ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ | ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠦᠪᠦᠷ ᠮᠤᠩᠭᠤᠯ ᠤᠨ ᠡᠯ᠎ᠡ ᠭᠠᠵᠠᠷ ᠤᠨ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠪᠠᠶᠢᠭᠤᠯᠭ᠎ᠠ ᠪᠤᠳᠠᠲᠠᠢ ᠪᠠᠶᠢᠷᠢᠯᠠᠭᠤᠯᠤᠯᠲᠠ ᠬᠢᠵᠦ᠂ ᠠᠮᠠᠷᠠᠯᠲᠠ ᠶᠢᠨ ᠬᠤᠭᠤᠴᠠᠭᠠᠨ ᠳᠠᠬᠢ ︽ᠳᠥᠷᠪᠡᠨ | ᠰᠤᠷᠲᠠᠯ︾ ᠤᠨ ᠳᠤᠪᠤᠶᠢᠮ᠎ᠠ ᠠᠰᠠᠭᠤᠳᠠᠯ ᠢ ᠲᠥᠪ ᠴᠢᠩᠭ᠎ᠠ ᠪᠠᠶᠢᠴᠠᠭᠠᠨ ᠰᠢᠳᠭᠡᠬᠦ ᠪᠠᠷ ᠪᠠᠶᠢᠨ᠎ᠠ᠃ ᠡᠭᠦᠨ ᠤ | ᠬᠠᠮᠲᠤ᠂ ᠡᠯᠧᠺᠲᠷᠣᠨ ᠪᠡᠯᠡᠭ ᠤᠨ ᠲᠡᠮᠳᠡᠭ᠂ ᠪᠦᠭᠡᠮ ᠢᠶᠠᠷ ᠬᠤᠳᠠᠯᠳᠤᠨ ᠠᠪᠬᠤ᠂ ᠨᠡᠷ᠎ᠡ ᠨᠢ ᠨᠢᠳᠡᠷ ᠳᠡᠭᠡᠨ | ᠨᠡᠶᠢᠴᠡᠬᠦ ᠦᠭᠡᠢ ᠪᠠᠷᠢᠮᠳᠠ ᠬᠢᠯᠭᠡᠬᠦ ᠵᠡᠷᠭᠡ ᠠᠷᠭ᠎ᠠ ᠪᠠᠷᠢᠯ ᠢ ᠠᠰᠢᠭᠯᠠᠨ ᠳᠡᠭᠡᠳᠦ ᠳᠡᠰ ᠤᠨ ᠪᠡᠯᠡᠭ ᠪᠣᠷᠤᠯᠠᠭᠤᠯᠬᠤ ︽ | ᠰᠢᠨ᠎ᠡ ᠠᠷᠭ᠎ᠠ︾ ᠳᠤ ᠴᠢᠭᠯᠡᠭᠦᠯᠵᠦ᠂ ᠡᠨᠡ ᠵᠢᠯ᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠡᠳᠡᠭᠡᠷ | ︽ᠨᠢᠭᠤᠭᠳᠠᠮᠠᠯ︾ ᠢᠯᠵᠠᠷᠠᠮᠠᠯ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠳᠭᠡᠬᠦ ᠪᠤᠯᠤᠨ᠎ᠠ᠃ ᠡᠭᠦᠨ ᠠᠴᠠ | ᠭᠠᠳᠠᠨ᠎ᠠ᠂ ᠬᠤᠶᠠᠷ ᠠᠮᠠᠷᠠᠯᠲᠠ ᠶᠢᠨ ᠬᠤᠭᠤᠴᠠᠭ᠎ᠠ ᠳᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠤᠯᠠᠨ | ᠲᠦᠮᠡᠨ ᠤ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠲᠠ ᠶᠢᠨ ᠠᠷᠠᠳ | ᠳ᠋ᠢᠶᠠᠩᠬᠤᠸᠠ᠂ ᠣᠬᠤᠷ ᠴᠢᠮᠡᠭᠡ᠂ ᠰᠦᠯᠵᠢᠶ᠎ᠡ ᠶᠢᠨ ᠲᠠᠪᠴᠠᠩ ᠢᠶᠠᠷ ᠳᠠᠮᠵᠢᠨ ︽ᠳᠥᠷᠪᠡᠨ ᠰᠤᠷᠲᠠᠯ︾ ᠳᠤ | ᠬᠢᠨᠠᠯᠲᠠ ᠲᠠᠯᠪᠢᠨ ᠢᠯᠡᠴᠢᠯᠡᠨ ᠮᠡᠳᠡᠭᠦᠯᠬᠦ ᠪᠣᠯᠭᠠᠬᠤ ᠬᠡᠷᠡᠭᠲᠡᠢ᠃ |