡᠬᠦ ᠳᠤ | ᠬᠦᠴᠦᠨ ᠪᠦᠬᠦᠢ ᠲᠤᠯᠭᠠᠭᠤᠷᠢ ᠬᠠᠩᠭᠠᠭᠰᠠᠨ ᠪᠠᠶᠢᠨ᠎ᠠ᠃ 2015 ᠣᠨ ᠳᠤ᠂ ᠤᠯᠤᠰ ᠠᠴᠠ ︽ᠡᠵᠡᠩᠨᠡᠯᠲᠡ ᠶᠢᠨ | ᠭᠠᠶᠢᠯᠢ ᠶᠢ ᠥᠭᠡᠷᠡᠴᠢᠯᠡᠨ ᠥᠷᠲᠡᠭ ᠨᠡᠮᠡᠭᠳᠡᠯ ᠤᠨ ᠭᠠᠶᠢᠯᠢ ᠪᠣᠯᠭᠠᠬᠤ︾ ᠶᠢ ᠪᠦᠷᠢᠨ ᠪᠦᠷᠬᠦᠭᠦᠯᠬᠦ ᠶᠢ ᠥᠷᠭᠦᠯᠵᠢᠯᠡᠨ | ᠬᠡᠷᠡᠭᠵᠢᠭᠦᠯᠵᠦ᠂ ᠪᠦᠬᠦ ᠤᠯᠤᠰ ᠲᠤ 9000 ᠠᠴᠠ 1 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ | ᠬᠠᠰᠤᠬᠤ ᠣᠷᠣᠨ ᠵᠠᠢ ᠶᠢ ᠪᠣᠢ ᠪᠣᠯᠭᠠᠵᠤ᠂ ᠮᠠᠨ ᠤ ᠣᠷᠣᠨ ᠴᠤ ᠲᠤᠰ ᠡᠭᠡᠯᠵᠢ ᠶᠢᠨ ᠡᠳ᠋ ᠤᠨ ᠵᠠᠰᠠᠭ ᠤᠨ | ᠭᠠᠶᠢᠯᠢ ᠶᠢᠨ ᠥᠭᠡᠷᠡᠴᠢᠯᠡᠯᠲᠡ ᠶᠢᠨ ᠳᠤᠮᠳᠠ ᠵᠣᠬᠢᠬᠤ ᠬᠡᠪᠴᠢᠶᠡᠨ ᠤ ᠭᠠᠶᠢᠯᠢ ᠬᠠᠰᠤᠬᠤ ᠣᠷᠣᠨ ᠵᠠᠢ ᠶᠢ ᠪᠣᠢ | ᠪᠣᠯᠭᠠᠬᠤ ᠲᠤᠯᠠ᠂ ᠡᠨᠡ ᠨᠢ ᠪᠦᠬᠦ ᠣᠷᠣᠨ ᠤ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ | ᠬᠦᠭᠵᠢᠯᠲᠡ ᠶᠢᠨ ᠠᠮᠢᠳᠤ ᠰᠣᠷᠭᠤᠭ ᠬᠦᠴᠦᠨ ᠴᠢᠳᠠᠯ ᠢ ᠭᠦᠢᠴᠡᠳ ᠪᠠᠳᠠᠷᠠᠭᠤᠯᠬᠤ ᠳᠤ ᠠᠰᠢᠭᠲᠠᠢ ᠶᠤᠮ᠃ | ᠡᠭᠦᠨ ᠠᠴᠠ ᠭᠠᠳᠠᠨ᠎ᠠ᠂ 2015 ᠣᠨ ᠳᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠥᠷᠭᠦᠯᠵᠢᠯᠡᠨ ᠵᠢᠵᠢᠭ | ᠪᠢᠴᠢᠯ ᠠᠵᠤ ᠠᠬᠤᠶᠢᠯᠠᠯ ᠲᠡᠰᠢ ᠬᠡᠯᠪᠡᠶᠢᠯᠭᠡᠵᠦ᠂ ᠤᠯᠤᠰ ᠠᠴᠠ ᠵᠢᠵᠢᠭ ᠪᠢᠴᠢᠯ ᠠᠵᠤ ᠠᠬᠤᠶᠢᠯᠠᠯ ᠤᠨ | ᠣᠯᠵᠠᠪᠤᠷᠢ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠶᠢᠨ ᠠᠰᠢᠭ ᠬᠦᠷᠳᠡᠬᠦ ᠬᠡᠪᠴᠢᠶ᠎ᠡ ᠶᠢ | ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠴᠦ ︽ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ ᠪᠠᠨ | ᠲᠦᠷᠭᠡᠳᠬᠡᠬᠦ ᠶᠢ ᠤᠯᠠᠮ ᠨᠢᠭᠡ ᠠᠯᠬᠤᠮ ᠳᠡᠳᠬᠦᠬᠦ ᠲᠣᠬᠠᠢ ᠨᠠᠢᠮᠠᠨ ᠵᠣᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ | ᠪᠦᠬᠦ ᠣᠷᠣᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠭ ᠲᠦᠮᠡᠨ ᠢᠶᠠᠷ ᠢᠶᠠᠨ ᠰᠢᠨ᠎ᠡ ᠶᠢ | ᠡᠭᠦᠳᠬᠦ ᠬᠠᠯᠠᠭᠤᠨ ᠰᠡᠳᠬᠢᠯᠭᠡ ᠶᠢ ᠪᠦᠲᠦᠮᠵᠢᠲᠡᠢ ᠬᠥᠭᠵᠢᠭᠡᠪᠡ᠃ | ᠶᠠᠩ ᠴᠧᠨ ᠬᠤᠸᠠ᠄ | ᠭᠤᠷᠪᠠ ᠳᠤ ᠲᠦᠷᠦᠯ ᠵᠦᠢᠯ ᠤᠨ ᠪᠦᠲᠦᠭᠡᠨ ᠪᠠᠢᠭᠤᠯᠤᠯᠲᠠ ᠳᠤ ᠬᠤᠷᠳᠤᠨ ᠮᠣᠷᠢᠨ ᠳᠤ ᠲᠠᠰᠢᠭᠤᠷ ᠨᠡᠮᠡᠵᠤ᠂ | ᠪᠡᠯᠡ ᠣᠷᠣᠭᠤᠯᠤᠯᠲᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠬᠦᠯᠪᠡ᠃ ᠬᠠᠲᠠᠭᠤ ᠴᠢᠩᠭ᠎ᠠ ᠪᠥᠭᠡᠳ | ᠪᠤᠳᠤᠯᠢᠶᠠᠨᠲᠠᠶ ᠵᠠᠬ᠎ᠠ ᠳᠡᠯᠭᠡᠭᠦᠷ ᠤᠨ ᠣᠷᠴᠢᠨ ᠠᠬᠤᠢ ᠳᠤ ᠬᠠᠨᠳᠤᠭᠤᠯᠤᠨ᠂ ᠮᠠᠨ ᠤ ᠣᠷᠣᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠨᠡᠮᠡᠭᠳᠡᠯ ᠢ ᠪᠠᠲᠤᠯᠠᠬᠤ ᠴᠢᠬᠤᠯᠠ ᠭᠠᠷᠳᠠᠴᠠ | ᠪᠣᠯᠭᠠᠨ᠂ ︽2015-2017 ᠤᠨ ᠤ ᠴᠢᠬᠤᠯᠠ ᠶᠡᠭᠡ ᠲᠦᠷᠦᠯ ᠵᠦᠢᠯ ᠢ ᠭᠤᠷᠪᠠᠨ ᠱᠠᠲᠤ ᠪᠠᠷ ᠲᠦᠯᠬᠢᠨ | ᠠᠬᠢᠭᠤᠯᠬᠤ ᠲᠥᠯᠥᠪᠯᠡᠭᠡ︾ ᠭᠠᠷᠭᠠᠨ᠂ ᠤᠳᠤᠷᠢᠳᠤᠯᠭ᠎ᠠ ᠨᠠᠷ ᠳᠠᠭᠠᠭᠠᠨ ᠬᠠᠷᠢᠯᠴᠠᠬᠤ ᠠᠵᠢᠯ ᠤᠨ ᠲᠣᠭᠲᠠᠴᠠ | ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠪᠴᠢᠶ᠎ᠡ ᠳᠤ ᠭᠠᠷᠭᠠᠨ᠂ ᠶᠠᠰᠤ ᠴᠢᠨᠠᠷ ᠢ | ᠳᠡᠭᠡᠭᠰᠢᠯᠡᠭᠦᠯᠪᠡ᠃ 1-5 ᠳ᠋ᠤᠭᠠᠷ ᠰᠠᠷ᠎ᠠ ᠪᠤᠯᠲᠠᠯ᠎ᠠ᠂ ᠪᠦᠬᠦ ᠣᠷᠣᠨ ᠤ ᠪᠠᠷᠢᠯᠭ᠎ᠠ ᠪᠠᠷᠢᠵᠤ ᠪᠠᠶᠢᠭ᠎ᠠ ᠲᠦᠷᠦᠯ ᠵᠦᠢᠯ | 6586 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 223 ᠨᠡᠮᠡᠭᠳᠡᠨ᠂ ᠪᠠᠷᠢᠯᠭ᠎ᠠ ᠪᠠᠷᠢᠵᠤ ᠪᠦᠬᠦᠢ ᠲᠦᠷᠦᠯ | ᠵᠦᠢᠯ ᠤᠨ ᠲᠤᠭ᠎ᠠ ᠬᠠᠰᠤᠭᠳᠠᠵᠤ ᠪᠠᠶᠢᠭᠰᠠᠨ ᠠᠴᠠ ᠪᠠᠨ ᠨᠡᠮᠡᠭᠳᠡᠬᠦ ᠪᠤᠯᠪᠠ᠃ ᠭᠤᠤᠯ ᠪᠤᠯᠬᠤ ᠲᠦᠷᠦᠯ ᠵᠦᠢᠯ ᠤᠨ | ᠪᠡᠯᠡ ᠤᠷᠤᠭᠤᠯᠤᠯᠲᠠ ᠶᠢᠨ ᠬᠦᠷᠢᠶ᠎ᠡ ᠬᠡᠪᠴᠢᠶ᠎ᠡ ᠠᠴᠠ ᠠᠪᠴᠤ ᠦᠵᠡᠪᠡᠯ᠂ ᠠᠵᠤ ᠦᠢᠯᠡᠳᠪᠦᠷᠢ ᠶᠢᠨ ᠲᠠᠯ᠎ᠠ ᠪᠠᠷ᠂ | 1-5 ᠳ᠋ᠤᠭᠠᠷ ᠰᠠᠷ᠎ᠠ ᠪᠤᠯᠲᠠᠯ᠎ᠠ᠂ ᠪᠦᠬᠦ ᠣᠷᠣᠨ ᠤ ᠰᠢᠨ᠎ᠡ ᠪᠠᠷ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠷᠦᠯ ᠵᠦᠢᠯ 801 ᠪᠠᠶᠢᠵᠤ᠂ ᠡᠭᠦᠨ ᠳᠤ | ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ 384 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38 ᠨᠡᠮᠡᠭᠳᠡᠪᠡ | ᠃ ᠵᠦᠡᠭ ᠬᠤᠸᠠᠨ ᠭᠡᠷᠡᠯ ᠢᠶᠠᠷ ᠴᠠᠬᠢᠯᠭᠠᠨ ᠭᠠᠷᠭᠠᠬᠤ ᠳᠠᠬᠢᠨ ᠡᠭᠦᠰᠴᠦ ᠪᠣᠯᠬᠤ ᠨᠡᠷᠡᠨ ᠡᠨᠧᠷᠬᠢ ᠶᠢᠨ ᠳ᠋ᠢᠶᠠᠨ ᡂᠢ᠂ | ᠵᠦᠡᠭ ᠲᠢᠶᠠᠨ ᠡᠾᠧ ᠴᠤᠸᠠᠩ ᠤᠨ 360 ᠲᠦᠮᠡᠨ ᠲᠣᠨ ᠤ ᠨᠡᠭᠦᠷᠡᠰᠦ ᠪᠠᠷ ᠮᠧᠲ᠋ᠢᠯ ᠠᠯᠺᠣᠣᠯ ᠬᠢᠬᠦ ᠵᠡᠷᠭᠡ ᠨᠢᠭᠡ | ᠪᠦᠯᠦᠭ ᠴᠢᠬᠤᠯᠠ ᠶᠡᠭᠡ ᠡᠨᠧᠷᠭᠢ᠂ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠳ ᠵᠠᠯᠭ᠎ᠠ ᠵᠠᠯᠭ᠎ᠠ ᠪᠠᠷ | ᠠᠰᠢᠭᠯᠠᠯᠲᠠ ᠳᠤ ᠤᠷᠤᠵᠤ ᠦᠷ᠎ᠡ ᠠᠰᠢᠭ ᠭᠠᠷᠭᠠᠨ᠂ ᠮᠠᠨ ᠤ ᠣᠷᠣᠨ ᠤ ᠤᠯᠠᠮᠵᠢᠯᠠᠯᠲᠤ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠠᠳᠠᠯᠢ | ᠬᠤᠭᠤᠴᠠᠭᠠᠨ ᠳᠤ᠂ ᠳ᠋ᠠ ᠷᠦᠢ ᠰᠢᠶᠠᠩ ᠺᠣᠮᠫᠠᠨᠢ 1 ᠳ᠋ᠦᠩᠰᠢᠭᠤᠷ ᠬᠡᠰᠡᠭ ᠪᠢᠳᠤᠷᠢᠶ᠎ᠠ ᠴᠢᠯᠠᠭᠤᠨ ᠴᠣᠩᠬᠤᠨ | ᠮᠠᠲ᠋ᠧᠷᠢᠶᠠᠯ᠂ ᠪᠢ ᠶᠠ ᠳ᠋ᠢ ᠰᠢᠨ᠎ᠡ ᠡᠨᠧᠷᠭᠢ ᠶᠢᠨ ᠣᠨᠴᠠ ᠲᠥᠷᠥᠯ ᠤᠨ ᠲᠡᠷᠭᠡ ᠵᠡᠷᠭᠡ ᠰᠢᠨ᠎ᠡ ᠪᠠᠷ ᠪᠤᠢ ᠪᠤᠯᠤᠭᠰᠠᠨ | ᠠᠵᠤ ᠦᠢᠯᠡᠰ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠠᠬᠢᠴᠠ ᠲᠦᠷᠭᠡᠳᠴᠦ᠂ ᠮᠠᠨ ᠤ ᠣᠷᠣᠨ ᠤ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ᠂ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠳᠠᠷᠠᠭᠠᠬᠢ ᠱᠠᠲᠤ | ᠦᠶ᠎ᠡ ᠶᠢᠨ ᠠᠵᠤ ᠠᠬᠤᠶ ᠶᠢᠨ ᠨᠡᠮᠡᠭᠳᠡᠯ ᠤᠨ ᠨᠦᠬᠡᠴᠡ ᠬᠦᠴᠦᠨ ᠢ ᠴᠢᠩᠭᠠᠷᠠᠭᠤᠯᠬᠤ ᠳᠤ ᠴᠢᠬᠤᠯᠠ ᠠᠬᠢᠭᠤᠯᠬᠤ | ᠦᠢᠯᠡᠳᠦᠯ ᠦᠵᠡᠭᠦᠯᠪᠡ᠃ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠭᠤᠯᠤᠯᠲᠠ ᠶᠢᠨ ᠲᠠᠯ᠎ᠠ ᠪᠠᠷ᠂ ᠪᠦᠬᠦ ᠵᠢᠯ ᠤᠨ | ᠲᠡᠮᠦᠷ ᠵᠠᠮ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 63᠂ ᠵᠠᠰᠠᠮᠠᠯ ᠵᠠᠮ ᠤᠨ | ᠭᠤᠣᠯᠳᠠᠯᠭ᠎ᠠ ᠲᠠᠢ ᠪᠦᠲᠦᠭᠡᠨ ᠪᠠᠢᠭᠤᠯᠤᠯᠲᠠ ᠶᠢᠨ ᠲᠦᠷᠦᠯ ᠵᠦᠢᠯ 28 ᠪᠠᠶᠢᠵᠤ᠂ 1050 ᠳ᠋ᠦᠡᠭᠰᠢᠭᠤᠷ | ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠪᠡ᠃ ᠮᠸᠡᠭᠰᠢ — ᠲᠢᠶᠠᠨᠵᠢᠨ ᠤ ᠡᠮᠦᠨ᠎ᠡ | ᠬᠦᠷᠬᠦ ᠤᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠨᠡᠪᠲᠡᠷᠡᠯ ᠵᠠᠮ ᠤᠯᠤᠰ ᠢᠶᠠᠷ ᠬᠢᠨᠠᠨ | ᠵᠦᠪᠰᠢᠶᠡᠷᠡᠭᠦᠯᠦᠭᠡᠳ᠂ ᠰᠢᠯᠢ ᠶᠢᠨ ᠭᠤᠤᠯ ᠠᠴᠠ ᠱᠠᠨᠳᠦ᠋ᠡᠭ ᠬᠦᠷᠬᠦ ᠣᠨᠴᠠ ᠥᠨᠳᠥᠷ ᠬᠦᠴᠦᠳᠡᠯᠲᠦ 2 × 35 | ᠲᠦᠮᠡᠨ ᠺᠢᠯᠤᠸᠠᠲ ᠤᠨ ᠲᠦᠷᠦᠯ ᠵᠦᠢᠯ ᠠᠵᠢᠯ ᠡᠬᠢᠯᠡᠭᠦᠯᠵᠦ᠂ ᠤᠰᠤᠨ ᠠᠰᠢᠭᠯᠠᠯᠲᠠ ᠶᠢᠨ 3 ᠪᠠᠷᠢᠯᠭ᠎ᠠ | ᠤᠯᠤᠰ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠲᠦᠷᠦᠯ ᠵᠦᠢᠯ ᠤᠨ ᠠᠵᠢᠯ ᠡᠬᠢᠯᠡᠬᠦ ᠲᠥᠯᠥᠪᠯᠡᠭᠡ ᠳᠤ | ᠤᠷᠤᠵᠤ᠂ ᠬᠥᠬᠡᠬᠤᠲᠠ ᠶᠢᠨ ᠵᠢᠮᠲᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ | ᠤᠯᠤᠰ ᠤᠨ ᠴᠣᠬᠤᠯᠠᠪᠤᠷᠢ ᠶᠢ ᠤᠯᠪᠠ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ | ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠢᠨ ᠲᠤᠰᠠᠳᠠ᠂ ᠮᠠᠨ ᠤ ᠣᠷᠣᠨ ᠨᠢᠭᠡ ᠪᠦᠯᠦᠭ ᠰᠠᠭᠤᠷᠢ | ᠪᠡᠯᠡᠳᠭᠡᠮᠵᠢ ᠪᠤᠯᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠵᠠᠯᠭᠠᠭ᠎ᠠ ᠪᠠᠷ ᠡᠬᠢᠯᠡᠭᠦᠯᠦᠨ᠂ ᠳᠤᠤᠷ᠎ᠠ ᠬᠠᠭᠠᠰ | ᠵᠢᠯ ᠤᠨ ᠪᠦᠬᠦ ᠣᠷᠣᠨ ᠤ ᠠᠵᠤ ᠠᠬᠤᠶ ᠶᠢᠨ ᠨᠡᠮᠡᠭᠳᠡᠯ ᠢ ᠲᠤᠭᠲᠠᠪᠤᠷᠢᠵᠢᠭᠤᠯᠬᠤ᠂ ᠦᠷᠭᠦᠯᠵᠢᠯᠡᠬᠦ ᠴᠢᠨᠠᠷᠲᠠᠢ | ᠬᠦᠭᠵᠢᠯᠲᠡ ᠶᠢ ᠴᠢᠩᠭᠠᠳᠬᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠶᠠᠩ ᠴᠧᠨ ᠬᠤᠸᠠ᠄ | ᠳᠥᠷᠪᠡ ᠳᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠯᠠᠪᠳᠠᠭᠤᠨ ᠢᠶᠠᠷ ᠠᠬᠢᠵᠤ᠂ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠨᠦᠬᠡᠴᠡ ᠬᠦᠴᠦ ᠴᠢᠩᠭᠠᠷᠠᠪᠠ᠃ ᠤᠳᠤᠬᠠᠨ ᠳᠤ᠂ ᠮᠠᠨ ᠤ | ᠣᠷᠣᠨ ᠤ ᠠᠵᠤ ᠠᠬᠤᠶ ᠤᠯᠠᠮᠵᠢᠯᠠᠯᠲᠤ ᠴᠢᠬᠤᠯᠠ ᠬᠦᠴᠦᠨ ᠵᠦᠢᠯ ᠤᠨ ᠲᠤᠭ᠎ᠠ ᠬᠡᠮᠵᠢᠶᠡᠨ ᠤ ᠦᠷᠭᠡᠵᠢᠯ ᠠᠴᠠ ᠪᠠᠨ | ᠲᠤᠲᠤᠭᠠᠲᠤ ᠨᠡᠮᠡᠭᠳᠡᠯ ᠤᠨ ᠬᠡᠯᠪᠡᠷᠢ ᠲᠡᠰᠢ ᠬᠤᠪᠢᠷᠠᠬᠤ ᠶᠠᠪᠤᠴᠠ ᠳᠤ ᠪᠠᠶᠢᠵᠤ᠂ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠳᠤ ᠵᠣᠬᠢᠬᠤ ᠬᠡᠮᠵᠢᠶᠡᠨ ᠤ ᠵᠤᠬᠢᠴᠠᠬᠤ ᠴᠢᠨᠠᠷᠲᠠᠢ ᠲᠣᠬᠢᠷᠠᠭᠤᠯᠤᠯᠲᠠ ᠶᠢᠨ ᠪᠠᠭᠤᠷᠠᠯᠲᠠ ᠢᠯᠡᠷᠡᠭᠰᠡᠨ | ᠪᠤᠯᠪᠠᠴᠤ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠠᠯᠬᠤᠮ ᠠᠯᠬᠤᠮ ᠢᠶᠠᠷ ᠳᠡᠭᠡᠭᠰᠢᠯᠡᠪᠡ᠃ 2015 | ᠣᠨ ᠳᠤ᠂ ᠲᠠᠪᠤᠨ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ ᠮᠠᠨ ᠤ ᠣᠷᠣᠨ | ᠡᠨᠧᠷᠬᠢ᠂ ᠪᠣᠯᠣᠳ ᠲᠡᠮᠦᠷ᠂ ᠲᠤᠨᠤᠭ ᠲᠦᠭᠦᠭᠡᠷᠦᠮᠵᠢ ᠦᠢᠯᠡᠳᠬᠦ ᠵᠡᠷᠭᠡ ᠴᠢᠬᠤᠯᠠ ᠶᠡᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠮᠠᠷᠠᠲᠤ ᠶᠢᠨ ᠬᠦᠨᠳᠦ ᠠᠴᠢᠶᠠᠨ ᠤ ᠮᠠᠰᠢᠨ | ᠲᠡᠷᠭᠡᠨ ᠤ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠪᠦᠷᠢᠮᠦᠰᠦᠨ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠲᠠᠢ NTE240᠂ 260 ᠴᠠᠬᠢᠯᠭᠠᠨ ᠬᠦᠳᠡᠯᠬᠡᠭᠦᠷᠲᠤ | ᠬᠦᠷᠲᠦᠲᠦ ᠦᠪᠡᠷ ᠢᠶᠠᠨ ᠠᠴᠢᠶ᠎ᠠ ᠪᠠᠭᠤᠯᠭᠠᠬᠤ ᠮᠠᠰᠢᠨ ᠲᠡᠷᠭᠡ ᠠᠰᠢᠭᠯᠠᠯᠲᠠ ᠳᠤ ᠤᠷᠤᠵᠤ ᠪᠥᠭᠡᠮ ᠢᠶᠠᠷ | ᠦᠢᠯᠡᠳᠪᠦᠷᠢᠯᠡᠨ᠂ ᠬᠤᠤ ᠺᠧ ᠰᠢᠨ᠎ᠡ ᠡᠨᠧᠷᠭᠢ ᠶᠢᠨ 4 ᠲᠦᠮᠡᠨ ᠮᠠᠰᠢᠨ ᠲᠡᠷᠭᠡᠨ ᠤ ᠲᠦᠷᠦᠯ ᠵᠦᠢᠯ ᠢ ᠪᠠᠶᠢᠭᠤᠯᠵᠤ | ᠪᠠᠶᠢᠭ᠎ᠠ ᠪᠦᠭᠡᠳ ᠨᠢᠭᠡ ᠪᠦᠯᠦᠭ ᠴᠡᠪᠡᠷ ᠡᠨᠧᠷᠭᠢ ᠶᠢᠨ ᠲᠥᠷᠥᠯ ᠵᠦᠢᠯ ᠨᠢᠭᠡᠨᠲᠡ ᠵᠦᠪᠰᠢᠶᠡᠷᠡᠯ ᠤᠯᠪᠠ᠃ ᠲᠠᠪᠤᠨ | ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠠᠬᠢᠬᠤ ᠶᠢ ᠳᠠᠭᠠᠯᠳᠤᠨ᠂ ᠳᠠᠪᠠᠭᠤᠯᠢᠭ | ᠪᠦᠬᠦᠢ ᠤᠨᠴᠠᠯᠢᠭᠳᠤ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠤ ᠦᠷ᠎ᠡ ᠠᠰᠢᠭ ᠢᠶᠠᠨ ᠨᠡᠮᠡᠭᠳᠡᠭᠦᠯᠬᠦ | ᠠᠯᠬᠤᠴᠠ ᠲᠦᠷᠭᠡᠳᠴᠦ᠂ ᠪᠦᠬᠦ ᠣᠷᠣᠨ ᠤ ᠠᠵᠤ ᠠᠬᠤᠶ ᠶᠢᠨ ᠰᠠᠭᠤᠷᠢ ᠨᠡᠩ ᠪᠠᠳᠤ ᠪᠠᠬᠢ ᠪᠤᠯᠪᠠ᠃ ᠡᠭᠦᠨ ᠠᠴᠠ | ᠭᠠᠳᠠᠨ᠎ᠠ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠤᠭᠤᠷᠢᠨ ᠳᠤ᠂ | ᠮᠠᠨ ᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠪᠡᠯᠡ ᠮᠦᠡᠭᠭᠦ ᠣᠷᠣᠭᠤᠯᠬᠤ | ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠪᠠᠶᠢᠯᠳᠤᠬᠤ | ᠪᠣᠳᠣᠯᠭ᠎ᠠ ᠶᠢᠨ ᠰᠢᠨ᠎ᠡ ᠪᠠᠷ ᠪᠤᠢ ᠪᠤᠯᠤᠭᠰᠠᠨ ᠠᠵᠢᠯ ᠲᠥᠷᠥᠯ ᠤᠨ ᠢᠯᠡᠷᠡᠯ ᠨᠢ ᠲᠣᠪᠤᠶᠢᠮ᠎ᠠ ᠪᠤᠯᠪᠠ᠃ 1-5 ᠳ᠋ᠤᠭᠠᠷ | ᠰᠠᠷ᠎ᠠ ᠪᠤᠯᠲᠠᠯ᠎ᠠ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ | ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠤ᠂ ᠬᠤᠪᠣᠷ ᠰᠢᠷᠣᠶ᠂ ᠰᠠᠯᠬᠢᠨ | ᠬᠦᠴᠦᠨ ᠤ ᠴᠠᠬᠢᠯᠭᠠᠨ᠂ ᠡᠭᠦᠯᠡᠨ ᠪᠣᠳᠣᠯᠲᠠ᠂ ᠳᠠᠩ ᠲᠠᠯᠠᠰᠲᠤ ᠴᠠᠬᠢᠭᠤᠷ ᠵᠡᠷᠭᠡ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠡᠪᠴᠢᠶ᠎ᠡ ᠪᠦᠬᠦ ᠤᠯᠤᠰ ᠲᠤ ᠲᠡᠷᠢᠭᠦᠯᠡᠵᠦ᠂ | ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠭᠤᠤᠯᠳᠠᠯᠭ᠎ᠠ ᠲᠠᠢ | ᠤᠷᠤᠭᠤᠯᠤᠯᠲᠠ ᠶᠢᠨ ᠲᠤᠨᠤᠭ ᠲᠦᠬᠦᠬᠡᠷᠦᠮᠵᠢ ᠦᠢᠯᠡᠳᠬᠦ᠂ ᠡᠭᠦᠯᠡᠨ ᠪᠣᠳᠣᠯᠲᠠ ᠪᠤᠯᠤᠨ ᠳᠡᠭᠡᠳᠦ ᠰᠢᠨ᠎ᠡ ᠮᠡᠷᠭᠡᠵᠢᠯ | ᠵᠡᠷᠭᠡ ᠰᠢᠨ᠎ᠡ ᠪᠠᠷ ᠪᠤᠢ ᠪᠤᠯᠤᠭᠰᠠᠨ ᠲᠤᠯᠭᠠᠭᠤᠷᠢ ᠠᠵᠤ ᠦᠢᠯᠡᠰ ᠲᠡᠰᠢ ᠭᠤᠤᠯᠳᠠᠯᠭ᠎ᠠ ᠲᠠᠢ ᠤᠷᠤᠭᠤᠯᠬᠤ ᠶᠢ | ᠳᠠᠭᠠᠯᠳᠤᠨ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠡᠪᠴᠢᠶᠡᠵᠢᠯᠲᠡ ᠯᠠᠪᠳᠠᠭᠤᠨ ᠢᠶᠠᠷ ᠠᠬᠢᠵᠤ᠂ ᠣᠯᠠᠨ | ᠡᠰᠢ ᠪᠠᠷ ᠲᠤᠯᠭᠠᠭᠤᠷᠢᠯᠠᠭᠰᠠᠨ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠲᠦᠷᠭᠡᠨ ᠪᠤᠢ ᠪᠤᠯᠪᠠ᠃ | ᠠᠩᠬᠠᠷᠤᠭᠤᠰᠢᠲᠠᠢ ᠨᠢ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢ ᠠᠯᠭᠤᠷᠯᠠᠭᠤᠯᠤᠭᠰᠠᠨ ᠳᠠᠷᠤᠯᠲᠠ ᠳᠤ | ᠬᠠᠨᠳᠤᠭᠤᠯᠤᠨ᠂ ᠮᠠᠨ ᠤ ᠣᠷᠣᠨ ᠳᠤ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ | ᠲᠠᠢ᠂ ᠵᠠᠬ᠎ᠠ ᠳᠡᠯᠭᠡᠭᠦᠷ ᠤᠨ ᠰᠢᠨ᠎ᠡ ᠬᠡᠷᠡᠭᠴᠡᠭᠡ ᠱᠠᠭᠠᠷᠳᠠᠯᠭ᠎ᠠ ᠪᠠᠷ ᠰᠤᠳᠤᠯᠤᠨ ᠨᠡᠭᠡᠭᠡᠬᠦ ᠳᠤ ᠢᠳᠡᠪᠬᠢᠲᠠᠢ | ᠤᠷᠤᠯᠴᠠᠭᠰᠠᠨ ᠠᠵᠤ ᠠᠬᠤᠶᠢᠯᠠᠯ᠂ ᠵᠢᠱᠢᠶᠡᠯᠡᠪᠡᠯ ᠲᠦᠡᠭᠯᠢᠶᠤᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠤ ᠦᠢᠯᠡᠰ ᠤᠨ ᠬᠦᠷᠢᠶᠡᠯᠡᠩ ᠲᠣᠭᠤᠷᠢᠭ ᠬᠢᠭᠡᠳ ᠤᠯᠠᠭᠠᠨᠴᠠᠪ ᠠᠶᠢᠮᠠᠬ᠂ ᠰᠢᠯᠢ ᠶᠢᠨ ᠭᠤᠤᠯ ᠠᠶᠢᠮᠠᠭ ᠤᠨ | ᠲᠥᠮᠥᠰᠥ ᠲᠠᠷᠢᠬᠤ ᠰᠠᠭᠤᠷᠢᠨ ᠭᠠᠵᠠᠷ ᠵᠡᠷᠭᠡ ᠶᠢᠨ ᠢᠯᠡᠷᠡᠯ ᠨᠢ ᠨᠤᠲᠠᠯᠠᠵᠤ ᠮᠠᠭᠲᠠᠭᠤᠰᠢᠲᠠᠢ ᠪᠠᠶᠢᠨ᠎ᠠ᠂ ᠲᠡᠳᠡ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠦᠵᠡᠯ ᠤᠬᠠᠮᠰᠠᠷ ᠢᠶᠠᠷ ᠨᠡᠯᠢᠶᠡᠳ ᠴᠢᠩᠭ᠎ᠠ | ᠪᠥᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠨᠤᠪᠴᠢᠲᠠᠢ ᠡᠵᠡᠮᠰᠢᠵᠤ ᠴᠢᠳᠠᠬᠤ ᠲᠤᠯᠠ᠂ ᠡᠨᠡᠬᠦ | ᠡᠭᠡᠯᠵᠢ ᠶᠢᠨ ᠠᠵᠤ ᠠᠬᠤᠶ ᠶᠢᠨ ᠠᠯᠭᠤᠷᠯᠠᠯᠲᠠ ᠠᠴᠠ ᠪᠤᠯᠵᠤ ᠲᠠᠭᠠᠷᠢᠯᠳᠠ ᠳᠤ ᠤᠴᠠᠷᠠᠭᠰᠠᠨ ᠨᠢ ᠤᠯᠠᠮᠵᠢᠯᠠᠯᠲᠤ | ᠠᠵᠢᠯ ᠲᠥᠷᠥᠯ ᠠᠴᠠ ᠬᠤᠯᠠ ᠪᠠᠭ᠎ᠠ ᠶᠤᠮ᠂ ᠬᠡᠳᠦ᠋ᠢᠪᠡᠷ ᠣᠳᠣᠬᠠᠨ ᠳᠤ ᠡᠳᠡᠭᠡᠷ ᠠᠵᠤ ᠠᠬᠤᠶᠢᠯᠠᠯ ᠤᠨ | ᠣᠯᠠᠩᠬᠢ ᠨᠢ ᠬᠡᠪᠴᠢᠶ᠎ᠡ ᠪᠠᠷ ᠬᠠᠷᠠᠬᠠᠨ ᠪᠠᠭ᠎ᠠ ᠪᠣᠯᠪᠠᠴᠤ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢᠨ ᠨᠢᠭᠡᠨ ᠤᠮᠳᠤᠭᠠᠶᠢᠯᠠᠵᠤ ᠪᠤᠯᠤᠰᠢ ᠦᠭᠡᠢ ᠬᠦᠴᠦᠨ ᠪᠤᠯᠤᠭᠰᠠᠨ ᠪᠥᠭᠡᠳ ᠪᠦᠬᠦ ᠣᠷᠣᠨ ᠤ | ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠤᠷᠤᠭᠤᠯᠪᠠ᠃ | ᠬᠦᠲᠦᠯᠦᠭᠴᠢ᠄ | ᠮᠠᠨ ᠤ ᠣᠷᠣᠨ ᠤ ᠡᠶᠢᠮᠦᠷᠬᠦ ᠠᠵᠤ ᠠᠬᠤᠶ ᠶᠢᠨ ᠪᠠᠶᠢᠳᠠᠯ ᠳᠤ ᠠᠷᠭᠠᠴᠠᠬᠤ ᠰᠠᠶᠢᠨ ᠪᠣᠳᠣᠯᠭ᠎ᠠ ᠬᠢᠭᠡᠳ | ᠰᠠᠨᠠᠭᠤᠯᠭ᠎ᠠ ᠪᠠᠶᠢᠨ᠎ᠠ ᠤᠤ︖ | ᠶᠠᠩ ᠴᠧᠨ ᠬᠤᠸᠠ᠄ | ᠮᠢᠨᠤ ᠦᠵᠡᠬᠦ ᠪᠠᠷ ᠳᠤᠤᠷᠠᠬᠢ ᠬᠡᠳᠦᠨ ᠲᠠᠯ᠎ᠠ ᠠᠴᠠ ᠬᠡᠯᠡᠵᠤ ᠪᠤᠯᠤᠨ᠎ᠠ᠃ ︵ᠨᠢᠭᠡ︶ ᠪᠦᠲᠦᠴᠡ ᠶᠢ | ᠲᠤᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠪᠠᠷ᠂ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠬᠦ | ᠬᠦᠴᠦᠨ ᠢ ᠨᠡᠮᠡᠭᠳᠡᠭᠦᠯᠦᠨ᠎ᠡ | ᠨᠢᠭᠡ ᠳᠤ ᠴᠢᠬᠤᠯᠠ ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ᠂ | ᠭᠤᠣᠯᠯᠠᠬᠤ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ ᠴᠢᠩᠭᠠᠷᠠᠭᠤᠯᠤᠨ᠎ᠠ᠃ ᠰᠢᠯᠢ ᠶᠢᠨ ᠭᠤᠤᠯ ᠠᠶᠢᠮᠠᠭ | — ᠱᠠᠨᠳᠦ᠋ᠩ ᠬᠦᠷᠬᠦ᠂ ᠰᠢᠯᠢ ᠶᠢᠨ ᠭᠤᠤᠯ ᠠᠶᠢᠮᠠᠭ — ᠵᠢᠶᠠᠩᠰᠦ ᠬᠦᠷᠬᠦ ᠵᠡᠷᠭᠡ ᠳᠥᠷᠪᠡᠨ ᠵᠦᠢᠯ ᠤᠨ | ᠣᠨᠴᠠ ᠥᠨᠳᠥᠷ ᠬᠦᠴᠦᠳᠡᠯ ᠤᠨ ᠭᠠᠳᠠᠭᠰᠢ ᠬᠦᠷᠭᠡᠬᠦ ᠨᠡᠪᠲᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠨ | ᠂ ᠣᠷᠣᠨ ᠨᠤᠲᠤᠭ ᠤᠨ ᠨᠡᠭᠦᠷᠡᠰᠦᠨ ᠤ ᠠᠵᠤ ᠠᠬᠤᠶᠢᠯᠠᠯ ᠪᠠ ᠲᠠᠪᠤᠨ ᠶᠡᠭᠡ ᠴᠠᠬᠢᠯᠭᠠᠨ ᠭᠠᠷᠭᠠᠬᠤ ᠺᠣᠮᠫᠠᠨᠢ ᠶᠢᠨ | ᠬᠦᠨᠵᠡᠭᠡᠢ ᠬᠤᠷᠰᠢᠯᠴᠠᠭ᠎ᠠ ᠶᠢ ᠲᠦᠯᠬᠢᠨ ᠠᠬᠢᠭᠤᠯᠤᠨ᠎ᠠ᠃ ᠤᠯᠤᠰ ᠠᠴᠠ ᠴᠤᠬᠤᠪᠤᠷᠢᠯᠠᠭᠰᠠᠨ ᠥᠪᠡᠷᠲᠡᠭᠡᠨ ᠵᠠᠰᠠᠬᠤ | ᠣᠷᠣᠨ ᠤ ᠮᠸᠡᠭᠰᠢ ᠶᠢᠨ ᠴᠠᠬᠢᠯᠭᠠᠨ ᠤ ᠲᠣᠣᠷ ᠤᠨ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠶᠢᠨ | ᠥᠭᠡᠷᠡᠴᠢᠯᠡᠯᠲᠡ ᠶᠢᠨ ᠲᠤᠷᠰᠢᠯᠲᠠ ᠪᠠᠷ ᠠᠵᠠ ᠲᠣᠬᠢᠶᠠᠯ ᠪᠣᠯᠭᠠᠨ᠂ ᠴᠠᠬᠢᠯᠭᠠᠨ ᠭᠠᠷᠭᠠᠬᠤ ᠲᠠᠯ᠎ᠠ ᠬᠢᠭᠡᠳ | ᠪᠣᠷᠣᠯᠠᠭᠤᠯᠬᠤ ᠲᠠᠯ᠎ᠠ ᠶᠢᠨ ᠴᠠᠬᠢᠯᠭᠠᠨ ᠤ ᠦᠨ᠎ᠡ ᠶᠢᠨ ᠵᠠᠬ᠎ᠠ ᠳᠡᠯᠭᠡᠭᠦᠷᠴᠢᠯᠡᠯᠲᠡ ᠶᠢ ᠢᠳᠡᠪᠬᠢᠲᠡᠶ ᠪᠠᠷ ᠲᠦᠯᠬᠢᠨ | ᠠᠬᠢᠭᠤᠯᠤᠨ᠎ᠠ᠃ ᠳ᠋ᠠ ᠯᠤ᠋᠂ ᠱᠠᠩᠬᠤ ᠶᠢᠨ ᠰᠦᠮ᠎ᠡ᠂ ᠢᠮᠢᠨ ᠭᠤᠷᠪᠠᠨ ᠣᠳᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ︽ᠤᠯᠤᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯ ᠤᠨ | ᠲᠥᠰᠦᠯ︾ ᠳᠤ ᠤᠷᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠴᠠᠬᠢᠯᠭᠠᠨ | ᠦᠨᠡᠰᠦ ᠬᠥᠩᠭᠡᠨ ᠴᠠᠭᠠᠨ ᠢ ᠨᠢᠭᠡ ᠴᠤᠭᠴᠠᠵᠢᠭᠤᠯᠤᠭᠰᠠᠨ ᠣᠷᠴᠢᠯ ᠠᠵᠤ ᠦᠢᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠬᠥᠭᠵᠢᠭᠦᠯᠬᠦ ᠲᠥᠯᠥᠪᠵᠢᠭᠦᠯᠭᠡ︾ ᠶᠢ ᠤᠯᠤᠰ ᠢᠶᠠᠷ ᠴᠤᠬᠤᠯᠠᠪᠤᠷᠢᠯᠠᠭᠤᠯᠬᠤ ᠪᠠᠷ ᠴᠢᠷᠮᠠᠶᠢᠵᠤ᠂ | ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠨᠤᠨᠲᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ | ᠬᠥᠩᠭᠡᠨᠴᠠᠭᠠᠨ ᠭᠠᠷᠭᠠᠵᠤ ᠠᠪᠬᠤ ᠠᠵᠢᠯ ᠲᠥᠷᠥᠯ ᠤᠨ ᠪᠠᠷᠢᠮᠵᠢᠶᠠᠲᠤ ᠰᠤᠳᠤᠯᠤᠨ ᠦᠢᠯᠡᠳᠬᠦ ᠪᠠ ᠠᠵᠤ ᠦᠢᠯᠡᠰ ᠢ | ᠤᠷᠲᠤᠳᠬᠠᠬᠤ ᠲᠤᠰᠬᠠᠶ ᠵᠦᠢᠯ ᠤᠨ ᠲᠥᠯᠥᠪᠵᠢᠭᠦᠯᠭᠡ ᠶᠢ ᠲᠦᠯᠬᠢᠨ ᠠᠬᠢᠭᠤᠯᠵᠤ᠂ ᠠᠵᠤ ᠦᠢᠯᠡᠰ ᠤᠨ | ᠰᠦᠷᠦᠭᠵᠢᠯ ᠢ ᠲᠦᠷᠭᠡᠳᠭᠡᠨ ᠪᠤᠢ ᠪᠤᠯᠭᠠᠨ᠎ᠠ᠃ ᠬᠤᠶᠠᠷ ᠲᠤ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ | ᠲᠤᠭᠤᠷᠢᠨ ᠳᠤ᠂ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠤᠨ ᠦᠷᠭᠡᠳᠭᠡᠨ᠎ᠡ᠃ ᠮᠡᠷᠭᠡᠵᠢᠯ ᠤᠨ ᠰᠢᠨ᠎ᠡ | ᠡᠭᠦᠳᠦᠯᠲᠡ ᠶᠢᠨ ᠠᠵᠤ ᠦᠢᠯᠡᠰᠴᠢᠯᠡᠬᠦ ᠶᠢ ᠲᠦᠯᠬᠢᠨ ᠠᠬᠢᠭᠤᠯᠬᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ | ᠪᠠᠷ ᠪᠤᠢ ᠪᠤᠯᠤᠭᠰᠠᠨ ᠠᠵᠤ ᠦᠢᠯᠡᠰ ᠤᠨ ᠠᠵᠢᠯᠯᠠᠭ᠎ᠠ ᠶᠢᠨ ᠲᠥᠯᠥᠪᠯᠡᠭᠡ ᠪᠠ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠶᠢ ᠰᠤᠳᠤᠯᠤᠨ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠡᠪᠴᠢᠶᠡᠵᠢᠬᠦ ᠠᠬᠢᠴᠠ ᠶᠢ | ᠲᠦᠷᠭᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ ᠡᠭᠦᠯᠡᠨ ᠪᠣᠳᠣᠯᠲᠠ ᠤᠨ ᠰᠢᠨ᠎ᠡ ᠶᠢ ᠡᠭᠦᠳᠭᠦ ᠠᠵᠢᠯᠯᠠᠭ᠎ᠠ ᠶᠢᠨ | ᠲᠥᠰᠦᠯ ᠪᠤᠯᠤᠨ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠠᠵᠢᠯ ᠤᠨ ᠵᠢᠯᠣᠭᠤᠳᠬᠤ ᠰᠠᠨᠠᠯ ᠢ | ᠢᠳᠡᠪᠬᠢᠲᠠᠢ ᠨᠠᠶᠢᠳᠠᠪᠤᠷᠢᠵᠢᠭᠤᠯᠤᠨ᠂ ᠡᠭᠦᠯᠡᠨ ᠪᠣᠳᠣᠯᠲᠠ ᠶᠢᠨ ᠠᠵᠤ ᠦᠢᠯᠡᠰᠴᠢᠯᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠰᠤᠳᠤᠯᠤᠨ ᠨᠡᠭᠡᠭᠡᠵᠤ ᠵᠢᠷᠤᠭᠯᠠᠨ | ᠲᠦᠯᠦᠪᠯᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠢ ᠶᠡᠭᠡ ᠪᠠᠷ ᠪᠤᠶᠢᠵᠢᠭᠤᠯᠤᠨ᠂ ᠰᠡᠯᠡᠭᠦᠴᠡᠯ ᠵᠢᠭᠤᠯᠴᠢᠯᠠᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ | ᠰᠤᠷᠭᠠᠨ ᠬᠥᠮᠦᠵᠢᠯ ᠰᠤᠶᠤᠯ ᠪᠡᠶ᠎ᠡ ᠶᠢᠨ ᠲᠠᠮᠢᠷ ᠤᠨ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠲᠦᠷᠭᠡᠳᠭᠡᠨ ᠳᠡᠭᠡᠭᠰᠢᠯᠡᠭᠦᠯᠵᠤ᠂ ᠠᠵᠤ ᠦᠢᠯᠡᠰ ᠤᠨ ᠰᠢᠨ᠎ᠡ | ᠲᠤᠯᠭᠠᠭᠤᠷᠢ ᠶᠢ ᠴᠤᠭᠴᠠᠯᠠᠨ᠎ᠠ᠃ | ︵ᠬᠤᠶᠠᠷ︶ ᠥᠪᠡᠷ ᠤᠨ ᠥᠷᠲᠡᠭ ᠢ ᠪᠠᠭᠤᠷᠠᠭᠤᠯᠬᠤ᠂ ᠦᠢᠯᠡᠳᠪᠦᠷᠢᠯᠡᠬᠦ ᠴᠢᠳᠠᠪᠤᠷᠢ ᠶᠢ ᠰᠢᠯᠢᠳᠡᠭᠵᠢᠬᠦᠯᠬᠦ | ᠪᠠᠷ ᠠᠵᠤ ᠠᠬᠤᠶᠢᠯᠠᠯ ᠢ ᠬᠠᠪᠰᠤᠷᠴᠤ ᠪᠡᠷᠬᠡ ᠪᠣᠭᠤᠮᠲᠠ ᠶᠢ ᠳᠠᠪᠠᠨ᠎ᠠ | ᠨᠢᠭᠡ ᠳᠤ ᠭᠠᠶᠢᠯᠢ ᠬᠠᠰᠤᠵᠤ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠪᠠᠨ ᠲᠦᠷᠭᠡᠳᠭᠡᠬᠦ ᠶᠢ ᠲᠡᠳᠭᠦᠭᠦ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠬᠦᠡᠭᠭᠡᠨ ᠱᠠᠯᠠᠮᠠᠭᠠᠢ ᠪᠠᠷ ᠤᠷᠤᠭᠰᠢᠯᠠᠨ | ᠳᠠᠪᠰᠢᠬᠤ ᠳᠤ ᠬᠦᠴᠦ ᠨᠡᠮᠡᠨ᠎ᠡ᠃ ᠡᠯ᠎ᠡ ᠵᠦᠢᠯ ᠤᠨ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠦᠷᠦ ᠶᠢᠨ | ᠪᠣᠳᠣᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠤᠷᠤᠨ ᠪᠠᠶᠢᠷᠢ ᠳᠤᠨᠢ | ᠬᠦᠷᠦᠬᠦᠯᠦᠨ᠂ ︽ᠲᠤᠷ᠎ᠠ ᠪᠠᠷ︾ ᠰᠦᠢᠳᠬᠡᠯ ᠬᠤᠷᠢᠶᠠᠬᠤ ᠶᠢ ᠡᠷᠡᠰ ᠬᠤᠷᠢᠭᠯᠠᠨ᠎ᠠ᠃ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠲᠦᠷᠦᠯ ᠵᠦᠢᠯ ᠪᠤᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠳᠬᠠᠨ᠂ ᠰᠦᠢᠳᠬᠡᠯ ᠬᠤᠷᠢᠶᠠᠬᠤ | ᠬᠡᠰᠡᠭ ᠲᠦᠷᠦᠯ ᠵᠦᠢᠯ ᠤᠨ ᠬᠡᠯᠪᠡᠷᠢ ᠮᠠᠶ᠋ᠢᠭ ᠢᠶᠠᠨ ᠰᠤᠯᠢᠵᠤ ᠳᠠᠬᠢᠨ ᠭᠠᠶᠢᠯᠢ ᠲᠠᠲᠠᠪᠤᠷᠢᠯᠠᠬᠤ ᠶᠢ ᠪᠦᠲᠦᠮᠵᠢᠲᠠᠢ | ᠬᠤᠷᠢᠭᠯᠠᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠪᠠᠶᠢᠭᠤᠯᠬᠤ᠂ ᠥᠪᠡᠷ ᠤᠨ ᠲᠤᠷ᠎ᠠ ᠪᠠᠷ | ᠰᠦᠢᠳᠭᠡᠯ ᠬᠤᠷᠢᠶᠠᠬᠤ ᠪᠠᠷᠢᠮᠵᠢᠶ᠎ᠠ ᠶᠢ ᠦᠪᠡᠷ ᠲᠡᠭᠡᠨ ᠳᠡᠭᠡᠭᠰᠢᠯᠡᠭᠦᠯᠬᠦ ᠵᠡᠷᠭᠡ ᠳᠤᠷ᠎ᠠ ᠪᠠᠷ ᠢᠶᠠᠨ ᠰᠦᠢᠳᠬᠡᠯ | ᠬᠤᠷᠢᠶᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ ᠠᠵᠤ ᠠᠬᠤᠶᠢᠯᠠᠯ ᠤᠨ | ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠴᠠᠬᠢᠯᠭᠠᠨ ᠬᠦᠴᠦᠨ ᠤ ᠣᠯᠠᠨ ᠲᠠᠯ᠎ᠠ ᠪᠠᠷ | ᠠᠷᠠᠯᠵᠢᠶᠠᠯᠠᠬᠤ ᠰᠢᠭᠤᠳ ᠴᠠᠬᠢᠯᠭᠠᠨ ᠬᠠᠩᠭᠠᠬᠤ ᠬᠡᠪᠴᠢᠶ᠎ᠡ ᠪᠠ ᠵᠠᠰᠠᠭ ᠤᠨ ᠣᠷᠳᠣᠨ ᠤ ᠴᠠᠬᠢᠯᠭᠠᠨ ᠤ ᠦᠨ᠎ᠡ ᠶᠢᠨ | ᠨᠥᠬᠦᠪᠥᠷᠢ ᠥᠭᠬᠦ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠨ᠂ ᠤᠯᠤᠰ ᠤᠨ ᠴᠠᠬᠢᠯᠭᠠᠨ ᠤ ᠦᠨ᠎ᠡ ᠶᠢ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠸᠡᠭᠰᠢ ᠶᠢᠨ ᠴᠠᠬᠢᠯᠭᠠᠨ ᠤ ᠲᠤᠤᠷ ᠤᠨ | ᠴᠠᠬᠢᠯᠭᠠᠨ ᠬᠦᠷᠭᠡᠬᠦ ᠪᠠ ᠲᠦᠭᠡᠭᠡᠬᠦ ᠦᠨ᠎ᠡ ᠶᠢᠨ ᠥᠭᠡᠷᠡᠴᠢᠯᠡᠯᠲᠡ ᠪᠠ ᠪᠢᠴᠢᠯ ᠴᠠᠬᠢᠯᠭᠠᠨ ᠤ ᠲᠤᠤᠷ ᠤᠨ ᠲᠤᠷᠰᠢᠯᠲᠠ | ᠬᠢᠬᠦ ᠶᠢ ᠲᠦᠷᠭᠡᠳᠭᠡᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠦᠨ᠎ᠡ ᠶᠢ ᠪᠠᠭᠤᠷᠠᠭᠤᠯᠤᠨ᠎ᠠ᠃ ᠭᠤᠷᠪᠠ ᠳᠤ | ᠨᠡᠭᠦᠷᠡᠰᠦ ᠶᠢ ᠤᠯᠠᠷᠢᠭᠤᠯᠬᠤ ᠠᠵᠤ ᠠᠬᠤᠶᠢᠯᠠᠯ ᠬᠢᠭᠡᠳ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠬᠢᠨ | ᠵᠤᠬᠢᠶᠠᠨ ᠪᠠᠶᠢᠭᠤᠯᠬᠤ ᠶᠢ ᠲᠡᠮᠵᠢᠬᠦ ᠲᠤᠬᠠᠶ ᠦᠪᠡᠷᠲᠡᠭᠡᠨ ᠵᠠᠰᠠᠬᠤ ᠤᠷᠤᠨ ᠤ ᠮᠡᠳᠡᠭᠳᠡᠯ ᠢ ᠨᠠᠶᠢᠳᠠᠪᠤᠷᠢᠵᠢᠭᠤᠯᠵᠤ᠂ | ᠨᠡᠭᠦᠷᠡᠰᠦ ᠤᠯᠠᠷᠢᠭᠤᠯᠬᠤ ᠠᠵᠤ ᠠᠬᠤᠶᠢᠯᠠᠯ ᠪᠤᠯᠤᠨ ᠦᠢᠯᠡᠳᠪᠦᠷᠢᠯᠡᠬᠦ ᠠᠵᠤ ᠠᠬᠤᠶᠢᠯᠠᠯ ᠤᠨ ᠡᠮᠬᠢᠯᠡᠨ ᠨᠡᠶᠢᠯᠡᠭᠦᠯᠵᠦ | ᠳᠠᠬᠢᠨ ᠵᠣᠬᠢᠶᠠᠨ ᠪᠠᠶᠢᠭᠤᠯᠬᠤ ᠶᠢ ᠳᠡᠮᠵᠢᠵᠤ᠂ ᠨᠡᠭᠦᠷᠡᠰᠦ ᠴᠠᠬᠢᠯᠭᠠᠨ ᠬᠢᠮᠢ ᠶᠢᠨ ᠪᠦᠬᠦᠯᠢ ᠴᠣᠭᠴᠠ ᠶᠢᠨ | ᠳᠠᠪᠠᠭᠤᠯᠢᠭ ᠢ ᠪᠤᠢ ᠪᠤᠯᠭᠠᠨ᠂ ᠨᠡᠭᠦᠷᠡᠰᠦᠨ ᠤ ᠠᠵᠢᠯ ᠲᠥᠷᠥᠯ ᠤᠨ ᠰᠡᠷᠭᠦᠭᠡᠯᠲᠡ ᠶᠢᠨ ᠴᠢᠨᠠᠷᠲᠠᠢ ᠨᠡᠮᠡᠭᠳᠡᠯ ᠲᠠᠢ | ᠪᠤᠯᠬᠤ ᠳᠤᠨᠢ ᠬᠠᠪᠰᠤᠷᠤᠨ᠎ᠠ᠃ | ᠬᠦᠲᠦᠯᠦᠭᠴᠢ᠄ | ᠶᠠᠩ ᠡᠷᠬᠢᠯᠡᠭᠴᠢ ᠶᠢᠨ ᠬᠢᠭᠰᠡᠨ ᠮᠠᠨ ᠤ ᠣᠷᠣᠨ ᠤ 2015 ᠣᠨ ᠤ ᠳᠡᠭᠡᠲᠦ ᠬᠠᠭᠠᠰ ᠵᠢᠯ ᠤᠨ ᠠᠵᠤ ᠠᠬᠤᠶ ᠶᠢᠨ | ᠪᠠᠶᠢᠳᠠᠯ ᠤᠨ ᠵᠠᠳᠠᠯᠤᠯᠲᠠ ᠪᠠᠷ ᠳᠠᠮᠵᠢᠭᠠᠳ᠂ ᠪᠢᠳᠡ ᠠᠵᠤ ᠠᠬᠤᠶ ᠶᠢᠨ ᠪᠠᠶᠢᠳᠠᠯ ᠳᠤ ᠤᠶᠢᠯᠠᠭᠠᠯᠲᠠ ᠲᠠᠢ ᠪᠤᠯᠤᠭᠰᠠᠨ | ᠪᠦᠭᠡᠳ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠳᠤ ᠤᠯᠠᠮ ᠢᠲᠡᠭᠡᠯ ᠲᠠᠢ ᠪᠤᠯᠪᠠ᠃ | ᠶᠠᠩ ᠡᠷᠬᠢᠯᠡᠭᠴᠢ ᠶᠢᠨ ᠬᠠᠯᠠᠰᠢᠷᠠᠯ ᠦᠭᠡᠢ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠮᠦᠨᠴᠦ | ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠢᠨ᠎ᠠ︕ ᠴᠠᠭ ᠤᠨ ᠬᠠᠷᠠᠭ᠎ᠠ ᠠᠴᠠ | ᠪᠤᠯᠤᠭᠠᠳ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂ ᠳᠠᠷᠠᠭᠠᠴᠢ ᠶᠢᠨ ᠫᠷᠤᠭ᠍ᠷᠠᠮ ᠳᠤ | ᠪᠠᠶᠠᠷᠲᠠᠶ ᠵᠤᠯᠭᠠᠶ᠎ᠠ︕ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ | ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ | ᠣᠷᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢ ᠰᠤᠳᠤᠯᠬᠤ ᠲᠥᠪ ᠤᠨ ᠡᠷᠬᠢᠯᠡᠭᠴᠢ ᠶᠠᠩ ᠴᠧᠨ ᠬᠤᠸᠠ | ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠡ ᠳᠤ ᠰᠠᠭᠠᠳᠠᠵᠤ ᠪᠠᠶᠢᠭ᠎ᠠ ᠨᠢ | |