ᠪᠦᠬᠦ ᠤᠷᠤᠨ ᠤ ᠤᠷᠳᠤ ᠴᠠᠭᠠᠨ ᠭᠡᠷᠡᠮ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ  ᠯᠢᠦ ᠰᠢᠨ ᠯᠧ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2015/9/14
     9 ᠳ᠋ᠦ᠋ᠭᠡᠷ ᠰᠠᠷ᠎ᠠ ᠶᠢᠨ 11᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠦᠬᠡᠬᠤᠳᠠ ᠳᠤ ᠪᠦᠬᠦ ᠤᠷᠤᠨ ᠤ ᠤᠷᠳᠤ ᠴᠠᠭᠠᠨ ᠭᠡᠷᠡᠮ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ᠂ ᠶᠡᠷᠦᠩᠭᠡᠢ ᠰᠠᠶᠢᠳ ᠯᠢ ᠺᠧ ᠴᠢᠶᠠᠩ᠂ ᠳᠡᠳ᠋ ᠶᠡᠷᠦᠩᠭᠡᠢ ᠰᠠᠶᠢᠳ ᠯᠢᠦ ᠶᠠᠨ ᠳ᠋ᠦᠩ ᠤᠨ ᠤᠷᠳᠤ ᠴᠠᠭᠠᠨ ᠭᠡᠷᠡᠮ ᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠴᠤᠬᠤᠯᠠᠪᠤᠷᠢ ᠪᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠂ ᠵᠠᠰᠠᠭ ᠤᠨ ᠤᠷᠳᠤᠨ ᠤ ᠤᠷᠳᠤ ᠴᠠᠭᠠᠨ ᠭᠡᠷᠡᠮ ᠢ  ᠬᠠᠮᠠᠭᠠᠯᠠᠬᠤ ᠲᠤᠬᠠᠢ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠤᠷᠳᠤ ᠴᠠᠭᠠᠨ ᠭᠡᠷᠡᠮ ᠢ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠦ᠂ ᠡᠯ᠎ᠠ ᠠᠶᠢᠮᠠᠬ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠲᠠᠢ ︽ᠤᠷᠳᠤ ᠴᠠᠭᠠᠨ ᠭᠡᠷᠡᠮ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠪᠢᠴᠢᠭ︾᠎ ᠲᠤ ᠭᠠᠷ ᠤᠨ ᠦᠰᠦᠭ ᠵᠢᠷᠤᠪᠠ᠃      ᠤᠢᠢᠯᠠᠭᠠᠭᠰᠠᠨ ᠢᠶᠠᠷ᠂ ᠮᠠᠨ ᠤ ᠤᠷᠤᠨ ᠤ ᠤᠷᠳᠤ ᠴᠠᠭᠠᠨ ᠭᠡᠷᠡᠮ ᠤᠨ ᠡᠬᠢ ᠪᠠᠶᠠᠯᠢᠭ ᠡᠯᠪᠡᠭ ᠪᠠᠶᠢᠵᠦ᠂ ᠪᠦᠬᠦ ᠤᠯᠤᠰ ᠲᠤ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠂ ᠤᠳᠤᠬᠠᠨ ᠳᠤ ᠪᠠᠶᠢᠯᠳᠤᠭᠠᠨᠳᠦ ᠤᠯᠤᠰ᠂ ᠬᠠᠨ ᠤᠯᠤᠰ᠂ ᠸᠧᠢ ᠤᠯᠤᠰ᠂ ᠰᠦᠩ ᠤᠯᠤᠰ᠂ ᠠᠯᠳᠠᠨ ᠤᠯᠤᠰ᠂ ᠮᠢᠩ ᠤᠯᠤᠰ ᠵᠡᠷᠭᠡ 11 ᠲᠡᠦᠭᠡ ᠶᠢᠨ ᠴᠠᠭ ᠦᠶ᠎ᠠ ᠶᠢᠨ 7570 ᠺᠢᠯᠣᠮᠧᠲᠷ ᠤᠷᠳᠤ ᠴᠠᠭᠠᠨ ᠭᠡᠷᠡᠮ ᠦᠯᠡᠳᠡᠵᠦ᠂ ᠮᠠᠨ ᠤ ᠤᠷᠤᠨ ᠤ 12 ᠠᠶᠢᠮᠠᠬ ᠬᠤᠳᠠ ᠶᠢᠨ 76 ᠬᠤᠰᠢᠭᠤ ᠰᠢᠶᠠᠨ ᠳᠤ ᠲᠠᠷᠬᠠᠵᠦ ᠪᠤᠢ᠃ ᠡᠨᠡ ᠵᠢᠯ ᠮᠠᠨ ᠤ ᠤᠷᠤᠨ ᠪᠦᠬᠦ ᠤᠷᠤᠨ ᠤ ᠤᠷᠳᠤ ᠴᠠᠭᠠᠨ ᠭᠡᠷᠡᠮ ᠢ ᠬᠠᠮᠠᠭᠠᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠢ ᠡᠬᠢᠯᠡᠬᠦᠯᠵᠦ᠂ ︽ᠲᠡᠦᠭᠡ ᠶᠢᠨ ᠲᠤᠷᠠᠰᠬᠠᠯᠳᠦ ᠵᠦᠢᠯᠠᠰ ᠤᠨ ᠤᠤᠯ ᠤᠨ ᠲᠦᠷᠰᠦ ᠪᠠᠶᠢᠳᠠᠯ ᠢ ᠬᠤᠪᠢᠷᠠᠭᠤᠯᠬᠤ ᠦᠭᠡᠢ︾ ᠪᠠ ︽ᠬᠠᠮᠤᠭ ᠤᠨ ᠪᠠᠭ᠎ᠠ ᠭᠡᠮᠵᠢᠶ᠎ᠠ ᠪᠠᠷ ᠭᠠᠷ ᠲᠦᠷᠦᠬᠦ︾ ᠵᠠᠷᠴᠢᠮ ᠢ ᠴᠢᠩᠭ᠎ᠠ ᠵᠢᠷᠤᠮᠯᠠᠵᠦ᠂ ᠦᠨ᠎ᠠ ᠦᠷᠳᠡᠭ ᠪᠠᠷ ᠶᠡᠭᠡ᠂ ᠡᠪᠳᠡᠭᠳᠡᠨ ᠰᠦᠢᠳᠭᠡᠭᠳᠡᠬᠦ ᠠᠶᠤᠯ ᠳᠤ ᠳᠤᠯᠭᠠᠷᠠᠵᠦ ᠪᠠᠶᠢᠭ᠎ᠠ ᠴᠢᠬᠤᠯᠠ ᠭᠠᠵᠠᠷ ᠭᠡᠰᠡᠭ ᠢ ᠤᠷᠢᠳᠠᠪᠠᠷ ᠵᠠᠰᠠᠨ ᠰᠡᠯᠪᠢᠨ᠎ᠠ᠃ ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠭᠡᠯᠪᠡᠷᠢ ᠶᠢ ᠢᠳᠡᠪᠬᠢᠳᠠᠢ ᠰᠦᠪᠡᠭᠴᠢᠯᠡᠵᠦ᠂ ᠤᠷᠳᠤ ᠴᠠᠭᠠᠨ ᠭᠡᠷᠡᠮ ᠢ ᠬᠠᠮᠠᠭᠠᠯᠠᠭᠴᠢ ᠶᠢᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠭᠠᠷᠭᠠᠨ᠂ ︽ᠲᠠᠯ᠎ᠠ ᠨᠤᠳᠤᠭ ᠤᠨ ᠪᠦᠷᠬᠦᠳ︾ ︽ᠮᠤᠷᠢᠨ ᠨᠢᠷᠤᠭᠤᠨ ᠳᠡᠭᠡᠷᠡᠬᠢ ᠲᠡᠦᠭᠡ ᠶᠢᠨ ᠲᠤᠷᠠᠰᠬᠠᠯᠳᠦ ᠵᠦᠢᠯᠠᠰ ᠢ ᠬᠠᠮᠠᠭᠠᠯᠠᠬᠤ ᠠᠩᠬᠢ︾ ᠵᠡᠷᠭᠡ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠶᠡᠭᠡᠪᠡᠷ ᠲᠡᠯᠭᠡᠷᠡᠬᠦᠯᠵᠦ᠂ 3᠎ ᠠᠴᠠ 5 ᠵᠢᠯ ᠤᠨ ᠴᠢᠷᠮᠠᠶᠢᠯᠠᠭ᠎ᠠ ᠪᠠᠷ ᠳᠠᠮᠵᠢᠨ ᠮᠠᠨ ᠤ ᠤᠷᠤᠨ ᠤ ᠤᠷᠳᠤ ᠴᠠᠭᠠᠨ ᠭᠡᠷᠡᠮ ᠢ ᠬᠠᠮᠠᠭᠠᠯᠠᠵᠤ ᠬᠠᠮᠢᠶᠠᠷᠬᠤ ᠠᠵᠢᠯ ᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠬᠦ ᠪᠠᠷ ᠴᠢᠷᠮᠠᠶᠢᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号